ᠲᠠᠯᠠᠳ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠠᠯᠠᠯᠳᠠ ᠶᠢᠨ ᠰᠢᠰᠲ᠋ᠧᠮ ᠢ ᠡᠭᠢᠯᠡᠨ ᠭᠡᠷᠡᠭᠵᠢᠭᠦᠯᠵᠠᠢ
ᠨᠡᠶᠢᠲᠡᠯᠡᠭᠰᠡᠨ ᠴᠠᠭ᠄
2021/9/14
              ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠩᠬᠤᠪᠴᠢ ᠶᠢᠨ ᠦᠢᠯᠡᠴᠢᠯᠡᠭᠡᠨ ᠤ ᠠᠵᠢᠯᠯᠠᠭ᠎ᠠ ᠶᠢ ᠴᠢᠨᠠᠬᠰᠢᠳᠠ ᠲᠦᠷᠢᠮᠵᠢᠭᠦᠯᠦᠨ᠂ ᠠᠵᠤ ᠠᠬᠤᠢᠢᠯᠠᠯ ᠪᠠ ᠤᠯᠠᠨ ᠲᠦᠮᠠᠨ ᠳᠤ ᠨᠠᠩ ᠰᠠᠶᠢᠨ ᠦᠢᠯᠡᠴᠢᠯᠡᠭᠡ ᠭᠦᠷᠳᠡᠭᠡᠭᠦ ᠶᠢᠨ ᠲᠤᠰᠠᠳᠠ᠂ ᠲᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠠᠯᠠᠯᠳᠠ ᠭᠢᠭᠦ︾ ᠰᠢᠰᠲ᠋ᠧᠮ ᠤᠢᠢᠷ᠎ᠠ ᠳᠤ ᠵᠢᠩᠭᠢᠨᠢ ᠪᠠᠷ ᠠᠰᠢᠬᠯᠠᠯᠳᠠ ᠳᠤ ᠤᠷᠤᠪᠠ᠃     ︽ᠰᠠᠶᠢᠨ ᠮᠠᠭᠤ ᠦᠨᠠᠯᠠᠯᠳᠠ ᠭᠢᠭᠦ︾ ᠰᠢᠰᠲ᠋ᠧᠮ ᠨᠢ ᠭᠤᠤᠯᠳᠠᠭᠤ ᠠᠬᠤᠢ ᠲᠠᠯᠠᠪᠠᠢ ᠳᠤ ᠦᠨᠠᠯᠠᠯᠳᠠ ᠭᠢᠭᠦ᠂ ᠰᠦᠯᠵᠢᠶᠡᠨ ᠲᠡᠭᠡᠷ᠎ᠠ ᠦᠨᠠᠯᠠᠯᠳᠠ ᠭᠢᠭᠦ ᠪᠠᠷ ᠭᠤᠤᠯ ᠪᠤᠯᠭᠠᠵᠤ᠂ ᠦᠨᠠᠯᠠᠯᠳᠠ ᠶᠢᠨ ᠦᠷ᠎ᠠ ᠳ᠋ᠦᠡᠭ ᠢ ︽ᠲᠦᠢᠯ ᠤᠨ ᠬᠠᠨᠤᠮᠵᠢᠳᠠᠢ︾᠂ ︽ᠬᠠᠨᠤᠮᠵᠢᠳᠠᠢ︾᠂ ︽ᠦᠨᠳᠦᠰᠦᠨ ᠳᠡᠭᠡᠨ ᠬᠠᠨᠤᠮᠵᠢᠳᠠᠢ︾᠂ ︽ᠬᠠᠨᠤᠮᠵᠢ ᠦᠭᠡᠢ︾᠂ ︽ᠲᠦᠢᠯ ᠤᠨ ᠬᠠᠨᠤᠮᠵᠢ ᠦᠭᠡᠢ︾ ᠭᠡᠬᠦ 5 ᠲᠡᠰ ᠲᠤ ᠬᠤᠪᠢᠶᠠᠵᠤ᠂ ᠦᠨᠠᠯᠠᠯᠳᠠ ᠶᠢᠨ ᠦᠷ᠎ᠠ ᠳ᠋ᠥᠡᠭ ᠢ ᠦᠪᠡᠷᠳᠡᠭᠡᠨ ᠵᠠᠰᠠᠬᠤ ᠤᠷᠤᠨ ᠤ ︽ᠰᠠᠶᠢᠨ ᠮᠠᠭᠤ ᠦᠨᠠᠯᠠᠯᠳᠠ ᠭᠢᠭᠦ︾ ᠰᠢᠰᠲᠧᠮ ᠤᠨ ᠲᠠᠪᠴᠠᠩ ᠲᠠᠢ ᠵᠤᠯᠭᠠᠯᠴᠠᠭᠤᠯᠤᠨ᠂ ᠤᠯᠠᠨ ᠲᠦᠮᠠᠨ ᠤ ︽ᠬᠠᠨᠤᠮᠵᠢ ᠦᠭᠡᠢ︾ ᠪᠠ ︽ᠲᠦᠢᠯ ᠤᠨ ᠬᠠᠨᠤᠮᠵᠢ ᠦᠭᠡᠢ︾ ᠦᠨᠠᠯᠠᠯᠳᠠ ᠶᠢ ᠠᠰᠠᠭᠤᠨ ᠰᠤᠷᠪᠤᠯᠵᠢᠯᠠᠬᠤ᠂ ᠬᠠᠷᠭᠤᠭᠤᠯᠬᠤ᠂ ᠴᠡᠭᠴᠡᠯᠡᠨ ᠰᠠᠶᠢᠵᠢᠷᠠᠭᠤᠯᠬᠤ᠂ ᠬᠠᠷᠢᠭᠤ ᠲᠤᠰᠬᠠᠬᠤ ᠲᠤᠬᠳᠠᠴᠠ ᠶᠢ ᠲᠤᠬᠳᠠᠭᠠᠬᠤ ᠪᠤᠯᠤᠨ᠎ᠠ᠃      ︽ᠰᠠᠶᠢᠨ ᠮᠠᠭᠤ ᠦᠨᠠᠯᠠᠯᠳᠠ ᠭᠢᠭᠦ︾ ᠰᠢᠰᠲ᠋ᠧᠮ ᠢ ᠡᠭᠢᠯᠡᠨ ᠭᠡᠷᠡᠭᠯᠡᠭᠰᠡᠨ ᠠᠴᠠ ᠨᠠᠭᠠᠰᠢ᠂ 48352 ᠦᠨᠠᠯᠠᠯᠳᠠ ᠶᠢ ᠬᠤᠷᠢᠶᠠᠨ ᠤᠯᠵᠤ᠂ ᠰᠠᠶᠢᠨ ᠦᠨᠠᠯᠠᠯᠳᠠ ᠶᠢᠨ ᠨᠤᠷᠮ᠎ᠠ 100% ᠳᠤ ᠭᠦᠷᠪᠡ᠃ ︽ᠰᠠᠶᠢᠨ ᠮᠠᠭᠤ ᠦᠨᠠᠯᠠᠯᠳᠠ ᠭᠢᠭᠦ︾ ᠰᠢᠰᠲ᠋ᠧᠮ ᠢ ᠡᠭᠢᠯᠡᠨ ᠭᠡᠷᠡᠭᠵᠢᠭᠦᠯᠦᠭᠰᠡᠨ ᠨᠢ ᠠᠵᠤ ᠠᠬᠤᠢᠢᠯᠠᠯ᠂ ᠤᠯᠠᠨ ᠲᠦᠮᠠᠨ ᠪᠠ ᠴᠤᠩᠬᠤᠪᠴᠢ ᠶᠢᠨ ᠠᠵᠢᠯᠳᠠᠨ ᠳᠤ ᠤᠭᠢ ᠰᠠᠶᠢᠨ ᠭᠦᠭᠦᠷᠭᠡ ᠬᠤᠯᠪᠤᠭᠠᠰᠤ ᠪᠤᠯᠵᠤ᠂ ᠴᠤᠩᠬᠤᠪᠴᠢ ᠶᠢᠨ ᠠᠵᠢᠯᠳᠠᠨ ᠤ ᠦᠢᠯᠠ ᠠᠵᠢᠯᠯᠠᠭ᠎ᠠ ᠶᠢ ᠴᠢᠨᠠᠬᠰᠢᠳᠠ ᠲᠦᠷᠢᠮᠵᠢᠭᠦᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠢ ᠲᠦᠷᠭᠦ ᠪᠠ ᠤᠯᠠᠨ ᠲᠦᠮᠠᠨ ᠤ ᠤᠷᠤᠯᠴᠠᠬᠤ ᠭᠡᠮᠵᠢᠶ ᠎ᠠ᠂ ᠬᠠᠨᠤᠮᠵᠢ ᠶᠢᠨ ᠭᠡᠮᠵᠢᠶ᠎ᠠ ᠶᠢ ᠲᠡᠭᠡᠭᠰᠢᠯᠡᠭᠦᠯᠭᠦ ᠪᠤᠯᠤᠨ᠎ᠠ᠃ 
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ