ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ
ᠨᠡᠶᠢᠲᠡᠯᠡᠭᠰᠡᠨ ᠴᠠᠭ᠄
2021/9/17
      ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠭᠡᠳᠡᠭ ᠨᠢ ᠨᠠᠰᠤ ᠠᠭᠢᠭᠰᠠᠨ᠂ ᠡᠪᠡᠳᠴᠢᠨ ᠡᠮᠭᠡᠭ ᠪᠤᠶᠤ ᠵᠡᠮᠳᠡᠭ ᠠᠴᠠ ᠪᠣᠯᠵᠣ ᠡᠳᠦᠷ ᠲᠤᠲᠤᠮ ᠤᠨ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠴᠢᠳᠠᠪᠤᠷᠢ ᠪᠠᠨ ᠠᠯᠳᠠᠭᠰᠠᠨ᠂ ᠣᠷᠳᠣ ᠬᠤᠭᠤᠴᠠᠭ᠎ᠠ ᠪᠠᠷ ᠬᠠᠷᠠᠭᠠᠯᠵᠠᠬᠤ ᠴᠢᠬᠤᠯᠠᠲᠠᠶ ᠬᠥᠮᠦᠨ ᠤ ᠰᠤᠪᠢᠯᠠᠯᠲᠠ ᠶᠢᠨ ᠵᠠᠷᠤᠳᠠᠯ ᠪᠤᠶᠤ ᠰᠤᠪᠢᠯᠠᠯᠲᠠ ᠶᠢᠨ ᠦᠶ᠋ᠯᠡᠴᠢᠯᠡᠭᠡ ᠬᠠᠩᠭᠠᠭᠰᠠᠨ ᠳᠠᠭᠠᠳᠬᠠᠯ ᠢ ᠵᠢᠭᠠᠨ᠎ᠠ᠂ ᠡᠭᠦᠨ ᠢ ︽ᠨᠡᠶᠢᠭᠡᠮ ᠤᠨ ᠳᠠᠭᠠᠳᠬᠠᠯ  ᠤᠨ ᠵᠢᠷᠭᠤᠳᠤᠭᠠᠷ ᠳᠠᠭᠠᠳᠬᠠᠯ ᠭᠡᠳᠡᠭ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠷᠠᠭᠠᠯᠵᠠᠯ  ᠢ ᠭᠥᠷᠳᠡᠭᠰᠡᠨ ᠤ ᠳᠠᠷᠠᠭ᠎ᠠ᠂ ᠰᠤᠪᠢᠯᠠᠯᠲᠠ ᠶᠢᠨ ᠪᠠᠶᠢᠭᠤᠯᠤᠮᠵᠢ ᠰᠠᠷ᠎ᠠ ᠪᠦᠷᠢ 12 ᠴᠠᠭ ᠬᠡᠷ ᠲᠤᠨᠢ ᠬᠦᠷᠴᠦ ᠦᠶ᠋ᠯᠡᠴᠢᠯᠡᠨ᠎ᠡ᠂ ᠬᠡᠷ ᠤᠨ ᠬᠥᠮᠦᠰ ᠨᠢ ᠥᠪᠡᠷ ᠤᠨ ᠪᠠᠶᠢᠳᠠᠯ ᠢᠶᠠᠨ ᠦᠨᠳᠦᠰᠦᠯᠡᠨ ᠤᠳᠠᠭ᠎ᠠ ᠪᠦᠷᠢ ᠬᠡᠷ ᠲᠤᠨᠢ ᠣᠴᠢᠬᠤ ᠴᠠᠭ ᠤᠨ ᠣᠷᠳᠣ ᠶᠢ ᠵᠥᠪᠳᠡᠯᠴᠡᠵᠦ ᠪᠠᠶᠢᠭᠠᠳ ᠨᠠᠰᠤᠲᠠᠨ ᠢᠶᠠᠨ ᠠᠷᠢᠭᠤᠨ ᠴᠡᠪᠡᠷ ᠢᠶᠠᠷ ᠬᠠᠷᠠᠭᠠᠯᠵᠠᠬᠤ᠂ ᠡᠷᠡᠭᠦᠯᠵᠢᠭᠦᠯᠬᠦ ᠰᠤᠪᠢᠯᠠᠯᠲᠠ ᠬᠢᠬᠦ ᠵᠡᠷᠭᠡ 32 ᠵᠦᠶ᠋ᠯ ᠤᠨ ᠰᠤᠪᠢᠯᠠᠯᠲᠠ ᠬᠢᠵᠦ ᠪᠣᠯᠤᠨ᠎ᠠ᠃ ᠨᠠᠰᠤᠲᠠᠨ ᠢ ᠬᠠᠷᠠᠭᠠᠯᠵᠠᠬᠤ ᠳᠤ ᠬᠠᠮᠤᠭ ᠤᠨ ᠬᠦᠴᠢᠷᠲᠡᠶ ᠪᠥᠭᠡᠳ ᠬᠠᠮᠤᠭ ᠤᠨ ᠮᠡᠷᠭᠡᠵᠢᠯ ᠲᠠᠢ ᠬᠡᠰᠡᠭ ᠢ ᠨᠢ ᠦᠨᠳᠦᠰᠦᠨ  ᠳᠡᠭᠡᠨ ᠪᠦᠷ ᠠᠰᠠᠷᠠᠭᠴᠢ ᠳᠤ ᠲᠤᠰᠢᠶᠠᠵᠤ᠂ ᠭᠡᠷ ᠪᠦᠯᠢ ᠶᠢᠨ ᠬᠢᠨᠢ ᠬᠠᠷᠠᠭᠠᠯᠵᠠᠬᠤ ᠳᠠᠷᠤᠭᠠᠰᠤ ᠶᠢ ᠲᠦᠢᠯ ᠤᠨ ᠶᠡᠭᠡ  ᠪᠠᠷ ᠬᠥᠩᠭᠡᠷᠡᠭᠦᠯᠪᠡ ᠭᠡᠵᠦ ᠬᠡᠯᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠰᠠᠷ᠎ᠠ ᠪᠦᠷᠢ ᠪᠠᠰᠠ 1000 ᠭᠠᠷᠤᠢ ᠲᠥᠭᠦᠷᠢᠭ ᠤᠨ ᠭᠡᠷ ᠪᠦᠯᠢ ᠶᠢᠨ ᠰᠤᠪᠢᠯᠠᠯᠲᠠ ᠶᠢᠨ ᠨᠥᠬᠦᠪᠥᠷᠢ ᠣᠯᠵᠤ᠂ ᠴᠢᠳᠠᠯ ᠲᠡᠩᠬᠡᠭᠡ ᠪᠠᠨ ᠠᠯᠳᠠᠭᠰᠠᠳ ᠤᠨ ᠭᠡᠷ ᠪᠦᠯᠢ ᠶᠢᠨ ᠬᠢᠨ ᠤ ᠠᠵᠤ ᠠᠬᠤᠢ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃ ᠲᠠ ᠲᠤᠬᠠᠶ ᠶᠢᠨ ᠭᠠᠵᠠᠷ ᠤᠨ ᠡᠮᠨᠡᠯᠭᠡ ᠶᠢᠨ ᠳᠠᠭᠠᠳᠬᠠᠯ ᠳᠤ ᠣᠷᠣᠪᠠᠯ᠂ ᠰᠤᠷᠤᠭᠴᠢ᠂ ᠬᠡᠦᠬᠡᠳ ᠠᠴᠠ ᠭᠠᠳᠠᠨ᠎ᠠ ᠪᠦᠷ ᠤᠷᠳᠤ ᠬᠤᠭᠤᠴᠠᠭᠠᠨ ᠤ ᠬᠠᠮᠠᠭᠠᠯᠠᠬᠤ ᠳᠠᠭᠠᠳᠬᠠᠯ ᠭᠤᠶᠤᠴᠢᠯᠠᠵᠤ ᠪᠣᠯᠤᠨ᠎ᠠ᠃ ᠳᠠᠭᠠᠳᠬᠠᠯ ᠳᠤ ᠣᠷᠣᠯᠴᠠᠬᠤ ᠵᠠᠷᠤᠳᠠᠯ  ᠨᠢ ᠵᠢᠯ ᠪᠦᠷᠢ 90 ᠲᠥᠭᠦᠷᠢᠭ᠃    
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ