ᠮᠠᠨ ᠤ ᠬᠤᠲᠠ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2021/9/14
                        9 ᠰᠠᠷ ᠎ᠡ ᠶᠢᠨ 8 ᠤ ᠡᠳᠤᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠢᠨ᠎ᠡ ᠪᠠᠷ ᠨᠡᠶᠢᠲᠡᠯᠡᠭᠰᠡᠨ ︽ᠣᠷᠳᠣᠰ ᠬᠤᠲᠠ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠨᠤᠭᠤᠳ︾ ︵︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠧ ᠰᠢ ᠸᠧᠨ᠂ ᠬᠤᠲᠠ ᠶᠢᠨ ᠤᠳᠤᠷᠢᠳᠤᠯᠭ᠎ᠠ ᠡᠷᠳᠡᠨᠢᠪᠢᠯᠢᠭ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠱᠧ ᠰᠢ ᠸᠧᠨ ︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠢ ᠨᠡᠶᠢᠲᠡᠯᠡᠭᠰᠡᠨ ᠠᠬᠤᠶ ᠪᠠᠶᠢᠳᠠᠯ᠂ ᠭᠤᠤᠯ ᠣᠨᠴᠠᠯᠢᠭ ᠪᠠ ᠬᠠᠷᠢᠴᠠᠩᠭᠤᠢ ᠳᠠᠪᠠᠭᠤᠯᠢᠭ ᠢ ᠲᠠᠨᠢᠯᠴᠠᠭᠤᠯᠪᠠ᠃ ᠡᠷᠳᠡᠨᠢᠪᠢᠯᠢᠭ ︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠤᠨ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ᠶᠢᠨ ᠲᠤᠬᠠᠶ ᠲᠠᠶᠢᠯᠤᠮᠵᠢ ᠬᠢᠪᠠ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠣᠰ ᠲᠣᠰ ︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠤᠨ ᠬᠠᠮᠢᠶ᠎ᠠ ᠪᠥᠬᠦᠶ ᠢᠵᠢ ᠪᠥᠷᠢᠳᠦᠭᠦᠯᠦᠭᠰᠡᠨ ᠠᠷᠭ᠎ᠠ ᠶᠢ ᠲᠠᠨᠢᠯᠴᠠᠭᠤᠯᠪᠠ᠃       ︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠨᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠢ ᠬᠥᠮᠦᠵᠢᠭᠦᠯᠬᠦ ᠶᠢ ᠵᠡᠷᠭᠡ ᠪᠠᠷ ᠬᠦᠭᠵᠢᠬᠦᠯᠬᠦ᠂ ᠳᠡᠭᠡᠳᠦ ᠲᠠᠰ ᠤᠨ ᠴᠢᠳᠠᠪᠤᠷᠢᠲᠠᠨ ᠪᠠ ᠬᠡᠷᠡᠭᠯᠡᠭᠡᠨ ᠤ ᠴᠢᠳᠠᠪᠤᠷᠢᠲᠠᠨ ᠢ ᠵᠡᠷᠭᠡ ᠪᠠᠷ ᠴᠢᠬᠤᠯᠠᠴᠢᠯᠠᠬᠤ᠂ ᠠᠵᠤ ᠦᠶ᠋ᠯᠡᠰ ᠤᠨ ᠲᠠᠰ ᠳᠡᠪᠰᠢᠬᠦ ᠪᠠ ᠨᠡᠶᠢᠭᠡᠮ ᠤᠨ ᠠᠵᠢᠯ ᠦᠶ᠋ᠯᠡᠰ ᠤᠨ ᠬᠥᠭᠵᠢᠯᠲᠡ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠪᠥᠬᠦ ᠬᠡᠯᠬᠢᠶ᠎ᠡ ᠪᠥᠬᠦ ᠦᠶᠡᠯᠡᠯ ᠤᠨ ᠬᠤᠭᠤᠴᠠᠭ᠎ᠠ ᠳᠤ ᠬᠠᠨᠳᠤᠭᠤᠯᠤᠨ᠂ ᠲᠥᠷᠥ ᠶᠢᠨ ᠪᠣᠳᠣᠯᠭ᠎ᠠ ᠰᠠᠶᠢᠨ᠂ ᠭᠦᠴᠦᠯᠠᠴᠠ ᠴᠢᠩᠭ᠎ᠠ᠂ ᠲᠠᠰ ᠳᠠᠪᠬᠤᠷᠭ᠎ᠠ ᠣᠯᠠᠨ᠂ ᠠᠷᠭ᠎ᠠ ᠬᠡᠯᠪᠡᠷᠢ ᠠᠮᠢᠳᠤᠯᠢᠭ᠂ ᠨᠠᠩ ᠢᠯᠡᠭᠦᠦ ᠬᠠᠷᠢᠴᠠᠩᠭᠤᠢ ᠳᠠᠪᠠᠭᠤᠯᠢᠭ ᠲᠠᠢ ᠲᠥᠷᠥ ᠶᠢᠨ ᠪᠣᠳᠣᠯᠭ᠎ᠠ ᠶᠢ ᠬᠦᠴᠦᠯᠡᠨ ᠪᠣᠶ ᠪᠣᠯᠭᠠᠪᠠ᠃ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠴᠢᠩᠭᠠᠳᠬᠠᠬᠤ ᠲᠠᠢ ᠤᠶᠠᠯᠳᠤᠭᠤᠯᠤᠨ᠂ ᠴᠢᠳᠠᠪᠤᠷᠢᠲᠠᠨ ᠤ ᠠᠴᠢᠶᠠᠯᠠᠪᠤᠷᠢ ᠶᠢᠨ ᠲᠠᠪᠴᠠᠩ ᠢ ᠪᠠᠶᠢᠭᠤᠯᠵᠤ᠂ ᠴᠢᠳᠠᠪᠤᠷᠢᠲᠠᠨ ᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠴᠢᠳᠠᠪᠤᠷᠢᠲᠠᠨ ᠢ ᠤᠷᠢᠳ ᠢᠶᠠᠷ ᠬᠥᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠴᠢᠳᠠᠪᠤᠷᠢᠲᠠᠨ ᠤ ᠰᠢᠨ᠎ᠡ ᠲᠦᠷᠦ ᠶᠢᠨ ᠪᠤᠳᠤᠯᠭ᠎ᠠ ᠳᠤ ᠠᠯᠢ ᠤᠯᠠᠨ ︽ᠲᠦᠷᠦ ᠶᠢᠨ ᠪᠤᠳᠤᠯᠭ᠎ᠠ ᠶᠢᠨ ᠬᠦᠨᠡᠰᠦ︾ ᠶᠢ ᠳᠤᠷᠠᠳᠤᠨ ᠭᠠᠷᠭᠠᠪᠠ᠃   ᠲᠡᠷᠢᠭᠦᠨ ᠵᠡᠷᠭᠡ ᠶᠢᠨ ᠴᠢᠳᠠᠪᠤᠷᠢᠲᠠᠨ ᠪᠠ ᠪᠦᠯᠬᠦᠮ ᠢ ᠶᠡᠭᠡ ᠪᠠᠷ ᠣᠷᠣᠭᠤᠯᠤᠨ ᠠᠪᠴᠢᠷᠠᠨ᠎ᠠ᠃ ᠣᠷᠦ᠋ᠢᠯᠠᠭᠰᠠᠨ ᠴᠢᠳᠠᠪᠤᠷᠢᠲᠠᠨ ᠤ ᠪᠦᠯᠬᠦᠮ ᠤᠨ ︽ᠨᠢᠭᠡ ᠤᠴᠢᠷ ᠢ ᠨᠢᠭᠡ ᠵᠥᠪᠯᠡᠬᠦ︾ ᠳᠤ ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠲᠤᠰᠠᠯᠠᠮᠵᠢ ᠣᠯᠭᠤᠵᠤ᠂ ᠬᠤᠲᠠ ᠶᠢᠨ ᠲᠠᠰ ᠤᠨ ᠰᠢᠨ᠎ᠡ ᠶᠢ ᠡᠭᠦᠳᠬᠦ ᠦᠶ᠋ᠯᠡᠰ ᠪᠦᠲᠦᠭᠡᠬᠦ ᠴᠢᠳᠠᠪᠤᠷᠢᠲᠠᠨ ᠢᠶᠠᠷ ᠦᠨᠡᠯᠡᠭᠳᠡᠭᠰᠡᠨ ᠪᠦᠯᠬᠦᠮ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠦᠵᠡᠭᠦᠯᠤᠨ᠎ᠡ᠃ ᠣᠷᠳᠣᠰ ᠲᠤ ᠠᠵᠢᠯᠯᠠᠵᠤ ᠪᠠᠶᠢᠭ᠎ᠠ ︽ᠲᠩᠷᠢᠯᠢᠭ ᠬᠥᠪᠡᠭᠦᠨ ᠴᠢᠳᠠᠪᠤᠷᠢᠲᠠᠨ︾᠂ ︽ᠲᠠᠯ᠎ᠠ ᠨᠤᠲᠤᠭ ᠤᠨ ᠴᠢᠳᠠᠪᠤᠷᠢᠲᠠᠨ︾᠂ ︽ᠣᠷᠳᠣᠰ ᠤᠨ ᠴᠢᠳᠠᠪᠤᠷᠢᠲᠠᠨ︾᠂ ︽ᠵᠠᠯᠠᠭᠤ ᠰᠢᠯᠢᠳᠡᠭ ᠴᠢᠳᠠᠪᠤᠷᠢᠲᠠᠨ︾ ᠳᠤ ᠲᠣᠰ ᠲᠣᠰ 40 ᠲᠦᠮᠡᠨ ᠲᠥᠭᠦᠷᠢᠭ᠂ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠠᠵᠢᠯ ᠤᠨ ᠨᠥᠬᠦᠪᠥᠷᠢ ᠣᠯᠭᠤᠨ᠎ᠠ᠃ ᠠᠮᠢᠳᠤᠯᠢᠭ ᠢᠶᠠᠷ ᠤᠷᠢᠵᠤ ᠣᠷᠣᠭᠤᠯᠤᠭᠰᠠᠨ ᠳᠡᠭᠡᠲᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠠᠮᠤᠭ ᠥᠨᠳᠥᠷ ᠲᠡᠭᠡᠨ 5 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠢ ᠬᠦᠷᠲᠡᠵᠦ ᠪᠣᠯᠤᠨ᠎ᠠ᠃    ᠠᠵᠤ ᠦᠢᠯᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠬᠦᠴᠦᠨ ᠨᠡᠮᠡᠷᠢᠯᠡᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠶ᠋ᠯᠡᠰ ᠤᠨ ᠬᠠᠮᠢᠶ᠎ᠠ ᠪᠥᠬᠦᠶ ᠠᠵᠤ ᠠᠬᠤᠶᠢᠯᠠᠯ ᠤᠨ ᠣᠷᠣᠭᠤᠯᠤᠨ ᠠᠪᠴᠢᠷᠠᠭᠰᠠᠨ ᠳᠡᠭᠡᠳᠦ ᠲᠠᠰ ᠤᠨ ᠴᠢᠳᠠᠪᠤᠷᠢᠲᠠᠨ ᠪᠠ ᠵᠢᠩᠭᠢᠨᠢ ᠠᠩᠭᠢ ᠶᠢᠨ ᠰᠣᠷᠣᠭᠴᠢ ᠳᠤ ᠲᠣᠰ ᠲᠣᠰ 10 ᠲᠦᠮᠡᠨ ᠲᠥᠭᠦᠷᠢᠭ ᠪᠠ 1 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ᠃ ᠬᠤᠲᠠ ᠶᠢᠨ ᠱᠠᠲᠤᠨ ᠠᠴᠠ ᠳᠡᠭᠡᠭᠰᠢᠬᠢ ᠤᠷ᠎ᠠ ᠮᠡᠷᠭᠡᠵᠢᠯ ᠤᠨ ᠴᠢᠳᠠᠪᠤᠷᠢᠲᠠᠨ ᠤ ᠱᠠᠩᠨᠠᠯ ‍ᠤᠨ‌‍ᠲ᠋ᠥ᠋ᠷᠥᠯ ᠵᠦᠶ᠋ᠯ ᠪᠤᠶᠤ ᠢᠷᠠᠭᠤ ᠠᠯᠳᠠᠷ ᠢ ᠭᠥᠷᠳᠡᠭᠰᠡᠨ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠳᠤ ᠬᠠᠮᠤᠭ ‍ᠤᠨ‌ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠂ ᠤᠷ᠎ᠠ ᠮᠡᠷᠭᠡᠵᠢᠯ ᠢᠶᠠᠷ ᠥᠨᠳᠥᠷ᠂ ᠬᠤᠪᠢ ᠨᠡᠮᠡᠷᠢ ᠪᠠᠷ ᠶᠡᠭᠡ ᠰᠦᠯᠵᠢᠶᠠᠨ ᠪᠤᠯᠵᠤᠭᠠᠲᠦ ᠬᠦᠷᠭᠡᠭᠴᠢ᠂ ᠨᠠᠰᠤᠳᠠᠨ ᠤ ᠠᠰᠠᠷᠠᠭᠴᠢ ᠵᠡᠷᠭᠡ ᠰᠢᠨ᠎ᠡ ᠪᠠᠷ ᠪᠤᠢ ᠪᠤᠯᠤᠬᠰᠠᠨ ᠠᠵᠢᠯ ᠮᠡᠷᠭᠡᠵᠢᠯ ᠤᠨ ᠪᠠᠴᠢᠮ ᠬᠡᠷᠡᠭᠴᠡᠭᠡ ᠲᠠᠢ᠂ ᠳᠤᠲᠠᠭᠳᠠᠵᠤ ᠪᠠᠶᠢᠭ᠎ᠠ ᠴᠢᠳᠠᠪᠤᠷᠢᠲᠠᠨ ᠰᠢᠯᠭᠠᠷᠠᠭᠤᠯᠤᠯᠳᠠ ᠪᠠᠷ ᠳᠡᠮᠵᠢᠭᠤᠯᠤᠨ ᠱᠠᠩᠨᠠᠯ ᠲᠡᠳᠭᠦᠮᠵᠢ ᠶᠢ ᠭᠦᠷᠳᠡᠵᠤ ᠪᠤᠯᠤᠨ᠎ᠠ᠃       ᠰᠢᠯᠢᠳᠡᠭ ᠵᠠᠯᠠᠭᠤ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠨᠥᠭᠡᠴᠡ ᠶᠢ ᠴᠢᠩᠭᠠᠳᠬᠠᠨ᠎ᠠ᠃ ᠳ᠋ᠣᠺᠲ᠋ᠣᠷ ᠤᠨ ᠰᠢᠨ᠎ᠡ ᠶᠢ ᠡᠭᠦᠳᠬᠦ ᠴᠢᠳᠠᠪᠤᠷᠢᠲᠠᠨ ᠬᠠᠮᠤᠭ ᠥᠨᠳᠥᠷ ᠲᠡᠭᠡᠨ 30 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠭᠤᠶᠤᠴᠢᠯᠠᠵᠤ ᠪᠣᠯᠤᠨ᠎ᠠ᠂ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠶᠢᠨ ᠫᠤᠰᠲ ᠳ᠋ᠣᠺᠲ᠋ᠣᠷ 10 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠥᠷᠢ ᠭᠥᠷᠳᠡᠵᠦ ᠪᠣᠯᠤᠨ᠎ᠠ᠃ ︽ᠢᠷᠡᠭᠡᠳᠦᠢ ᠶᠢᠨ ᠣᠳᠣᠨ︾ ᠰᠡᠳᠦᠪ ᠢ ᠲᠤᠰᠠᠯᠠᠬᠤ ᠲᠥᠯᠥᠪᠯᠡᠭᠡ ᠶᠢ ᠬᠡᠷᠡᠭᠵᠢᠭᠦᠯᠵᠦ᠂ ᠰᠣᠩᠭᠤᠭᠳᠠᠭᠰᠠᠨ ᠵᠠᠯᠠᠭᠤ ᠴᠢᠳᠠᠪᠤᠷᠢᠲᠠᠨ ᠳᠤ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠰᠡᠳᠦᠪ ᠤᠨ ᠲᠤᠰᠠᠯᠠᠮᠵᠢ ᠦᠵᠡᠭᠦᠯᠦᠨ᠎ᠡ᠃ ᠤᠶᠤᠲᠠᠳ ᠤᠨ ᠦᠶ᠋ᠯᠡᠰ ᠪᠦᠲᠦᠭᠡᠬᠦ ᠲᠥᠷᠥᠯ ᠵᠦᠶ᠋ᠯ ᠳᠤ ᠬᠠᠮᠤᠭ ᠤᠨ ᠥᠨᠳᠥᠷ ᠲᠡᠭᠡᠨ 8 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠬᠦ ᠶᠢᠨ ᠬᠠᠮᠲᠤ ᠪᠠᠶᠢᠴᠠᠭᠠᠨ ᠦᠵᠡᠵᠦ ᠰᠣᠯᠢᠯᠴᠠᠬᠤ᠂ ᠳᠠᠳᠤᠯᠭ᠎ᠠ ᠪᠣᠯᠪᠠᠰᠤᠷᠠᠯ ᠬᠢᠬᠦ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠡᠯ᠎ᠡ ᠭᠠᠵᠠᠷ ᠤᠨ ᠰᠢᠯᠢᠳᠡᠭ ᠵᠠᠯᠠᠭᠤ ᠰᠤᠷᠤᠭᠴᠢᠳ ᠢ ᠣᠷᠳᠣᠰ ᠲᠤ ᠲᠡᠳᠡᠨ ᠠᠪᠴᠢᠷᠠᠵᠤ ᠠᠵᠢᠯ ᠣᠯᠭᠤᠨ ᠦᠶ᠋ᠯᠡᠰ ᠪᠦᠲᠦᠭᠡᠯᠭᠡᠨ᠎ᠡ᠃        ᠬᠥᠳᠡᠭᠡ ᠲᠣᠰᠬᠤᠨ ᠢ ᠭᠦᠭᠵᠢᠭᠦᠯᠭᠦ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠢ ᠭᠦᠭᠵᠢᠭᠦᠯᠭᠦ ᠶᠢ ᠲᠤᠰᠠᠯᠠᠬᠤ ᠰᠢᠯᠢᠳᠡᠭ ᠴᠢᠳᠠᠪᠤᠷᠢᠲᠠᠨ ᠪᠠ ᠪᠦᠯᠬᠦᠮ ᠢ ᠰᠣᠩᠭᠤᠨ ᠳᠡᠪᠰᠢᠭᠦᠯᠵᠦ᠂ ᠦᠨᠡᠯᠡᠭᠳᠡᠭᠰᠡᠨ ᠴᠢᠳᠠᠪᠦᠷᠢᠳᠠᠨ ᠳᠤ 2 ᠲᠦᠮᠡᠨ ᠲᠥᠭᠦᠷᠢᠭ᠂ ᠪᠦᠯᠬᠦᠮ ᠳᠤ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠠᠵᠢᠯ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮ ᠣᠯᠤᠭᠰᠠᠨ ᠨᠤᠲᠤᠭ ᠤᠨ ᠮᠡᠷᠭᠡᠵᠢᠯ ᠤᠨ ᠴᠢᠳᠠᠪᠤᠷᠢᠲᠠᠨ ᠳᠤ ᠬᠠᠮᠤᠭ ᠥᠨᠳᠥᠷ ᠲᠡᠭᠡᠨ 1 ᠲᠦᠮᠡᠨ ᠲᠥᠭᠦᠷᠢᠭ ᠤᠨ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠣᠯᠭᠤᠨ᠎ᠠ᠃       ᠬᠥᠮᠦᠨ ᠬᠡᠷᠡᠭᠯᠡᠬᠦ ᠪᠠᠶᠢᠭᠤᠯᠭ᠎ᠠ ᠶᠢᠨ ᠪᠡᠶᠡᠴᠢ ᠴᠣᠭᠴᠠ ᠶᠢᠨ ᠦᠢᠯᠡᠳᠦᠯ ᠢ ᠴᠢᠩᠭᠠᠳᠬᠠᠨ᠎ᠠ᠃ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠶ ᠳᠡᠮᠵᠢᠯᠭᠡ ᠶᠢᠨ ᠲᠥᠯᠥᠪᠯᠡᠭᠡ︾ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠪᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠢᠳᠠᠪᠤᠷᠢᠲᠠᠨ ᠣᠷᠣᠭᠤᠯᠤᠨ ᠠᠪᠴᠢᠷᠠᠬᠤ ᠪᠠᠷᠢᠮᠵᠢᠶ᠎ᠠ ᠶᠢ ᠪᠡᠶ᠎ᠡ ᠪᠠᠨ ᠳᠠᠭᠠᠭᠠᠨ ᠲᠣᠭᠲᠠᠭᠠᠵᠤ᠂ ᠪᠡᠶ᠎ᠡ ᠪᠠᠨ ᠳᠠᠭᠠᠭᠠᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠬᠦ ᠶᠢ ᠵᠥᠪᠰᠢᠶᠡᠷᠡᠬᠦ ᠶᠢᠨ ᠬᠠᠮᠲᠤ᠂ ᠬᠡᠷ ᠣᠷᠣᠨ ᠢᠶᠠᠨ ᠲᠥᠪᠬᠢᠨᠡᠭᠦᠯᠬᠦ ᠨᠥᠬᠦᠪᠥᠷᠢ᠂ ᠰᠢᠨᠵᠢᠯᠡᠬᠦ ᠤᠬᠠᠭᠠᠨ ᠤ ᠰᠤᠳᠤᠯᠭᠠᠨ ᠢ ᠡᠬᠢᠯᠡᠭᠦᠯᠬᠦ ᠵᠠᠷᠤᠳᠠᠯ᠂ ᠠᠵᠢᠯ ᠤᠨ ᠪᠠᠶᠢᠷᠢ ᠶᠢᠨ ᠣᠨᠴᠠ ᠤᠷᠢᠭᠰᠠᠨ ᠨᠥᠬᠦᠪᠥᠷᠢ ᠵᠡᠷᠭᠡ ᠥᠷᠢᠰᠥᠯᠳᠦᠬᠦ ᠬᠦᠴᠦᠨ ᠲᠠᠢ ᠬᠠᠷᠠᠭᠠᠯᠵᠠᠯ ᠢ ᠬᠠᠩᠭᠠᠨ᠎ᠠ᠃ ᠳᠡᠭᠡᠳᠦ ᠳᠡᠰ ᠳᠠᠪᠬᠤᠷᠭ᠎ᠠ ᠶᠢᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠪᠠᠲᠤᠯᠠᠨ ᠲᠠᠨᠢᠯᠴᠠᠭᠤᠯᠬᠤ ᠪᠠ ᠤᠷᠢᠵᠤ ᠣᠷᠣᠭᠤᠯᠤᠭᠰᠠᠨ ᠪᠠᠶᠢᠭᠤᠯᠭ᠎ᠠ ᠪᠠ ᠬᠤᠪᠢ ᠬᠥᠮᠦᠨ ᠢ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠢᠶᠠᠷ ᠱᠠᠩᠨᠠᠨ᠎ᠠ᠃ ᠠᠵᠤ ᠠᠬᠤᠶᠢᠯᠠᠯ ᠤᠨ ᠴᠢᠳᠠᠪᠤᠷᠢᠲᠠᠨ ᠤ ᠵᠠᠭᠤᠴᠢ ᠪᠠᠶᠢᠭᠤᠯᠤᠮᠵᠢ ᠪᠠᠷ ᠳᠠᠮᠵᠢᠭᠤᠯᠤᠨ ᠴᠢᠳᠠᠪᠤᠷᠢᠲᠠᠨ ᠤᠷᠢᠬᠤ ᠶᠢ ᠵᠣᠷᠢᠭᠵᠢᠭᠤᠯᠤᠨ᠂ ᠴᠢᠳᠠᠪᠤᠷᠢᠲᠠᠨ ᠢ ᠤᠷᠢᠵᠤ ᠣᠷᠣᠭᠤᠯᠤᠭᠰᠠᠨ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠠᠵᠢᠯ ᠤᠨ ᠪᠦᠲᠦᠮᠵᠢ ᠪᠠᠷ ᠲᠣᠪᠤᠶᠢᠮ᠎ᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤᠯᠤᠰ ᠤᠨ ᠲᠠᠰ ᠤᠨ ᠭᠤᠤᠯᠳᠠᠯᠭ᠎ᠠ ᠲᠠᠢ ᠴᠢᠳᠠᠪᠤᠷᠢᠲᠠᠨ ᠬᠥᠮᠦᠵᠢᠭᠦᠯᠬᠦ ᠲᠥᠯᠥᠪᠯᠡᠭᠡ ᠳᠤ ᠠᠮᠵᠢᠯᠲᠠ ᠲᠠᠢ ᠰᠣᠩᠭᠤᠭᠳᠠᠭᠰᠠᠨ ᠪᠠᠶᠢᠪᠠᠯ᠂ ᠬᠥᠮᠦᠨ ᠬᠡᠷᠡᠭᠯᠡᠬᠦ ᠪᠠᠶᠢᠭᠤᠯᠭ᠎ᠠ ᠳᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠬᠥᠮᠦᠨ ᠬᠡᠷᠡᠭᠯᠡᠬᠦ ᠪᠠᠶᠢᠭᠤᠯᠭ᠎ᠠ ᠶᠢᠨ ᠠᠮᠢᠳᠤᠯᠢᠭ ᠴᠢᠨᠠᠷᠲᠠᠶ ᠪᠠᠷ ᠴᠢᠳᠠᠪᠤᠷᠢᠲᠠᠨ ᠤᠷᠢᠬᠤ ᠶᠢ ᠵᠣᠷᠢᠭᠵᠢᠭᠤᠯᠵᠤ᠂ ᠪᠣᠳᠠᠲᠠᠶ ᠣᠯᠭᠤᠭᠰᠠᠨ ᠴᠢᠳᠠᠪᠤᠷᠢᠲᠠᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠵᠣᠬᠢᠬᠤ ᠬᠠᠷᠢᠴᠠᠯ ᠶᠣᠰᠣᠭᠠᠷ᠂ ᠬᠥᠮᠦᠨ ᠬᠡᠷᠡᠭᠯᠡᠬᠦ ᠪᠠᠶᠢᠭᠤᠯᠭ᠎ᠠ ᠳᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠴᠢᠳᠠᠪᠤᠷᠢᠲᠠᠨ ᠤᠷᠢᠬᠤ ᠨᠥᠬᠦᠪᠥᠷᠢ ᠣᠯᠭᠤᠨ᠎ᠠ᠃     ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠳᠡᠰ ᠳᠡᠪᠰᠢᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ ᠳᠤ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠲᠤᠰᠠᠯᠠᠵᠤ᠂ ᠥᠷᠲᠡᠭᠡ ᠪᠠᠶᠢᠭᠤᠯᠤᠭᠳᠠᠬᠰᠠᠨ ᠤ ᠳᠠᠷᠠᠭ᠎ᠠ ᠵᠢᠯ ᠪᠦᠷᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠠᠵᠢᠯᠯᠠᠭᠠᠨ ᠤ ᠨᠥᠬᠦᠪᠥᠷᠢ ᠣᠯᠭᠤᠨ᠎ᠠ᠃ ᠡᠭᠦᠳᠦᠨ ᠪᠠᠶᠢᠭᠤᠯᠬᠤ ᠬᠤᠭᠤᠴᠠᠭᠠᠨ ᠳᠤ ᠣᠷᠣᠭᠤᠯᠤᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠰᠤᠳᠤᠯᠤᠨ ᠨᠡᠭᠡᠭᠡᠬᠦ ᠲᠠᠪᠴᠠᠩ ᠳᠤ ᠬᠠᠮᠤᠭ ‍ᠤᠨ‌ᠥᠨᠳᠥᠷ ᠲᠡᠭᠡᠨ 1000 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ᠰᠢᠨ᠎ᠡ ᠪᠠᠷ ᠵᠥᠪᠰᠢᠶᠡᠷᠡᠨ ᠪᠠᠶᠢᠭᠤᠯᠤᠭᠰᠠᠨ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ᠂ ᠳ᠋ᠣᠺᠲ᠋ᠣᠷ ᠤᠨ ᠰᠢᠨ᠎ᠡ ᠶᠢ ᠡᠭᠦᠳᠬᠦ ᠦᠶ᠋ᠯᠡᠳᠦᠯᠭᠡ ᠶᠢᠨ ᠰᠠᠭᠤᠷᠢᠨ ᠭᠠᠵᠠᠷ ᠲᠤ ᠲᠣᠰ ᠲᠣᠰ 50 ᠲᠦᠮᠡᠨ ᠲᠥᠭᠦᠷᠢᠭ ᠪᠠ 25 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠦᠨ᠎ᠡ᠃ ᠠᠵᠤ ᠠᠬᠤᠶᠢᠯᠠᠯ ᠠᠵᠢᠯ ᠦᠶ᠋ᠯᠡᠰ ᠤᠨ ᠪᠠᠶᠢᠭᠤᠯᠭ᠎ᠠ ᠶᠢᠨ ︽ᠴᠢᠳᠠᠪᠤᠷᠢᠲᠠᠨ ᠤ ᠰᠠᠭᠤᠷᠢᠨ ᠭᠠᠵᠠᠷ︾ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠴᠢᠳᠠᠪᠤᠷᠢᠲᠠᠨ ᠴᠤᠭᠯᠠᠭᠤᠯᠬᠤ ᠪᠠᠷ ᠳᠠᠮᠵᠢᠭᠤᠯᠤᠨ᠂ ᠢᠯᠡᠳᠲᠡ ᠦᠷ᠎ᠡ ᠪᠦᠲᠦᠮᠵᠢ ᠣᠯᠤᠭᠰᠠᠨ ᠤᠨᠳᠤᠤ ᠭᠠᠵᠠᠷ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠦᠨ᠎ᠡ᠃              ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠲᠩᠷᠢᠯᠢᠭ ᠬᠥᠪᠡᠭᠦᠨ ᠴᠢᠳᠠᠪᠤᠷᠢᠲᠠᠨ︾᠂ ︽ᠲᠠᠯ᠎ᠠ ᠨᠤᠲᠤᠭ ᠤᠨ ᠴᠢᠳᠠᠪᠤᠷᠢᠲᠠᠨ︾᠂ ︽ᠣᠷᠳᠣᠰ ᠤᠨ ᠴᠢᠳᠠᠪᠤᠷᠢᠲᠠᠨ︾ ᠳᠤ ᠲᠣᠰ ᠲᠣᠰ 180᠂ 150᠂ 120 ᠲᠡᠭᠰᠢ ᠳᠥᠷᠪᠡᠯᠵᠢᠨ ᠮᠧᠲᠷ ᠤᠨ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠣᠯᠭᠤᠨ᠎ᠠ᠃ ᠪᠦᠷᠢᠨ ᠲᠤᠰᠢᠶᠠᠯ ᠢᠶᠠᠷ ᠣᠷᠣᠭᠤᠯᠤᠨ ᠠᠪᠴᠢᠷᠠᠭᠰᠠᠨ ᠲᠡᠷᠢᠭᠦᠨ ᠤ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠵᠢᠩᠭᠢᠨᠢ ᠠᠩᠭᠢ ᠶᠢᠨ ᠰᠣᠷᠣᠭᠴᠢ ᠪᠠ ᠮᠠᠰᠲ᠋ᠧᠷ᠂ ᠳ᠋ᠣᠺᠲ᠋ᠣᠷ 5 ᠠᠴᠠ 40 ᠲᠦᠮᠡᠨ ᠲᠥᠭᠦᠷᠢᠭ ᠤᠨ ᠬᠡᠷ ᠣᠷᠣᠨ ᠢᠶᠠᠨ ᠲᠥᠪᠬᠢᠨᠡᠭᠦᠯᠬᠦ ᠨᠥᠬᠦᠪᠥᠷᠢ ᠭᠥᠷᠳᠡᠵᠦ ᠪᠣᠯᠤᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠬᠠᠨᠳᠤᠭᠤᠯᠤᠨ ᠴᠢᠳᠠᠪᠤᠷᠢᠲᠠᠨ ᠤ ᠦᠢᠯᠡᠴᠢᠯᠡᠭᠡᠨ ᠤ ᠺᠠᠷᠲ ᠣᠯᠭᠤᠵᠤ᠂ ᠶᠠᠪᠤᠵᠤ ᠰᠠᠭᠤᠬᠤ᠂ ᠰᠣᠶᠣᠯ ᠵᠤᠭᠠᠴᠠᠯ᠂ ᠡᠷᠡᠭᠦᠯ ᠮᠡᠨᠳᠦ ᠵᠡᠷᠭᠡ 9 ᠬᠦᠷᠢᠶᠡᠨ ᠳᠤ ᠳᠥᠭᠦᠮ ᠳᠥᠲᠡ ᠦᠶ᠋ᠯᠡᠴᠢᠯᠡᠭᠡ ᠬᠠᠩᠭᠠᠬᠤ ᠶᠢᠨ ᠬᠠᠮᠲᠤ ᠴᠢᠳᠠᠪᠤᠷᠢᠲᠠᠨ ᠤ ᠬᠠᠨᠢ ᠨᠦᠬᠦᠷ ᠤᠨ ᠠᠵᠢᠯ ᠤᠯᠬᠤ ᠪᠠ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠲᠣᠬᠢᠲᠠᠶ ᠰᠢᠶ᠋ᠳᠪᠦᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠨᠥᠬᠦᠪᠥᠷᠢ᠂ ᠴᠢᠳᠠᠪᠤᠷᠢᠲᠠᠨ ᠤ ᠰᠢᠨ᠎ᠡ ᠶᠢ ᠡᠭᠦᠳᠬᠦ ᠶᠢ ᠮᠥᠩᠭᠦᠨ ᠭᠦᠶ᠋ᠯᠭᠡᠭᠡ ᠪᠠᠷ ᠲᠡᠳᠬᠦᠨ ᠳᠡᠮᠵᠢᠬᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠶ᠋ᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠬᠤ᠂ ︽ᠴᠢᠳᠠᠪᠤᠷᠢᠲᠠᠨ ᠤ ᠦᠶ᠋ᠯᠡᠴᠢᠯᠡᠭᠡᠨ ᠤ ᠲᠡᠮᠳᠡᠭᠲᠦ︾ ᠲᠠᠷᠬᠠᠭᠠᠬᠤ ᠶᠢ ᠳᠡᠮᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠢᠳᠠᠪᠤᠷᠢᠲᠠᠨ ᠤ ᠰᠢᠨ᠎ᠡ ᠶᠢ ᠡᠭᠦᠳᠦᠨ ᠦᠶ᠋ᠯᠡᠰ ᠪᠦᠲᠦᠭᠡᠬᠦ ᠢᠵᠢ ᠲᠥᠬᠦᠷᠴᠢᠯᠡᠭᠰᠡᠨ ᠦᠶ᠋ᠯᠡᠴᠢᠯᠡᠭᠡᠨ ᠤ ᠲᠤᠬᠳᠠᠯᠴᠠᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃       ᠣᠶᠢᠯᠠᠭᠠᠭᠰᠠᠨ ᠢᠶᠠᠷ᠂ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢ ᠲᠠᠷᠤᠢ ᠲᠦᠷᠭᠡᠨ ᠢᠶᠠᠷ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢᠨ ᠲᠤᠰᠠᠳᠠ᠂ ᠬᠤᠲᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠰᠤᠷᠭᠠᠨ ᠬᠥᠮᠦᠵᠢᠯ ᠪᠡᠶ ᠎ᠡ ᠶᠢᠨ ᠲᠠᠮᠢᠷ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠣᠷᠳᠣᠰ ᠤᠨ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠤᠨ ᠬᠠᠮᠢᠶ᠎ᠠ ᠪᠥᠬᠦᠶ ᠢᠵᠢ ᠪᠦᠷᠢᠳᠦᠭᠦᠯᠦᠭᠰᠡᠨ ᠠᠷᠭ᠎ᠠ ᠬᠡᠮᠵᠢᠶ ᠎ᠡ ᠶᠢ ᠠᠳᠠᠯᠢ ᠠᠯᠬᠤᠮ ᠢᠶᠠᠷ ᠲᠣᠭᠲᠠᠭᠠᠵᠤ᠂ ᠣᠶᠢᠷ᠎ᠠ ᠳᠤ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠪᠠᠷ ᠪᠠᠶᠢᠨ᠎ᠠ᠃        
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ