| ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ | ᠬᠠᠩᠭᠠᠬᠤ ᠶᠢᠨ ᠲᠤᠰᠠᠳᠠ — — ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢᠵᠢᠯ ᠤᠨ | ᠠᠵᠢᠯ ᠤᠨ ᠺᠤᠮᠢᠰ ᠪᠣᠯᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 4 ᠰᠠᠷ᠎ᠠ ᠶᠢᠨ 29 ᠤ ᠡᠳᠦᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠨᠠᠢᠮᠠᠳᠤᠭᠠᠷ ᠤᠳᠠᠭᠠᠨ ᠤ ᠬᠤᠷᠠᠯᠳᠣᠭᠠᠨ ᠢᠶᠠᠷ ᠪᠠᠲᠤᠯᠠᠭᠠᠳ᠂ ᠨᠡᠶᠢᠲᠡᠯᠡᠭᠰᠡᠨ ᠤ ᠳᠠᠷᠠᠭ᠎ᠠ 2021 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠪᠡ᠃ ᠬᠤᠷᠠᠯ ᠤᠨ ᠳᠠᠷᠠᠭ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢᠵᠢᠯ ᠤᠨ | ᠠᠵᠢᠯ ᠤᠨ ᠺᠣᠮᠢᠰ ᠪᠣᠯᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠠᠤᠯᠢ ᠳᠤ ᠨᠠᠷᠢᠨ ᠵᠠᠳᠠᠯᠤᠯᠲᠠ ᠬᠢᠪᠠ᠃ | ᠠᠰᠠᠭᠤᠯᠲᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠲᠣᠭᠲᠠᠭᠠᠨ ᠨᠡᠶᠢᠲᠡᠯᠡᠬᠦ ᠶᠢᠨ ᠴᠢᠬᠤᠯᠠ ᠠᠴᠢ ᠬᠤᠯᠪᠣᠭᠳᠠᠯ ᠢ | ᠬᠡᠷᠬᠢᠨ ᠣᠶᠢᠯᠠᠭᠠᠬᠤ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢᠵᠢᠯ ᠤᠨ ᠠᠵᠢᠯ ᠤᠨ ᠺᠣᠮᠢᠰ ᠤᠨ ᠠᠵᠤ | ᠠᠬᠤᠢ ᠶᠢᠨ ᠬᠠᠤᠯᠢ ᠶᠢᠨ ᠲᠠᠰᠤᠭ ᠤᠨ ᠡᠷᠬᠢᠯᠡᠭᠴᠢ ᠸᠠᠩ ᠷᠦᠢ ᠾᠧ᠄ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠪᠣᠯ ᠰᠢᠨ᠎ᠡ ᠴᠠᠭ ᠦᠶ᠎ᠡ ᠳᠤ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠭᠠᠷᠳᠠᠴᠠ ᠮᠥᠨ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠲᠣᠭᠲᠠᠭᠠᠬᠤ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ︔ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ︽ᠬᠤᠣᠰ ᠵᠠᠭᠤᠨ ᠵᠢᠯ︾ | ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ︔ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ ᠬᠠᠤᠯᠢ ᠪᠠᠷ | ᠵᠠᠰᠠᠬᠤ ᠦᠶ᠋ᠯᠡᠳᠦᠯᠭᠡ ᠶᠢ ᠭᠦᠶ᠋ᠴᠡᠳ ᠳ᠋ᠦᠩᠨᠡᠵᠦ᠂ ᠳᠤᠮᠳᠠᠳᠤ ᠤᠯᠤᠰ ᠤᠨ ᠣᠨᠴᠠᠯᠢᠭ ᠪᠥᠬᠦᠶ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ ᠬᠠᠤᠯᠢ | ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ ᠬᠥᠭᠵᠢᠭᠦᠯᠬᠦ ᠶᠢᠨ ᠴᠢᠬᠤᠯᠠ ᠦᠷ᠎ᠡ ᠪᠦᠲᠦᠭᠡᠯ ᠮᠥᠨ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠲᠣᠭᠲᠠᠭᠠᠨ ᠨᠡᠶᠢᠲᠡᠯᠡᠭᠰᠡᠨ ᠨᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠵᠤ᠂ ᠲᠠᠷᠢᠶᠠᠯᠠᠩ ᠢ ᠪᠦᠬᠦ ᠲᠠᠯ᠎ᠠ ᠪᠠᠷ | ᠲᠡᠰ ᠳᠡᠪᠰᠢᠭᠦᠯᠬᠦ᠂ ᠬᠥᠳᠡᠭᠡ ᠲᠣᠰᠬᠤᠨ ᠤ ᠪᠦᠬᠦ ᠲᠠᠯ᠎ᠠ ᠪᠠᠷ ᠲᠠᠪᠰᠢᠬᠤ᠂ ᠲᠠᠷᠢᠶᠠᠴᠢᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠠᠰᠠᠭᠤᠯᠲᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢᠨ ᠭᠤᠣᠯ ᠣᠨᠴᠠᠯᠢᠭ ᠵᠢᠴᠢ ᠬᠢᠯᠠᠰ ᠴᠡᠭ ᠢ ᠲᠠᠨᠢᠯᠴᠠᠭᠤᠯᠵᠤ | ᠥᠭᠭᠦᠨ᠎ᠡ ᠤᠤ︖ | ᠸᠠᠩ ᠷᠦᠢ ᠾᠧ᠄ ᠡᠩ ᠲᠡᠷᠢᠭᠦᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠰᠢᠨ᠎ᠡ ᠶᠢ ᠡᠭᠦᠳᠬᠦ᠂ ᠵᠣᠬᠢᠴᠠᠩᠭᠤᠢ᠂ | ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠵᠢᠯᠣᠭᠤᠳᠬᠤ ᠦᠵᠡᠯ ᠰᠠᠨᠠᠭ᠎ᠠ ᠪᠣᠯᠭᠠᠶ᠎ᠠ᠃ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠠᠷᠢᠮᠲᠠᠯᠠᠨ᠎ᠠ᠃ | ᠬᠥᠳᠡᠭᠡ ᠲᠣᠰᠬᠤᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ | ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ | ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠢᠮ ᠠᠷᠭ᠎ᠠ ᠬᠡᠮᠵᠢᠶ᠎ᠡ ᠶᠢ ᠪᠦᠬᠦᠯᠢ | ᠴᠣᠭᠴᠠ ᠪᠠᠷ ᠨᠢ ᠪᠠᠶᠢᠷᠢᠯᠠᠭᠤᠯᠪᠠ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠎ᠠ᠃ ᠺᠠᠳ᠋ᠷ ᠤᠨ ᠲᠣᠬᠢᠷᠠᠭᠤᠯᠤᠯᠲᠠ ᠶᠢ | ᠤᠷᠢᠳ ᠢᠶᠠᠷ ᠪᠣᠳᠣᠯᠬᠢᠯᠠᠬᠤ᠂ ᠡᠯᠧᠮᠧᠨ᠋ᠲ ᠤᠨ ᠲᠣᠬᠢᠷᠠᠭᠤᠯᠤᠯᠲᠠ ᠶᠢ ᠤᠷᠢᠳ ᠢᠶᠠᠷ ᠬᠠᠩᠭᠠᠬᠤ᠂ ᠪᠠᠯᠠ ᠮᠥᠩᠭᠦ ᠶᠢᠨ ᠣᠷᠣᠭᠤᠯᠤᠯᠲᠠ ᠶᠢ ᠤᠷᠢᠳ ᠢᠶᠠᠷ ᠪᠠᠲᠤᠯᠠᠬᠤ | ᠂ ᠣᠯᠠᠨ ᠨᠡᠶᠢᠲᠡ ᠶᠢᠨ ᠦᠶ᠋ᠯᠡᠴᠢᠯᠡᠭᠡ ᠶᠢ ᠤᠷᠢᠳ ᠢᠶᠠᠷ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠪᠠᠯᠠ ᠮᠥᠩᠭᠦ ᠶᠢᠨ ᠣᠷᠣᠭᠤᠯᠤᠯᠲᠠ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠵᠡᠷᠭᠡ ᠲᠦᠷᠢᠮ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ | ᠲᠠᠷᠢᠶᠠᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠨ᠎ᠠ᠃ ᠲᠠᠷᠢᠶᠠᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠠᠮᠠᠭᠠᠯᠠᠬᠤ᠂ | ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ | ᠬᠠᠤᠯᠢ ᠴᠠᠭᠠᠵᠠ ᠶᠢ ᠢᠮᠠᠭᠲᠠ ᠲᠤᠭᠤᠰᠢᠯᠠᠭᠤᠯᠵᠤ᠂ ᠲᠠᠷᠢᠶᠠᠴᠢᠳ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠣᠷᠣᠯᠴᠠᠭᠴᠢ᠂ | ᠳᠡᠮᠵᠢᠭᠴᠢ ᠪᠠ ᠠᠰᠢᠭ ᠬᠦᠷᠲᠡᠭᠴᠢ ᠪᠣᠯᠭᠠᠬᠤ ᠪᠤᠯᠤᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠯᠠᠩ ᠬᠥᠳᠡᠭᠡ | ᠲᠣᠰᠬᠤᠨ ᠤ ᠬᠥᠭᠵᠢᠯᠲᠡ ᠶᠢᠨ ᠱᠠᠭᠠᠷᠳᠠᠯᠭ᠎ᠠ ᠪᠠ ᠬᠤᠳᠠ ᠬᠥᠳᠡᠭᠡ ᠶᠢᠨ ᠬᠠᠷᠢᠴᠠᠭᠠᠨ ᠤ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠬᠠᠮᠵᠢᠯᠴᠠᠨ ᠠᠬᠢᠭᠤᠯᠵᠤ᠂ ᠬᠤᠳᠠ ᠬᠥᠳᠡᠭᠡ ᠶᠢᠨ ᠡᠯᠧᠮᠧᠨ᠋ᠲ ᠤᠨ ᠡᠮᠬᠢ ᠵᠢᠷᠤᠮ ᠲᠠᠢ ᠰᠢᠯᠵᠢᠯᠲᠡ᠂ ᠡᠷᠬᠡ ᠲᠡᠭᠰᠢ ᠰᠣᠯᠢᠯᠴᠠᠭ᠎ᠠ ᠪᠠ ᠤᠯᠠᠨ | ᠨᠡᠶᠢᠲᠡ ᠶᠢᠨ ᠡᠬᠢ ᠪᠠᠶᠠᠯᠢᠭ ᠤᠨ ᠲᠡᠩᠴᠡᠭᠦᠷᠢᠲᠡᠢ ᠲᠤᠬᠢᠷᠠᠭᠤᠯᠤᠯᠳᠠ ᠶᠢ ᠠᠬᠢᠭᠤᠯᠤᠨ᠂ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠬᠦ᠂ ᠬᠤᠳᠠ ᠪᠠᠷ | ᠬᠥᠳᠡᠭᠡ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠵᠤ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠳᠠ ᠬᠥᠳᠡᠭᠡ ᠬᠠᠷᠢᠯᠴᠠᠨ | ᠨᠥᠬᠦᠪᠥᠷᠢᠯᠡᠭᠰᠡᠨ᠂ ᠵᠣᠬᠢᠴᠠᠩᠭᠤᠢ ᠬᠥᠭᠵᠢᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ ᠠᠵᠤ ᠦᠢᠯᠡᠳᠪᠦᠷᠢ ᠲᠠᠷᠢᠶᠠᠯᠠᠩ ᠬᠤᠳᠠ ᠬᠥᠳᠡᠭᠡ ᠶᠢᠨ ᠰᠢᠨ᠎ᠡ | ᠬᠡᠯᠪᠡᠷᠢ ᠶᠢᠨ ᠬᠠᠷᠢᠴᠠᠭ᠎ᠠ ᠶᠢ ᠪᠤᠢ ᠪᠣᠯᠭᠠᠬᠤ ᠶᠢ ᠠᠬᠢᠭᠤᠯᠤᠨ᠎ᠠ᠃ | ᠠᠰᠠᠭᠤᠯᠲᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ | ᠪᠠᠷᠢᠮᠲᠠᠯᠠᠬᠤ ᠲᠠᠯ᠎ᠠ ᠪᠠᠷ ᠶᠠᠮᠠᠷ ᠶᠠᠮᠠᠷ ᠲᠣᠭᠲᠠᠭᠠᠯ ᠪᠠ ᠢᠯᠡᠷᠡᠯ ᠪᠠᠶᠢᠬᠤ ᠪᠤᠢ︖ | ᠸᠠᠩ ᠷᠦᠢ ᠾᠧ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠨᠢᠭᠡᠨ ᠲᠣᠮᠣ ᠶᠠᠪᠤᠳᠠᠯ ᠪᠣᠯᠣᠨ᠎ᠠ᠂ | ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠶ᠋ᠴᠡᠳ ᠬᠦᠨᠳᠦᠳᠬᠡᠵᠦ᠂ ᠲᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠳᠠᠶᠢᠴᠢᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠵᠢᠷᠤᠮᠯᠠᠬᠤ ᠴᠢᠬᠤᠯᠠᠲᠠᠢ ᠦᠨᠳᠦᠰᠦᠨ | ᠵᠠᠷᠴᠢᠮ ᠳᠤ᠂ ᠲᠠᠷᠢᠶᠠᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠲᠠᠷᠢᠶᠠᠴᠢᠳ ᠤᠨ ᠠᠷᠠᠳᠴᠢᠯᠠᠯ ᠤᠨ ᠡᠷᠬᠡ ᠪᠠ ᠪᠤᠰᠤᠳ ᠬᠠᠤᠯᠢ | ᠶᠣᠰᠣᠨ ᠤ ᠡᠷᠬᠡ ᠠᠰᠢᠭ ᠢ ᠪᠠᠲᠤᠯᠠᠵᠤ᠂ ᠲᠠᠷᠢᠶᠠᠴᠢᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠠᠵᠤ ᠦᠢᠯᠡᠰ ᠤᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠠᠯ᠎ᠠ ᠪᠠᠷ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠯᠢ ᠤᠯᠠᠨ ᠠᠷᠭ᠎ᠠ ᠬᠡᠮᠵᠢᠶ᠎ᠡ ᠶᠢ ᠲᠣᠭᠲᠠᠭᠠᠵᠤ᠂ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠢ ᠲᠠᠷᠢᠶᠠᠴᠢᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠳᠤ ᠠᠰᠢᠭᠲᠠᠢ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠪᠦᠷᠢᠯᠳᠦᠬᠦᠨ ᠤ ᠬᠠᠮᠲᠤ ᠶᠢᠨ ᠡᠵᠡᠩᠨᠡᠯᠲᠡ ᠶᠢᠨ ᠣᠷᠣᠯᠭ᠎ᠠ ᠠᠴᠠ ᠠᠰᠢᠭ ᠣᠷᠣᠯᠭ᠎ᠠ ᠤᠯᠬᠤ ᠬᠤᠪᠢᠶᠠᠷᠢᠯᠠᠯᠲᠠ ᠶᠢᠨ ᠡᠷᠬᠡ ᠶᠢ ᠪᠠᠲᠤᠯᠠᠬᠤ | ᠬᠡᠷᠡᠭᠲᠡᠢ ᠭᠡᠵᠦ ᠱᠠᠭᠠᠷᠳᠠᠪᠠ᠃ | ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠳᠦᠷᠢᠮ ᠢ | ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠵᠥᠪᠯᠡᠯ ᠤᠨ ᠠᠷᠠᠳᠴᠢᠯᠠᠯ ᠢᠶᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ ᠲᠣᠭᠲᠠᠴᠠ ᠪᠣᠯᠤᠨ ᠲᠣᠰᠬᠤᠨ ᠤ | ᠶᠠᠪᠤᠳᠠᠯ ᠢ ᠢᠯᠡ ᠪᠣᠯᠭᠠᠬᠤ ᠳᠦᠷᠢᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠴᠢᠳᠠᠮᠠᠭᠠᠶ ᠵᠠᠰᠠᠬᠤ ᠬᠥᠳᠡᠭᠡ ᠲᠣᠰᠬᠤᠨ ᠢ ᠪᠠᠶᠢᠭᠤᠯᠤᠨ᠎ᠠ᠃ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠯ᠎ᠠ ᠪᠠᠷ᠂ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠬᠦ ᠲᠣᠳᠣᠷᠬᠠᠶ ᠱᠠᠭᠠᠷᠳᠠᠯᠭ᠎ᠠ ᠶᠢ | ᠳᠤᠷᠠᠳᠴᠤ᠂ ᠬᠥᠳᠡᠭᠡ ᠲᠣᠰᠬᠤᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠰᠠᠭᠤᠷᠢ ᠰᠤᠷᠭᠠᠨ ᠬᠥᠮᠦᠵᠢᠯ ᠪᠠ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ ᠥᠨᠳᠥᠷ ᠬᠡᠪ ᠴᠢᠨᠠᠷ ᠪᠥᠬᠦᠶ ᠲᠠᠷᠢᠶᠠᠴᠢᠨ ᠢ ᠬᠥᠮᠦᠵᠢᠭᠦᠯᠬᠦ᠂ ᠣᠯᠠᠨ ᠨᠡᠶᠢᠲᠡ ᠶᠢᠨ | ᠰᠠᠭᠤᠷᠢ ᠲᠥᠬᠦᠭᠡᠷᠦᠮᠵᠢ ᠶᠢ ᠨᠢᠭᠡᠳᠦᠯᠲᠡᠶ ᠲᠦᠯᠦᠪᠯᠡᠬᠦ ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠤ ᠨᠡᠶᠢᠭᠡᠮ ᠤᠨ ᠦᠶ᠋ᠯᠡᠰ ᠢ ᠬᠥᠭᠵᠢᠭᠦᠯᠬᠦ ᠵᠡᠷᠭᠡ ᠡᠯ᠎ᠡ | ᠲᠠᠯ᠎ᠠ ᠠᠴᠠ ᠪᠣᠳᠠᠲᠠᠶ ᠠᠷᠭ᠎ᠠ ᠬᠡᠮᠵᠢᠶ᠎ᠡ ᠳᠤᠷᠠᠳᠣᠪᠠ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ | ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ | ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠭᠤᠯᠤᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ︔ ᠬᠥᠳᠡᠭᠡ ᠲᠣᠰᠬᠤᠨ ᠤ | ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠡᠮᠡᠭᠲᠡᠶᠢᠴᠦᠳ ᠪᠠ ᠨᠠᠰᠤᠲᠠᠶᠢᠴᠤᠳ ᠵᠢᠴᠢ ᠵᠡᠮᠳᠡᠭᠴᠦᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠨ᠎ᠠ︔ ᠬᠤᠲᠠ ᠳᠤ ᠡᠷᠦᠬᠡ ᠠᠮᠠ ᠤᠷᠤᠭᠰᠠᠨ ᠲᠠᠷᠢᠶᠠᠴᠢᠨ ᠪᠠ ᠬᠥᠯᠥᠰᠥᠨ ᠠᠵᠢᠯᠴᠢᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠳᠡᠭᠡ ᠲᠣᠰᠬᠤᠨ ᠤ ᠣᠷᠣᠨ ᠰᠠᠭᠤᠴᠠ ᠶᠢᠨ | ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ | ᠪᠠᠷᠢᠬᠤ ᠶᠢ ᠴᠢᠩᠭ᠎ᠠ ᠴᠠᠭᠠᠵᠠᠯᠠᠨ᠎ᠠ︔ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠵᠥᠷᠢᠴᠡᠨ | ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠵᠥᠷᠢᠴᠡᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠴᠠᠭᠠᠵᠠᠯᠠᠨ᠎ᠠ︔ ᠬᠥᠳᠡᠭᠡ ᠲᠣᠰᠬᠤᠨ ᠤ | ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ | ᠵᠠᠰᠠᠬᠤ ᠠᠵᠢᠯ ᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | ᠠᠰᠠᠭᠤᠯᠲᠠ᠄ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠤᠯ ᠢᠶᠠᠨ ᠪᠣᠯᠭᠠᠳᠠᠭ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ | ᠮᠥᠨ︾᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠡᠷᠬᠡᠪᠰᠢ ᠪᠠᠲᠤ ᠡᠵᠡᠮᠳᠡᠬᠦ ᠬᠡᠷᠡᠭᠲᠡᠶ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠠᠤᠯᠢ ᠳᠤ ᠡᠭᠦᠨ ᠤ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠤᠯᠢ ᠲᠣᠭᠲᠠᠭᠠᠯ ᠤᠨ ᠵᠤᠷᠭᠠᠨ ᠤ ᠳᠠᠷᠤᠭ᠎ᠠ ᠸᠠᠩ ᠯᠧ ᠵᠢᠶᠦ᠋ᠨ᠄ ᠡᠩ ᠲᠡᠷᠢᠭᠦᠨ ᠳᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠠᠤᠯᠢ ᠪᠠᠷ ᠵᠠᠰᠠᠬᠤ ᠪᠠᠲᠤᠯᠠᠭ᠎ᠠ ᠳᠤ ᠣᠷᠣᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠠᠤᠯᠢ ᠳᠤ᠂ ᠤᠯᠤᠰ ᠠᠴᠠ ᠥᠪᠡᠷ ᠤᠨ ᠬᠢ ᠪᠠᠷ ᠢᠶᠠᠨ ᠭᠤᠣᠯ ᠪᠣᠯᠭᠠᠬᠤ᠂ ᠤᠯᠤᠰ ᠤᠨ ᠳᠣᠲᠣᠭᠠᠳᠤ ᠳᠤ ᠪᠠᠨ ᠰᠠᠭᠤᠷᠢᠯᠠᠬᠤ᠂ | ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ᠂ ᠭᠠᠳᠠᠭᠠᠳᠤ ᠠᠴᠠ ᠵᠣᠬᠢᠰᠲᠠᠢ ᠣᠷᠣᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠲᠤᠯᠭᠠᠭᠤᠷᠢᠯᠠᠭᠤᠯᠤᠭᠰᠠᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠶᠢᠯᠠᠪᠠ᠃ ᠭᠠᠵᠠᠷ ᠰᠢᠷᠤᠢ ᠪᠠᠷ | ᠠᠮᠤ ᠲᠠᠷᠢᠶ᠎ᠠ ᠶᠢ ᠪᠠᠲᠤᠯᠠᠬᠤ᠂ ᠤᠷ᠎ᠠ ᠮᠡᠷᠭᠡᠰᠢᠯ ᠢᠶᠠᠷ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ ᠶᠢ ᠪᠠᠷᠢᠮᠲᠠᠯᠠᠨ᠂ ᠠᠷᠭ᠎ᠠ ᠬᠡᠮᠵᠢᠶ᠎ᠡ ᠠᠪᠴᠤ ᠪᠠᠶᠢᠭᠠᠳ ᠠᠮᠤ | ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠠᠵᠤ ᠦᠢᠯᠡᠰ ᠤᠨ ᠪᠦᠰᠡ ᠶᠢ ᠪᠦᠲᠦᠭᠡᠨ ᠪᠠᠶᠢᠭᠤᠯᠤᠨ᠂ ᠠᠮᠤ ᠪᠤᠳᠠᠭ᠎ᠠ ᠶᠢ ᠦᠨᠳᠦᠰᠦᠨ ᠳᠤ ᠪᠠᠨ ᠦᠪᠡᠰᠦᠪᠡᠨ ᠬᠠᠩᠭᠠᠬᠤ ᠪᠠ ᠬᠦᠨᠡᠰᠦ ᠠᠮᠤ ᠶᠢᠨ ᠬᠠᠷᠢᠴᠠᠯᠠᠰᠢ | ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠳᠠᠷᠠᠭ᠎ᠠ ᠨᠢ᠂ ︽ᠬᠤᠶᠠᠷ ᠴᠢᠬᠤᠯᠠ ᠵᠦᠢᠯ︾ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ ᠲᠤᠯᠭᠠᠭᠤᠷᠢᠯᠠᠯ ᠬᠠᠩᠭᠠᠨ᠎ᠠ᠃ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠲᠠᠷᠢᠶᠠᠨ ᠭᠠᠵᠠᠷ ᠪᠠ ᠦᠷ᠎ᠡ ᠪᠣᠯ ᠵᠠᠩᠭᠢᠯᠠᠭ᠎ᠠ ᠪᠣᠯᠤᠨ᠎ᠠ᠃ ᠬᠠᠤᠯᠢ ᠴᠠᠭᠠᠵᠠ ᠳᠤ ᠤᠯᠤᠰ ᠠᠴᠠ ᠲᠠᠷᠢᠶᠠᠨ ᠭᠠᠵᠠᠷ ᠢ ᠴᠢᠩᠭ᠎ᠠ | ᠬᠠᠮᠠᠭᠠᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠥᠷᠥᠯ ᠬᠡᠯᠪᠡᠷᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠡᠯ᠎ᠡ ᠮᠤᠵᠢ ︵ᠣᠷᠣᠨ᠂ ᠬᠤᠲᠠ︶ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ | ᠬᠠᠰᠤᠭᠳᠠᠬᠤ ᠥᠬᠡᠶ ᠮᠦᠷᠲᠡᠭᠡᠨ ᠶᠠᠰᠤ ᠴᠢᠨᠠᠷ ᠨᠢ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ︔ ᠤᠯᠤᠰ ᠠᠴᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠬᠡᠷᠡᠭᠵᠢᠭᠦᠯᠦᠨ᠎ᠡ ᠭᠡᠵᠦ ᠲᠣᠭᠲᠠᠭᠠᠪᠠ᠃ ᠡᠭᠦᠨ ᠤ ᠬᠠᠮᠲᠤ᠂ ᠤᠯᠤᠰ ᠠᠴᠠ | ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠭᠦᠯᠳᠡᠷ ᠪᠤᠶᠢᠵᠢᠭᠤᠯᠬᠤ ᠰᠠᠭᠤᠷᠢ ᠴᠢᠨᠠᠷᠲᠠᠢ᠂ ᠬᠤᠰᠢᠭᠤᠷᠠᠯ ᠴᠢᠨᠠᠷᠲᠠᠢ ᠪᠠ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠢ ᠲᠡᠮᠵᠢᠵᠤ᠂ | ᠲᠠᠷᠢᠮᠠᠯ ᠤᠨ ᠵᠦᠢᠯ ᠪᠠ ᠮᠠᠯ ᠵᠢᠭᠦᠷᠲᠡᠨ ᠵᠡᠷᠭᠡ ᠰᠠᠶᠢᠨ ᠡᠭᠦᠯᠳᠡᠷ ᠢ ᠪᠤᠶᠢᠵᠢᠭᠤᠯᠬᠤ᠂ ᠡᠭᠦᠯᠳᠡᠷ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠶᠢ ᠬᠡᠷᠡᠭᠵᠢᠭᠦᠯᠵᠦ᠂ ᠠᠮᠢᠳᠤ ᠪᠣᠳᠠᠰ ᠤᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠶᠢ | ᠲᠦᠯᠬᠢᠨ ᠠᠬᠢᠭᠤᠯᠤᠨ᠎ᠠ᠃ | ᠭᠤᠷᠪᠠ ᠳᠤ᠂ ︽ᠭᠤᠷᠪᠠ ᠶᠢ ᠪᠠᠲᠤᠯᠠᠬᠤ︾ ᠶᠢ ᠴᠢᠩᠭᠠᠳᠬᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ | ᠬᠠᠩᠭᠠᠯᠭ᠎ᠠ ᠶᠢ ᠪᠡᠶᠡᠯᠡᠭᠦᠯᠦᠨ᠎ᠡ᠃ ︽ᠭᠤᠷᠪᠠ ᠶᠢ ᠪᠠᠲᠤᠯᠠᠬᠤ︾ ᠪᠣᠯ ᠳᠠᠷᠤᠶ ᠲᠤᠭ᠎ᠠ ᠬᠡᠮᠵᠢᠶ᠎ᠡ ᠶᠢ ᠪᠠᠲᠤᠯᠠᠬᠤ᠂ ᠣᠯᠠᠨ ᠶᠠᠩᠵᠤ ᠶᠢ ᠪᠠᠲᠤᠯᠠᠬᠤ᠂ ᠶᠠᠰᠤ ᠴᠢᠨᠠᠷ ᠢ | ᠪᠠᠲᠤᠯᠠᠬᠤ ᠶᠠᠪᠤᠳᠠᠯ ᠪᠣᠯᠤᠨ᠎ᠠ᠃ ᠬᠠᠤᠯᠢ ᠴᠠᠭᠠᠵᠠ ᠳᠤ᠂ ᠤᠯᠤᠰ ᠠᠴᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠪᠠᠲᠤᠯᠠᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ | ᠲᠠᠷᠢᠶᠠᠯᠠᠩ ᠤᠨ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠬᠦᠭᠵᠢᠭᠦᠯᠦᠨ᠂ ᠠᠮᠤ ᠪᠤᠳᠠᠭ᠎ᠠ ᠪᠣᠯᠤᠨ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠪᠣᠯᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠲᠤᠰᠬᠠᠶᠢᠯᠠᠨ | ᠲᠣᠳᠣᠷᠬᠠᠶᠢᠯᠠᠵᠤ᠂ ᠲᠦᠷᠤᠯ ᠬᠤᠪᠢᠶᠠᠨ ᠪᠠᠲᠤᠯᠠᠬᠤ ᠬᠠᠷᠠᠯᠲᠠ ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠠᠮᠤᠷ ᠲᠦᠪᠰᠢᠨ ᠥᠨᠳᠥᠷ | ᠪᠦᠲᠦᠮᠵᠢᠲᠡᠢ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠢᠰᠲ᠋ᠧᠮ ᠢ ᠪᠠᠶᠢᠭᠤᠯᠤᠨ᠎ᠠ ᠭᠡᠵᠦ ᠲᠣᠭᠲᠠᠭᠠᠪᠠ᠃ | ᠳᠦᠷᠪᠡ ᠳᠤ᠂ ︽ᠭᠤᠷᠪᠠᠨ ᠵᠦᠢᠯ ᠬᠢᠭᠡᠳ ᠨᠢᠭᠡ ᠪᠠᠷᠢᠮᠵᠢᠶ᠎ᠠ︾ ᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠃ 2020 ᠣᠨ ᠤ ᠵᠢᠯ ᠤᠨ ᠡᠴᠦᠰ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠠᠴᠠ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠡᠮᠳᠡᠭ ᠢ | ᠴᠣᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠂ ᠳᠠᠷᠤᠢ ᠰᠢᠨ᠎ᠡ ︽ᠭᠤᠷᠪᠠᠨ ᠵᠦᠢᠯ ᠬᠢᠭᠡᠳ ᠨᠢᠭᠡ | ᠪᠠᠷᠢᠮᠵᠢᠶ᠎ᠠ︾ ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ︽ᠭᠤᠷᠪᠠᠨ ᠵᠦᠢᠯ ᠬᠢᠭᠡᠳ ᠨᠢᠭᠡ ᠪᠠᠷᠢᠮᠵᠢᠶ᠎ᠠ︾ ᠢ | ᠲᠦᠯᠬᠢᠨ ᠠᠬᠢᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠲᠤᠬᠠᠶ ᠲᠣᠳᠣᠷᠬᠠᠶ | ᠲᠣᠭᠲᠠᠭᠠᠯ ᠭᠠᠷᠭᠠᠭᠰᠠᠨ ᠤ ᠬᠠᠮᠲᠤ ᠪᠠᠰᠠ ᠲᠠᠷᠢᠶᠠᠯᠠᠩ ᠤᠨ ᠣᠷᠣᠭᠤᠯᠤᠯᠲᠠ ᠡᠳ᠋ ᠤᠨ ᠬᠡᠷᠡᠭᠯᠡᠯᠲᠡ ᠶᠢ ᠬᠢᠵᠠᠭᠠᠷᠯᠠᠬᠤ ᠱᠠᠭᠠᠷᠳᠠᠯᠭ᠎ᠠ ᠭᠠᠷᠭᠠᠵᠤ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠪᠠ ᠲᠣᠭᠲᠠᠭᠠᠯ ᠢ ᠵᠥᠷᠢᠴᠡᠵᠦ ᠬᠡᠪᠴᠢᠶ᠎ᠡ ᠠᠴᠠ ᠬᠡᠲᠦᠷᠡᠭᠦᠯᠦᠨ᠂ ᠬᠡᠮᠵᠢᠶ᠎ᠡ ᠠᠴᠠ | ᠬᠡᠲᠦᠷᠡᠭᠦᠯᠦᠨ ᠬᠡᠷᠡᠭᠯᠡᠵᠦ ᠪᠣᠯᠬᠤ ᠥᠬᠡᠶ ᠭᠡᠵᠦ ᠲᠣᠭᠲᠠᠭᠠᠵᠠᠶ᠃ | ᠠᠰᠠᠭᠤᠯᠲᠠ᠄ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠬᠤ ᠴᠢᠬᠤᠯᠠ ᠭᠠᠷᠳᠠᠴᠠ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ᠡᠭᠦᠨ ᠤ ᠲᠤᠬᠠᠶ ᠶᠠᠮᠠᠷ | ᠶᠠᠮᠠᠷ ᠲᠣᠭᠲᠠᠭᠠᠯ ᠭᠠᠷᠭᠠᠭᠰᠠᠨ ᠪᠣᠶ︖ | ᠸᠠᠩ ᠯᠧ ᠵᠢᠶᠦ᠋ᠨ᠄ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠡᠭᠦᠷᠭᠡ ᠪᠣᠯᠬᠤ ᠪᠥᠭᠡᠳ ᠪᠠᠰᠠ ᠴᠤ ᠤᠯᠤᠰ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ | ᠴᠢᠬᠤᠯᠠ ᠠᠭᠤᠯᠭ᠎ᠠ ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ᠭᠤᠤᠯᠳᠠᠭᠤ ᠳᠥᠷᠪᠡᠨ ᠲᠠᠯ᠎ᠠ ᠶᠢᠨ ᠲᠣᠭᠲᠠᠭᠠᠯ | ᠭᠠᠷᠭᠠᠪᠠ᠄ | ᠲᠦᠯᠦᠪᠵᠢᠭᠦᠯᠦᠨ ᠬᠥᠲᠥᠯᠥᠨ ᠳᠠᠭᠠᠭᠤᠯᠬᠤ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠤᠷᠢᠳᠠᠪᠠᠷ ᠲᠥᠯᠥᠪᠵᠢᠭᠦᠯᠬᠦ᠂ ᠠᠯᠬᠤᠮ | ᠳᠠᠷᠠᠭ᠎ᠠ ᠲᠠᠢ ᠪᠠᠷ ᠤᠷᠤᠭᠰᠢᠯᠠᠭᠤᠯᠬᠤ ᠶᠢ ᠪᠠᠷᠢᠮᠲᠠᠯᠠᠨ᠂ ᠠᠶᠢᠯ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠠᠶᠢᠯ ᠲᠣᠰᠬᠤᠨ ᠤ | ᠪᠠᠶᠢᠷᠢᠰᠢᠭᠤᠯᠤᠯᠲᠠ ᠶᠢ ᠲᠣᠬᠢᠷᠠᠭᠤᠯᠤᠨ᠂ ᠠᠶᠢᠯ ᠲᠣᠰᠬᠤᠨ ᠤ ᠲᠥᠯᠥᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠠᠶᠢᠯ ᠲᠣᠰᠬᠤᠨ ᠤ | ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠦ ᠲᠤᠳᠤᠷᠬᠠᠶᠢᠯᠠᠪᠠ᠃ ᠡᠭᠦᠨ ᠤ ᠬᠠᠮᠲᠤ᠂ ᠣᠨᠴᠠ ᠵᠠᠷᠢᠮ ᠭᠠᠵᠠᠷ | ᠣᠷᠣᠨ ᠤ ᠨᠡᠶᠢᠯᠡᠵᠦ ᠰᠠᠭᠤᠭᠰᠠᠨ ᠭᠠᠴᠠᠭ᠎ᠠ ᠶᠢᠨ ᠲᠠᠷᠢᠶᠠᠴᠢᠨ ᠤ ᠠᠰᠢᠭ ᠲᠤᠰᠠ ᠶᠢ ᠬᠤᠬᠢᠷᠠᠭᠤᠯᠤᠭᠰᠠᠨ ᠦᠵᠡᠭᠳᠡᠯ ᠳᠤ ᠴᠢᠭᠯᠡᠭᠦᠯᠦᠨ᠂ ᠭᠠᠴᠠᠭ᠎ᠠ ᠲᠣᠰᠬᠤᠨ ᠢ | ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠲᠠᠷᠢᠶᠠᠴᠢᠨ ᠤ ᠬᠦᠰᠡᠯ ᠰᠠᠨᠠᠭ᠎ᠠ ᠠᠴᠠ ᠲᠡᠷᠰᠯᠡᠨ᠂ ᠬᠠᠤᠯᠢ ᠳᠤ ᠲᠣᠭᠲᠠᠭᠠᠭᠰᠠᠨ ᠵᠢᠷᠤᠮ ᠠᠴᠠ ᠵᠥᠷᠢᠴᠡᠨ | ᠭᠠᠴᠠᠭ᠎ᠠ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠴᠠᠭᠠᠵᠠᠯᠠᠨ᠎ᠠ ᠭᠡᠵᠦ ᠲᠣᠭᠲᠠᠭᠠᠵᠠᠢ᠃ | ᠬᠠᠲᠠᠭᠤ ᠲᠣᠨᠤᠭ ᠪᠠᠶᠢᠭᠤᠯᠬᠤ᠃ ᠣᠷᠣᠨ ᠨᠤᠲᠤᠭ ᠤᠨ ᠵᠠᠰᠠᠭ ᠤᠨ ᠣᠷᠳᠣᠨ ᠢ ᠬᠤᠲᠠ ᠬᠥᠳᠡᠭᠡ ᠶᠢᠨ ᠵᠠᠮ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ | ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠭᠠᠮᠰᠢᠭ ᠢ ᠪᠠᠭᠠᠰᠬᠠᠬᠤ ᠵᠡᠷᠭᠡ ᠤᠯᠠᠨ ᠨᠡᠶᠢᠲᠡ ᠶᠢᠨ ᠰᠠᠭᠤᠷᠢ ᠪᠡᠯᠡᠳᠭᠡᠮᠵᠢ ᠪᠣᠯᠤᠨ ᠰᠢᠨ᠎ᠡ ᠬᠡᠯᠪᠡᠷᠢ ᠶᠢᠨ ᠰᠠᠭᠤᠷᠢ | ᠪᠡᠯᠡᠳᠭᠡᠮᠵᠢ ᠶᠢ ᠨᠢᠭᠡᠳᠦᠯᠲᠡᠢ ᠲᠥᠯᠥᠪᠵᠢᠭᠦᠯᠵᠦ᠂ ᠪᠦᠲᠦᠭᠡᠨ ᠪᠠᠶᠢᠭᠤᠯᠤᠨ᠂ ᠬᠠᠮᠢᠶᠠᠷᠤᠨ ᠬᠠᠮᠠᠭᠠᠯᠠᠵᠤ᠂ ᠬᠤᠲᠠ ᠬᠥᠳᠡᠭᠡ ᠶᠢᠨ ᠰᠠᠭᠤᠷᠢ ᠪᠡᠯᠡᠳᠭᠡᠮᠵᠢ ᠶᠢᠨ | ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ︔ ᠵᠠᠰᠠᠭ ᠤᠨ ᠣᠷᠳᠣᠨ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ | ᠲᠠᠷᠢᠶᠠᠴᠢᠳ ᠵᠡᠷᠭᠡ ᠡᠯ᠎ᠡ ᠲᠠᠯ᠎ᠠ ᠶᠢᠨ ᠣᠷᠣᠯᠴᠠᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠴᠤ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ | ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠬᠤᠭ ᠨᠣᠪᠰᠢ ᠪᠠ ᠪᠣᠬᠢᠷ ᠤᠰᠤ ᠶᠢ ᠵᠠᠰᠠᠵᠤ᠂ | ᠠᠷᠢᠭᠤᠨ ᠴᠡᠪᠡᠷ ᠵᠣᠷᠯᠣᠩ ᠢ ᠳᠡᠯᠭᠡᠷᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ | ᠭᠡᠵᠦ ᠱᠠᠭᠠᠷᠳᠠᠪᠠ᠃ | ᠵᠥᠭᠡᠯᠡᠨ ᠲᠣᠨᠤᠭ ᠢ ᠰᠠᠶᠢᠨ ᠠᠳᠬᠤᠬᠤ᠃ ᠬᠥᠳᠡᠭᠡ ᠲᠣᠰᠬᠤᠨ ᠤ ᠨᠡᠶᠢᠭᠡᠮ ᠤᠨ ᠠᠵᠢᠯ ᠦᠢᠯᠡᠰ ᠢ ᠬᠥᠭᠵᠢᠭᠦᠯᠵᠦ᠂ ᠤᠯᠠᠨ ᠨᠡᠶᠢᠲᠡ ᠶᠢᠨ ᠰᠤᠷᠭᠠᠨ ᠬᠥᠮᠦᠵᠢᠯ | ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠡᠬᠢ ᠪᠠᠶᠠᠯᠢᠭ ᠢ ᠬᠥᠳᠡᠭᠡ ᠲᠣᠰᠬᠤᠨ ᠲᠡᠶᠢᠰᠢ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠢ︔ | ᠬᠥᠳᠡᠭᠡ ᠲᠣᠰᠬᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠦᠢᠯᠡᠴᠢᠯᠡᠭᠡᠨ ᠤ ᠪᠠᠶᠢᠭᠤᠯᠤᠮᠵᠢ ᠬᠢᠭᠡᠳ | ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ᠎ᠠ︔ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ | ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠶᠢ ᠳᠡᠮᠵᠢᠬᠦ ᠶᠢᠨ ᠬᠠᠮᠲᠤ ᠪᠠᠰᠠ ᠬᠥᠳᠡᠭᠡ ᠲᠣᠰᠬᠤᠨ ᠤ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠵᠡᠷᠭᠡ ᠨᠡᠶᠢᠭᠡᠮ ᠤᠨ | ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠵᠡᠷᠭᠡ ᠶᠢ ᠬᠥᠭᠵᠢᠭᠦᠯᠬᠦ ᠶᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ᠃ | ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠬᠤ᠃ ᠬᠠᠤᠯᠢ ᠴᠠᠭᠠᠵᠠ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠲᠡᠦᠬᠡ ᠰᠣᠶᠣᠯ ᠤᠨ ᠨᠠᠷᠠᠲᠤ ᠬᠤᠲᠠ | ᠨᠠᠷᠠᠲᠤ ᠪᠠᠯᠭᠠᠰᠤ ᠨᠠᠷᠠᠲᠤ ᠲᠣᠰᠬᠤᠨ᠂ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠳᠦᠷᠰᠦ ᠪᠠᠶᠢᠳᠠᠯ᠂ ᠴᠥᠭᠡᠨ ᠲᠣᠭᠠᠲᠤ ᠦᠨᠳᠦᠰᠦᠲᠡᠨ ᠤ | ᠤᠨᠴᠠᠯᠢᠭᠳᠤ ᠠᠶᠢᠯ ᠲᠣᠰᠬᠤᠨ ᠤ ᠬᠠᠮᠠᠭᠠᠯᠠᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠪᠠᠶᠢᠳᠠᠯ ᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠥᠷᠨᠢᠭᠦᠯᠵᠦ᠂ | ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠤᠨ ᠠᠶᠤᠯ᠂ ᠦᠶᠡᠷ᠂ ᠭᠠᠵᠠᠷ ᠬᠥᠳᠡᠯᠦᠯᠲᠡ ᠵᠡᠷᠭᠡ ᠭᠠᠮᠰᠢᠭ ᠢ ᠰᠡᠷᠭᠡᠶᠢᠯᠡᠬᠦ ᠪᠠ ᠪᠠᠭᠠᠰᠬᠠᠵᠤ᠂ ᠬᠥᠳᠡᠭᠡ ᠲᠣᠰᠬᠤᠨ ᠤ | ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠭᠠᠵᠠᠷ ᠣᠷᠣᠨ᠂ ᠦᠨᠳᠦᠰᠦᠲᠡᠨ ᠪᠠ ᠨᠤᠲᠤᠭ ᠤᠨ ᠣᠨᠴᠠᠯᠢᠭ ᠵᠡᠷᠭᠡ ᠶᠢ ᠢᠯᠡᠷᠡᠭᠦᠯᠬᠦ ᠶᠢ ᠵᠣᠷᠢᠭᠵᠢᠭᠤᠯᠬᠤ | ᠬᠡᠷᠡᠭᠲᠡᠶ ᠭᠡᠵᠦ ᠱᠠᠭᠠᠷᠳᠠᠪᠠ᠃ | ᠠᠰᠠᠭᠤᠯᠲᠠ᠄ ᠬᠠᠤᠯᠢ ᠴᠠᠭᠠᠵᠠ ᠶᠢᠨ ᠠᠮᠢ ᠨᠠᠰᠤ ᠨᠢ ᠬᠡᠷᠡᠭᠵᠢᠭᠦᠯᠬᠦ ᠳᠤ ᠪᠣᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠠᠤᠯᠢ ᠶᠢ ᠨᠡᠶᠢᠲᠡᠯᠡᠭᠰᠡᠨ ᠤ ᠳᠠᠷᠠᠭ᠎ᠠ᠂ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠳ ᠬᠡᠷᠬᠢᠨ ᠲᠡᠭᠦᠨ ᠢ ᠪᠣᠳᠠᠲᠠᠶ ᠳᠤ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠠᠬᠢᠭᠤᠯᠬᠤ ᠪᠣᠶ︖ | ᠸᠠᠩ ᠯᠧ ᠵᠢᠶᠦ᠋ᠨ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠨ᠂ | ᠬᠠᠤᠯᠢ ᠴᠠᠭᠠᠵᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ | ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠶᠢ ᠴᠢᠩᠭᠠᠳᠬᠠᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ | ᠬᠠᠤᠯᠢ ᠴᠠᠭᠠᠵᠠ ᠶᠢ ᠤᠬᠠᠭᠤᠯᠤᠨ ᠬᠡᠷᠡᠭᠵᠢᠭᠦᠯᠬᠦ᠂ ᠬᠠᠪᠰᠤᠷᠤᠨ ᠵᠢᠯᠣᠭᠤᠳᠴᠤ ᠲᠠᠶᠢᠯᠪᠤᠷᠢᠯᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠡᠯ᠎ᠡ ᠭᠠᠵᠠᠷ ᠤᠨ | ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠪᠠ ᠥᠷᠭᠡᠨ ᠣᠯᠠᠨ ᠬᠥᠳᠡᠭᠡ ᠲᠣᠰᠬᠤᠨ ᠤ ᠺᠠᠳ᠋ᠷ ᠣᠯᠠᠨ ᠲᠦᠮᠡᠨ᠂ ᠡᠯ᠎ᠡ ᠲᠥᠷᠥᠯ ᠤᠨ ᠭᠤᠣᠯ | ᠴᠣᠭᠴᠠ ᠶᠢᠨ ᠬᠠᠤᠯᠢ ᠴᠠᠭᠠᠵᠠ ᠶᠢᠨ ᠬᠤᠯᠪᠣᠭᠳᠠᠯ ᠪᠥᠬᠦᠶ ᠲᠣᠭᠲᠠᠭᠠᠯ ᠢ ᠣᠨᠣᠪᠴᠢᠲᠠᠶ ᠤᠶᠢᠯᠠᠭᠠᠨ ᠡᠵᠡᠮᠰᠢᠬᠦ ᠶᠢ ᠵᠢᠯᠣᠭᠤᠳᠤᠨ ᠬᠠᠪᠰᠤᠷᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠬᠠᠤᠯᠢ ᠴᠠᠭᠠᠵᠠ ᠶᠢᠨ ᠬᠡᠯᠪᠡᠷᠢ ᠪᠠᠷ ᠵᠢᠯ ᠪᠦᠷᠢ ᠶᠢᠨ ᠪᠢᠯᠢᠭ ᠤᠨ ᠤᠯᠠᠷᠢᠯ ᠤᠨ ᠨᠠᠮᠤᠷ ᠤᠨ | ᠬᠤᠭᠤᠰ ᠤᠨ ᠡᠳᠦᠷ ᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠡᠳᠦᠷ ᠢᠶᠠᠷ ᠲᠣᠭᠲᠠᠭᠠᠵᠤ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠬᠠᠤᠯᠢ ᠴᠠᠭᠠᠵᠠ ᠶᠢ ᠨᠡᠶᠢᠲᠡᠯᠡᠵᠦ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ ᠤᠨ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠠᠤᠯᠢ ᠶᠣᠰᠣᠭᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠳᠦᠷᠢᠮ ᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ | ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠣᠰᠣᠭᠠᠷ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠲᠣᠭᠲᠠᠭᠠᠬᠤ ᠲᠠᠢ ᠤᠶᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠢᠵᠢ ᠪᠥᠷᠢᠳᠦᠭᠰᠡᠨ | ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠭᠦᠨ ᠤ ᠬᠠᠮᠲᠤ ᠬᠠᠤᠯᠢ ᠲᠣᠭᠲᠠᠭᠠᠬᠤ ᠪᠠᠶᠢᠭᠤᠯᠭ᠎ᠠ ᠲᠠᠢ ᠢᠳᠡᠪᠬᠢᠲᠡᠢ ᠪᠠᠷ ᠬᠠᠮᠵᠢᠯᠴᠠᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠬᠠᠤᠯᠢ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ᠂ ᠤᠷᠭᠤᠮᠠᠯ ᠤᠨ ᠰᠢᠨ᠎ᠡ ᠡᠭᠦᠯᠳᠡᠷ ᠢ | ᠬᠠᠮᠠᠭᠠᠯᠠᠬᠤ ᠳᠦᠷᠢᠮ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠵᠠᠰᠠᠪᠤᠷᠢ ᠣᠷᠣᠭᠤᠯᠵᠤ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠰᠤᠳᠤᠯᠤᠨ ᠲᠣᠭᠲᠠᠭᠠᠨ᠎ᠠ᠃ ᠣᠷᠣᠨ ᠨᠤᠲᠤᠭ ᠢ ᠵᠢᠯᠤᠭᠤᠳᠴᠤ ᠪᠠᠶᠢᠭᠠᠳ | ᠲᠠᠷᠢᠶᠠᠯᠠᠩ ᠤᠨ ᠲᠠᠯ᠎ᠠ ᠶᠢᠨ ᠣᠨᠴᠠᠯᠢᠭ ᠲᠠᠢ ᠬᠠᠤᠯᠢ ᠲᠣᠭᠲᠠᠭᠠᠬᠤ ᠶᠢ ᠲᠦᠷᠭᠡᠳᠬᠡᠵᠦ᠂ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠦᠷᠢᠮ᠂ ᠲᠦᠷᠢᠮ ᠲᠣᠭᠲᠠᠭᠠᠯ ᠢ ᠲᠥᠬᠦᠷᠵᠢᠭᠦᠯᠦᠨ ᠲᠣᠭᠲᠠᠭᠠᠵᠤ | ᠂ ᠬᠠᠤᠯᠢ ᠴᠠᠭᠠᠵᠠ ᠳᠤ ᠲᠣᠭᠲᠠᠭᠠᠭᠰᠠᠨ ᠴᠢᠬᠤᠯᠠ ᠵᠠᠷᠴᠢᠮ ᠪᠣᠯᠤᠨ ᠲᠦᠷᠢᠮ ᠤᠨ ᠱᠠᠭᠠᠷᠳᠠᠯᠭ᠎ᠠ ᠵᠡᠷᠭᠡ ᠶᠢ ᠬᠡᠷᠡᠭᠵᠢᠭᠦᠯᠵᠦ ᠪᠣᠯᠬᠤ᠂ ᠬᠢᠨᠠᠨ ᠰᠢᠯᠭᠠᠵᠤ ᠪᠣᠯᠬᠤ᠂ | ᠨᠠᠶᠢᠳᠠᠪᠤᠷᠢᠵᠢᠭᠤᠯᠵᠤ ᠪᠣᠯᠬᠤ ᠲᠦᠷᠢᠮ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠳᠤ ᠤᠯᠤᠰ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠶᠢ ᠲᠣᠳᠣᠷᠬᠠᠶᠢᠯᠠᠪᠠ᠃ ᠡᠯ᠎ᠡ ᠱᠠᠲᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠯᠭᠠᠨ | ᠬᠢᠨᠠᠵᠤ ᠦᠨᠡᠯᠡᠬᠦ ᠲᠦᠷᠢᠮ᠂ ᠠᠵᠢᠯ ᠤᠨ ᠣᠨ ᠤ ᠮᠡᠳᠡᠭᠦᠯᠦᠯᠲᠡ ᠶᠢᠨ ᠲᠦᠷᠢᠮ ᠪᠠ ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠢᠴᠠ ᠶᠢ ᠪᠤᠰᠤᠳᠴᠢ ᠪᠠᠷ ᠲᠤᠰᠬᠠᠬᠤ ᠭᠦᠶ᠋ᠴᠡᠳᠬᠡᠯ ᠲᠤᠭ᠎ᠠ ᠪᠠ ᠲᠤᠭ᠎ᠠ ᠪᠦᠷᠢᠳᠬᠡᠯ ᠤᠨ ᠰᠢᠰᠲ᠋ᠧᠮ ᠪᠠᠶᠢᠭᠤᠯᠬᠤ | ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠬᠠᠤᠯᠢ ᠴᠠᠭᠠᠵᠠ ᠠᠴᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠬᠤ᠂ ᠬᠤᠷᠸ᠎ᠠ ᠵᠢᠯᠣᠭᠤᠳᠣᠯᠭ᠎ᠠ ᠬᠢᠬᠦ ᠪᠠ ᠪᠥᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠳᠤ ᠬᠢᠨᠠᠯᠲᠠ | ᠲᠠᠯᠪᠢᠬᠤ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠣᠯᠭᠤᠪᠠ᠂ ᠡᠭᠦᠨ ᠤ ᠲᠤᠰᠠᠳᠠ᠂ ᠡᠯ᠎ᠡ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ | ᠮᠥᠴᠢᠷ ᠤᠨ ᠬᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠯᠠᠬᠤ ᠪᠠᠨ ᠰᠠᠶᠢᠲᠤᠷ ᠬᠢᠵᠦ᠂ ᠳᠡᠭᠡᠳᠦ ᠳᠣᠤᠷᠠᠳᠤ ᠱᠠᠲᠤ ᠪᠠᠷ ᠢᠶᠠᠨ | ᠨᠡᠪᠲᠡᠷᠡᠯᠴᠡᠭᠰᠡᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠭᠰᠡᠨ᠂ ᠲᠤᠭᠤᠰᠢᠲᠠᠢ ᠠᠳᠬᠤᠭᠰᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ |