| | ᠬᠤᠶᠢᠰᠢᠳᠡ ᠶᠢᠨ ᠳᠠᠪᠤᠨ ᠵᠢᠯ ᠪᠤᠯ ᠤᠷᠳᠤᠰ ᠤᠨ ᠶᠡᠭᠡ ᠦᠢᠯᠡᠰ ᠢ ᠪᠦᠳᠦᠭᠡᠭᠦ ᠳᠡᠦᠬᠡ ᠶᠢᠨ ᠠᠵᠠ | ᠳᠤᠬᠢᠶᠠᠯᠳᠤ ᠬᠤᠭᠤᠴᠠᠭ᠎ᠠ᠂ ᠠᠵᠢᠯ ᠬᠢᠵᠤ ᠦᠢᠯᠡᠰ ᠪᠦᠳᠦᠬᠡᠬᠦ ᠬᠦᠭᠵᠢᠯᠳᠡ ᠶᠢᠨ ᠰᠢᠵᠢᠷ ᠠᠯᠳᠠᠨ ᠬᠤᠭᠤᠴᠠᠭ᠎ᠠ᠂ | ᠶᠡᠭᠡ ᠠᠴᠠ ᠬᠦᠴᠦᠷᠭᠡᠭ ᠳᠡᠶᠢᠰᠢ ᠬᠡᠯᠪᠡᠷᠢ ᠪᠠᠨ ᠬᠤᠪᠢᠷᠠᠭᠤᠯᠬᠤ ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠪᠦᠬᠦ | ᠬᠤᠳᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠱᠠᠭᠠᠷᠳᠠᠯᠭ᠎ᠠ ᠪᠤᠯ᠄ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠳᠤᠬ ᠢ ᠦᠨᠳᠦᠷ ᠮᠠᠨᠳᠤᠭᠤᠯᠵᠤ᠂ ᠰᠢ ᠶᠢᠨ ᠫᠢᠡᠭ ᠤᠨ ᠰᠢᠨ᠎ᠡ | ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠡᠯᠡᠵᠤ᠂ ᠶᠡᠷᠦᠩᠬᠡᠢ ᠱᠦᠵᠢ ᠰᠢ ᠶᠢᠨ ᠫᠢᠡᠭ ᠤᠨ ︽7 · 1︾ ᠤ ᠴᠢᠬᠤᠯᠠ | ᠶᠠᠷᠢᠶᠡᠨ ᠤ ᠵᠤᠷᠢᠬ ᠰᠠᠨᠠᠭ᠎ᠠ ᠪᠠ ᠦᠪᠤᠷ ᠮᠤᠩᠭᠤᠯ ᠤᠨ ᠠᠵᠢᠯ ᠳᠤ ᠳᠠᠯᠪᠢᠬᠰᠠᠨ ᠴᠢᠬᠤᠯᠠ ᠶᠠᠷᠢᠶ᠎ᠡ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠤ᠂ ᠨᠠᠮ ᠤᠨ ᠳᠦᠪ | ᠬᠤᠷᠢᠶ᠎ᠡ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠡᠯ᠎ᠡ ᠳᠦᠷᠦᠯ ᠤᠨ ᠰᠢᠢᠳᠪᠦᠷᠢᠳᠤ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ︽ᠳᠠᠪᠤ ᠶᠢ ᠨᠢᠬᠡ | ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠤ᠂ ︽ | ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠭᠢᠴᠠᠭᠤᠯᠤᠨ ᠠᠭᠢᠭᠤᠯᠵᠤ᠂ | ᠰᠢᠨ᠎ᠡ ᠬᠦᠭᠵᠢᠯᠳᠡ ᠶᠢᠨ ᠱᠠᠳᠤ ᠦᠶ᠎ᠡ ᠶᠢ ᠡᠵᠡᠮᠳᠡᠨ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ | ᠳᠤᠭᠤᠰᠢᠯᠠᠭᠤᠯᠵᠤ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠵᠤ᠂ ᠳᠤᠬᠳᠠᠭᠤᠨ ᠤ | ᠳᠤᠮᠳᠠ ᠤᠷᠤᠬᠰᠢᠯᠠᠬᠤ ᠠᠵᠢᠯ ᠤᠨ ᠶᠠᠷᠦᠩᠬᠡᠢ ᠬᠦᠭ ᠠᠶᠠᠰ ᠢ ᠪᠠᠷᠢᠮᠳᠡᠯᠡᠨ᠂ ᠴᠢᠨᠡᠷ ᠰᠠᠶᠢᠳᠡᠢ ᠬᠦᠭᠵᠢᠯᠳᠡ ᠶᠢ | ᠠᠬᠢᠭᠤᠯᠬᠤ ᠪᠠᠷ ᠭᠤᠤᠯ ᠰᠡᠳᠦᠪ ᠪᠤᠯᠭᠠᠵᠤ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠡᠷᠳᠡᠢ | ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠭᠤᠤᠯ ᠱᠤᠭᠤᠮ ᠪᠤᠯᠭᠠᠵᠤ᠂ ᠬᠠᠮᠳᠤ ᠪᠠᠷ ᠴᠢᠨᠡᠭᠡᠯᠢᠭᠵᠢᠬᠦ ᠶᠢ | ᠠᠬᠢᠭᠤᠯᠵᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ | ᠪᠤᠯᠭᠠᠬᠰᠠᠨ ᠴᠢᠨᠡᠷ ᠰᠠᠶᠢᠳᠡᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠬᠦ︾ ᠤᠷᠢᠳ ᠢᠶᠠᠷ ᠬᠡᠷᠡᠭᠵᠢᠬᠦᠯᠬᠦ | ᠤᠷᠤᠨ ᠢ ᠳᠦᠷᠬᠡᠳᠬᠡᠨ ᠪᠠᠶᠢᠭᠤᠯᠵᠤ᠂ ᠤᠳᠤᠬᠢᠴᠢᠯᠠᠬᠰᠠᠨ ᠤᠷᠳᠤᠰ ᠤᠨ ᠪᠦᠳᠦᠬᠡᠨ ᠪᠠᠶᠢᠭᠤᠯᠤᠯᠳᠠ ᠶᠢᠨ ᠰᠠᠶᠢᠨ | ᠰᠠᠶᠢᠬᠠᠨ ᠢᠷᠡᠬᠡᠳᠦᠢ ᠶᠢ ᠴᠢᠷᠮᠡᠶᠢᠨ ᠴᠤᠬᠴᠠᠯᠠᠨᠡ᠃ ᠡᠨᠡ ᠬᠦ ᠶᠡᠷᠦᠩᠬᠡᠢ ᠱᠠᠭᠠᠷᠳᠠᠯᠭ᠎ᠠ ᠶᠢᠨ ᠳᠤᠭᠤᠷᠢᠨ ᠳᠤ᠂ | ᠦᠪᠡᠷᠳᠡᠬᠡᠨ ᠵᠠᠰᠠᠬᠤ ᠤᠷᠤᠨ ᠤ ︽ᠬᠤᠶᠡᠷ ᠬᠠᠯᠬᠠᠪᠴᠢ︾᠂ ︽ᠬᠤᠶᠡᠷ ᠰᠠᠭᠤᠷᠢᠨ ᠭᠠᠵᠠᠷ︾ ᠪᠠ ︽ᠨᠢᠬᠡ | ᠬᠦᠬᠦᠷᠬᠡᠨ ᠪᠠᠭᠢᠯᠠᠯᠳᠠ︾ ᠶᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠭᠳᠠᠭᠠᠯᠳᠠ ᠶᠢ | ᠴᠢᠩᠭ᠎ᠠ ᠠᠳᠬᠤᠵᠤ᠂ ᠠᠵᠤ ᠠᠬᠤᠢ ᠨᠡᠩ ᠴᠢᠩᠭ᠎ᠠ ᠪᠤᠳᠠᠳᠤ ᠬᠦᠴᠦᠨ ᠲᠠᠢ ᠤᠷᠳᠤᠰ᠂ ᠬᠦᠳᠡᠯᠬᠡᠬᠦ ᠬᠦᠴᠦᠨ ᠨᠡᠩ | ᠲᠡᠭᠦᠯᠳᠡᠷ ᠠᠮᠢᠵᠢᠷᠡᠯ ᠤᠨ ᠬᠦᠴᠦᠨ ᠲᠠᠢ ᠤᠷᠳᠤᠰ᠂ ᠠᠮᠢ ᠠᠬᠤᠢ ᠨᠡᠩ ᠰᠢᠯᠢᠳᠡᠭ ᠪᠤᠬᠢᠷᠳᠤᠯ ᠦᠬᠡᠢ ᠤᠷᠳᠤᠰ᠂ | ᠬᠤᠳᠠ ᠬᠦᠳᠡᠭᠡ ᠨᠡᠩ ᠭᠤᠶᠤ ᠤᠷᠤᠰᠢᠠ ᠠᠮᠢᠳᠤᠷᠠᠬᠤ ᠳᠤ ᠲᠠᠭᠠᠯᠠᠮᠵᠢᠳᠠᠢ ᠤᠷᠳᠤᠰ᠂ ᠪᠤᠶᠠᠨ ᠭᠡᠰᠢᠭ ᠨᠠᠩ | ᠵᠤᠵᠠᠭᠠᠨ ᠵᠤᠯ ᠵᠢᠷᠭᠠᠯᠳᠤ ᠤᠷᠳᠤᠰ ᠢ ᠭᠤᠤᠯᠳᠠᠯᠭ᠎ᠠ ᠲᠠᠢ ᠪᠦᠳᠦᠬᠡᠨ ᠪᠠᠶᠢᠭᠤᠯᠤᠨ᠎ᠠ᠃ | 9 ᠰᠠᠷ᠎ᠡ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ | ᠳᠠᠪᠤᠳᠤᠭᠠᠷ ᠤᠳᠠᠭᠠᠨ ᠤ ᠳᠦᠯᠦᠭᠡᠯᠡᠭᠴᠢᠳ ᠤᠨ ᠶᠡᠭᠡ ᠬᠤᠷᠡᠯ ᠦᠪᠡᠳᠡᠭᠰᠢ ᠶᠡᠭᠡ ᠪᠠᠷ ᠡᠬᠢᠯᠡᠪᠡ᠃ | ᠯᠢ ᠯᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠦᠷᠪᠡᠳᠦᠬᠡᠷ ᠬᠤᠭᠤᠴᠠᠭᠠᠨ ᠤ | ᠬᠤᠷᠢᠶ᠎ᠡ ᠶᠢ ᠳᠦᠯᠦᠬᠡᠯᠡᠵᠤ ︽ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨ᠎ᠡ ᠵᠠᠮ ᠢᠶᠠᠷ ᠰᠠᠶᠢᠳᠤᠷ ᠵᠠᠮᠨᠠᠵᠤ᠂ | ᠤᠷᠢᠳ ᠢᠶᠠᠷ ᠬᠡᠷᠡᠭᠵᠢᠬᠦᠯᠬᠦ ᠤᠷᠤᠨ ᠢ ᠪᠦᠳᠦᠬᠡᠨ ᠪᠠᠶᠢᠭᠤᠯᠵᠤ᠂ ᠤᠳᠤᠬᠢᠴᠢᠯᠠᠬᠰᠠᠨ ᠤᠷᠳᠤᠰ ᠤᠨ ᠪᠦᠳᠦᠬᠡᠨ | ᠪᠠᠶᠢᠭᠤᠯᠤᠯᠳᠠ ᠶᠢᠨ ᠰᠠᠶᠢᠨ ᠰᠠᠶᠢᠬᠠᠨ ᠢᠷᠡᠬᠡᠳᠦᠢ ᠶᠢ ᠴᠢᠷᠮᠠᠶᠢᠨ ᠴᠤᠬᠴᠠᠯᠠᠶ᠎ᠠ︾ ᠭᠡᠭᠦ ᠰᠡᠳᠥᠪ ᠢᠶᠠᠷ ᠮᠡᠳᠡᠭᠦᠯᠦᠯᠳᠠ | ᠬᠢᠪᠡ᠃ ᠯᠢ ᠯᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠠᠪᠤᠳᠤᠭᠠᠷ ᠤᠳᠠᠭᠠᠨ ᠤ | ᠳᠦᠯᠦᠭᠡᠯᠡᠭᠴᠢᠳ ᠤᠨ ᠶᠡᠭᠡ ᠬᠤᠷᠡᠯ ᠪᠤᠯ ︽ᠬᠤᠤᠰ ᠵᠠᠭᠤᠨ ᠵᠢᠯ︾ ᠤᠨ ᠳᠡᠮᠡᠴᠡᠯ ᠤᠨ ᠳᠡᠦᠬᠡᠨ ᠳᠠᠬᠢ | ᠵᠠᠩᠬᠢᠯᠠᠭ᠎ᠠ ᠶᠢᠨ ᠬᠤᠭᠤᠴᠠᠭ᠎ᠠ᠂ ︽ᠠᠷᠪᠠᠨ ᠳᠦᠷᠪᠡᠳᠦᠬᠡᠷ ᠳᠠᠪᠤᠨ ᠵᠢᠯ︾ ᠤᠨ ᠳᠦᠯᠦᠪᠵᠢᠬᠦᠯᠬᠡ ᠶᠢ ᠡᠬᠢᠯᠡᠬᠦᠯᠵᠤ᠂ | ᠤᠳᠤᠬᠢᠴᠢᠯᠡᠯᠳᠡ ᠶᠢᠨ ᠪᠦᠳᠦᠬᠡᠨ ᠪᠠᠶᠢᠭᠤᠯᠤᠯᠳᠡ ᠶᠢᠨ ᠠᠶᠠᠨ ᠢ ᠡᠬᠢᠯᠡᠬᠦᠯᠬᠦ ᠵᠠᠩᠬᠢᠯᠠᠭ᠎ᠠ ᠶᠢᠨ ᠴᠠᠬ ᠦᠶ᠎ᠡ ᠳᠤ | ᠬᠤᠷᠠᠯᠳᠤᠭᠤᠯᠤᠬᠰᠠᠨ ᠨᠢᠬᠡ ᠤᠳᠠᠭᠠᠨ ᠤ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠶᠢ ᠰᠡᠩᠭᠡᠷᠡᠭᠦᠯᠬᠦ᠂ | ᠤᠷᠢᠳᠤᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠭᠡᠭᠡᠭᠦ ᠴᠢᠬᠤᠯᠠ ᠬᠤᠷᠠᠯ ᠪᠤᠯᠤᠨ᠎ᠡ ᠬᠡᠵᠤ ᠴᠢᠬᠤᠯᠠᠴᠢᠯᠡᠪᠠ᠃ | ᠶᠡᠭᠡ ᠬᠤᠷᠡᠯ ᠤᠨ ᠭᠤᠤᠯ ᠰᠡᠳᠦᠪ ᠪᠤᠯ᠄ ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠡᠯᠡᠵᠤ᠂ ︽ᠠᠮᠢ | ᠠᠬᠤᠢ ᠶᠢ ᠤᠷᠢᠳ ᠢᠶᠠᠷ ᠪᠤᠳᠤᠯᠬᠢᠯᠠᠨ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠡᠷ | ᠰᠠᠶᠢᠳᠡᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠭᠦ︾ ᠤᠷᠢᠳ ᠢᠶᠠᠷ ᠬᠡᠷᠡᠭᠵᠢᠬᠦᠯᠬᠦ ᠤᠷᠤᠨ ᠤ ᠪᠦᠳᠦᠬᠡᠨ | ᠪᠠᠶᠢᠭᠤᠯᠤᠯᠳᠠ ᠶᠢ ᠳᠦᠷᠬᠡᠳᠬᠡᠵᠤ᠂ ᠤᠳᠤᠬᠢᠴᠢᠯᠠᠬᠰᠠᠨ ᠤᠷᠳᠤᠰ ᠤᠨ ᠪᠦᠳᠦᠬᠡᠨ ᠪᠠᠶᠢᠭᠤᠯᠤᠯᠳᠠ ᠶᠢᠨ ᠰᠠᠶᠢᠨ | ᠰᠠᠶᠢᠬᠠᠨ ᠢᠷᠡᠬᠡᠳᠦᠢ ᠶᠢ ᠴᠢᠷᠮᠠᠶᠢᠨ ᠴᠤᠬᠴᠠᠯᠠᠨ᠎ᠠ᠃ | ᠤᠷᠳᠤᠰ ᠤᠨ ᠤᠯᠠᠨ ᠤᠯᠤᠰ ᠤᠨ ᠬᠤᠷᠡᠯ ᠦᠵᠡᠬᠦᠯᠬᠡ ᠶᠢᠨ ᠳᠦᠪ ᠲᠤ ᠳᠦᠪ ᠶᠡᠬᠡᠮᠰᠦᠭ ᠠᠭᠤᠷ | ᠠᠮᠢᠰᠬᠤᠯ ᠢᠶᠠᠷ ᠪᠢᠯᠬᠠᠵᠤ᠂ ᠪᠦᠬᠦ ᠬᠤᠳᠠ ᠶᠢᠨ ᠡᠯ᠎ᠡ ᠹᠷᠤᠨᠲ ᠠᠴᠠ ᠢᠷᠡᠭᠰᠡᠨ ᠨᠠᠮ ᠤᠨ ᠳᠦᠯᠦᠭᠡᠯᠡᠭᠴᠢᠳ ᠪᠦᠬᠦ | ᠬᠤᠳᠠ ᠶᠢᠨ ᠦᠨᠳᠦᠰᠦᠳᠡᠨ ᠨᠦᠭᠦᠳ ᠤᠨ ᠠᠷᠡᠳ ᠳᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠵᠤ ᠤᠮᠤᠬ | ᠳᠡᠬᠦᠯᠳᠡᠷ ᠢᠶᠠᠷ ᠬᠤᠷᠡᠯ ᠤᠨ ᠳᠠᠯᠠᠪᠠᠢ ᠳᠤ ᠠᠯᠬᠤᠨ ᠤᠷᠤᠵᠠᠭᠠᠨ᠎ᠠ᠃ ᠳᠡᠷᠢᠬᠦᠯᠡᠭᠴᠢ ᠶᠢᠨ ᠳᠠᠶᠢᠰᠠᠨ ᠤ ᠳᠡᠬᠡᠷ᠎ᠡ | ᠳᠠᠯ᠎ᠠ ᠳᠤ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠠᠪᠤᠳᠤᠭᠠᠷ ᠤᠳᠠᠭᠠᠨ ᠤ | ᠳᠦᠯᠦᠭᠡᠯᠡᠭᠴᠢᠳ ᠤᠨ ᠶᠡᠭᠡ ᠬᠤᠷᠡᠯ︾ ᠤᠨ ᠬᠤᠷᠡᠯ ᠤᠨ ᠨᠡᠷ᠎ᠠ ᠶᠢᠨ ᠪᠢᠴᠢᠭᠡᠰᠦ ᠶᠢ ᠡᠯᠬᠦᠪᠠ᠃ ᠬᠦᠰᠢᠬᠡ ᠶᠢᠨ | ᠭᠤᠤᠯ ᠳᠤᠮᠳᠠ ᠰᠢᠵᠢᠷ ᠠᠯᠳᠠᠨ ᠨᠠᠮ ᠤᠨ ᠰᠦᠯᠳᠡ ᠬᠢᠯᠠᠯᠵᠠᠵᠤ᠂ 10 ᠤᠯᠠᠭᠠᠨ ᠳᠤᠬ ᠢ ᠬᠤᠶᠡᠷ ᠳᠠᠯ᠎ᠠ ᠪᠠᠷ ᠨᠢ | ᠵᠢᠬᠰᠠᠭᠠᠵᠠᠢ᠃ ᠶᠡᠭᠡ ᠬᠤᠷᠡᠯ ᠤᠨ ᠳᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠬᠦᠨ᠂ | ᠶᠡᠭᠡ ᠬᠤᠷᠡᠯ ᠤᠨ ᠬᠦᠢᠴᠡᠳᠬᠡᠭᠴᠢ ᠳᠡᠷᠢᠬᠦᠯᠡᠭᠴᠢ ᠯᠢ ᠯᠢ᠂ ᠳ᠋ᠦ᠋ ᠬᠤᠢ ᠯᠢᠶᠠᠩ᠂ ᠰᠢᠩ ᠵᠸᠡᠭ᠂ ᠰᠤ᠋ ᠵᠦᠡᠭ | ᠱᠸᠡᠭ᠂ ᠱᠧ ᠰᠢ ᠸᠧᠨ᠂ ᠰᠤ᠋ ᠼᠦᠢ ᠹᠠᠨᠭ᠌᠂ ᠵᠧᠨ ᠬᠤᠸᠠ᠂ ᠭᠤᠤ ᠳ᠋ᠧ ᠴᠢᠤᠸᠠᠨ᠂ ᠯᠢᠦ ᠰᠢᠶᠤᠤ ᠹᠸᠡᠭ᠂ ᠵᠠᠩ | ᠸᠧᠢ᠂ ᠬᠤᠸᠠ ᠷᠦᠢ ᠹᠸᠡᠭ᠂ ᠪᠦᠷᠢᠨᠴᠢᠮᠡᠭ ᠳᠡᠷᠢᠬᠦᠯᠡᠭᠴᠢ ᠶᠢᠨ ᠳᠠᠶᠢᠰᠠᠨ ᠤ ᠡᠮᠦᠨ᠎ᠡ ᠮᠦᠷ ᠲᠤ ᠰᠠᠭᠠᠳᠠᠪᠠ᠃ | ᠵᠠᠩ ᠵᠠᠨ ᠯᠢᠨ᠂ ᠭᠤᠤ ᠵᠠᠨ ᠱᠸᠡᠭ ᠵᠡᠷᠬᠡ ᠶᠡᠭᠡ ᠬᠤᠷᠡᠯ ᠤᠨ ᠳᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ᠂ | ᠳᠦᠯᠦᠭᠡᠯᠡᠭᠴᠢᠳ ᠤᠨ ᠳᠤᠳᠤᠷᠡᠬᠢ ᠭᠠᠵᠠᠷ ᠳᠢᠩᠬᠢᠮ ᠤᠨ ᠳᠡᠰ ᠤᠨ ᠺᠠᠳ᠋ᠷ ᠵᠢᠴᠢ ᠤᠷᠢᠬᠰᠠᠨ ᠵᠤᠴᠢᠳ ᠤᠨ | ᠳᠤᠳᠤᠷᠡᠬᠢ ᠭᠠᠵᠠᠷ ᠳᠢᠩᠬᠢᠮ ᠤᠨ ᠳᠡᠰ ᠤᠨ ᠺᠠᠳ᠋ᠷ᠂ ᠠᠵᠢᠯ ᠠᠴᠠ ᠪᠠᠨ ᠠᠮᠠᠷᠠᠬᠰᠠᠨ ᠺᠠᠳ᠋ᠷ᠂ ᠠᠷᠡᠳᠴᠢᠯᠠᠬᠰᠠᠨ ᠨᠠᠮ | ᠪᠦᠯᠦᠭ ᠤᠨ ᠭᠤᠤᠯ ᠬᠠᠷᠢᠭᠤᠴᠠᠯᠭᠠᠳᠠᠨ ᠨᠡᠷ ᠳᠡᠷᠢᠬᠦᠯᠡᠭᠴᠢ ᠶᠢᠨ ᠳᠠᠶᠢᠰᠠᠨ ᠳᠤ ᠰᠠᠭᠠᠳᠠᠪᠠ᠃ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠡ ᠠᠴᠠ ᠬᠤᠳᠠ ᠶᠢᠨ ᠨᠠᠮ ᠤᠨ ᠬᠤᠷᠢᠶᠡᠨ ᠤ ᠬᠤᠭᠤᠴᠠᠭ᠎ᠠ ᠰᠤᠯᠢᠬᠤ ᠠᠵᠢᠯ ᠢ | ᠬᠦᠨᠳᠦᠳᠬᠡᠨ ᠴᠢᠬᠤᠯᠠᠴᠢᠯᠡᠵᠤ᠂ ᠦᠪᠡᠷᠳᠡᠬᠡᠨ ᠵᠠᠰᠠᠬᠤ ᠤᠷᠤᠨ ᠤ ᠠᠬᠤᠢ ᠳᠠᠯᠠᠪᠠᠢ ᠳᠤ ᠵᠢᠭᠠᠨ ᠵᠢᠯᠤᠭᠤᠳᠴᠤ | ᠱᠠᠯᠠᠪᠳᠠᠭᠤᠯᠤᠨ ᠵᠢᠯᠤᠭᠤᠳᠬᠤ ᠲᠤᠯᠤᠳᠤᠭᠠᠷ ᠳᠤᠭᠤᠢᠢᠯᠠᠩ ᠤᠨ ᠳᠠᠷᠤᠭ᠎ᠠ ᠯᠢᠨ ᠵᠢᠶᠡᠨ ᠵᠢᠶᠦ᠋ᠨ᠂ ᠦᠪᠡᠷᠳᠡᠬᠡᠨ | ᠵᠠᠰᠠᠬᠤ ᠤᠷᠤᠨ ᠤ ᠵᠢᠭᠠᠨ ᠵᠢᠯᠤᠭᠤᠳᠴᠤ ᠱᠠᠯᠠᠪᠳᠠᠭᠤᠯᠤᠨ ᠪᠠᠶᠢᠴᠠᠭᠠᠬᠤ ᠲᠠᠪᠤᠳᠤᠭᠠᠷ ᠳᠤᠭᠤᠢᠢᠯᠠᠩ ᠤᠨ ᠳᠠᠷᠤᠭ᠎ᠠ | ᠱᠢ ᠴᠢᠩ ᠵᠢᠴᠢ ᠦᠪᠡᠷᠳᠡᠬᠡᠨ ᠵᠠᠰᠠᠬᠤ ᠤᠷᠤᠨ ᠤ ᠠᠬᠤᠢ ᠳᠠᠯᠠᠪᠠᠢ ᠳᠤ ᠵᠢᠭᠠᠨ ᠵᠢᠯᠤᠭᠤᠳᠴᠤ ᠱᠠᠯᠠᠪᠳᠠᠭᠤᠯᠤᠨ | ᠵᠢᠯᠤᠭᠤᠳᠬᠤ ᠲᠤᠯᠤᠳᠤᠭᠠᠷ ᠳᠤᠭᠤᠢᠢᠯᠠᠩ᠂ ᠵᠢᠭᠠᠨ ᠵᠢᠯᠤᠭᠤᠳᠴᠤ ᠱᠠᠯᠠᠪᠳᠠᠭᠤᠯᠤᠨ ᠪᠠᠶᠢᠴᠠᠭᠠᠬᠤ ᠲᠠᠪᠤᠳᠤᠭᠠᠷ | ᠳᠤᠭᠤᠢᠢᠯᠠᠩ ᠤᠨ ᠪᠦᠷᠢᠯᠳᠦᠬᠦᠨ ᠬᠤᠷᠡᠯ ᠳᠤ ᠤᠷᠤᠯᠴᠠᠵᠤ ᠵᠢᠭᠠᠨ ᠵᠢᠯᠤᠭᠤᠳᠪᠠ᠃ | ᠶᠡᠭᠡ ᠬᠤᠷᠡᠯ ᠢ ᠳ᠋ᠦ᠋ ᠬᠤᠢ ᠯᠢᠶᠠᠩ ᠡᠷᠬᠢᠯᠡᠪᠠ᠃ ᠶᠡᠭᠡ ᠬᠤᠷᠡᠯ ᠳᠤ ᠤᠷᠤᠯᠴᠠᠪᠠᠰᠤ ᠵᠤᠬᠢᠬᠤ ᠲᠦᠯᠦᠭᠡᠯᠡᠭᠴᠢᠳ | 349 ᠬᠦᠮᠦᠨ ᠪᠠᠶᠢᠵᠤ᠂ ᠪᠤᠳᠠᠳᠠᠢ ᠤᠷᠤᠯᠴᠠᠬᠰᠠᠨ ᠨᠢ 340 ᠬᠦᠮᠦᠨ ᠪᠠᠶᠢᠵᠤ᠂ ᠳᠤᠬᠳᠠᠭᠠᠬᠰᠠᠨ ᠬᠦᠮᠦᠨ ᠤ | ᠳᠤᠭᠠᠨ ᠳᠤ ᠨᠡᠶᠢᠴᠡᠪᠡ᠃ | ᠦᠳᠡ ᠶᠢᠨ ᠡᠮᠦᠨᠡᠬᠢ 9 ᠴᠠᠬ ᠲᠤ ᠬᠤᠷᠡᠯ ᠡᠬᠢᠯᠡᠪᠡ᠃ ᠬᠤᠷᠡᠯ ᠳᠤ ᠤᠷᠤᠯᠴᠠᠬᠰᠠᠨ ᠪᠦᠬᠦ ᠨᠦᠭᠦᠳ ᠪᠤᠰᠴᠤ | ᠵᠤᠬᠰᠤᠨ᠂ ᠤᠯᠤᠰ ᠤᠨ ᠰᠦᠯᠳᠡ ᠳᠠᠭᠤᠤ ᠪᠦᠬᠦ ᠳᠠᠯᠠᠪᠠᠢ ᠳᠤ ᠴᠤᠤᠷᠢᠶᠠᠳᠤᠪᠠ᠃ | ᠬᠠᠯᠠᠭᠤᠨ ᠠᠯᠠᠭ᠎ᠠ ᠳᠠᠰᠢᠯᠳᠡ ᠶᠢᠨ ᠳᠤᠮᠳᠠ ᠯᠢ ᠯᠢ ᠶᠡᠭᠡ ᠬᠤᠷᠡᠯ ᠳᠤ ᠮᠡᠳᠡᠭᠦᠯᠦᠯᠳᠠ ᠬᠢᠪᠡ᠃ | ᠮᠡᠳᠡᠭᠦᠯᠤᠯᠳᠠ ᠨᠢ ᠳᠦᠷᠪᠡᠨ ᠬᠡᠰᠡᠭ ᠢᠶᠠᠷ ᠪᠦᠷᠢᠯᠳᠦᠪᠡ᠄ ᠨᠢᠬᠡ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ | ᠪᠡᠶᠡᠯᠡᠬᠦᠯᠬᠦ ᠶᠢ ᠳᠤᠬᠳᠠᠬᠰᠠᠨ ᠬᠤᠭᠤᠴᠠᠭᠠᠨ ᠳᠤ ᠪᠡᠶᠡᠯᠡᠬᠦᠯᠵᠤ᠂ ᠤᠳᠤᠬᠢᠴᠢᠯᠠᠬᠰᠠᠨ ᠤᠷᠳᠤᠰ ᠢ ᠪᠦᠬᠦ ᠳᠠᠯ᠎ᠠ ᠪᠠᠷ | ᠪᠦᠳᠦᠬᠡᠨ ᠪᠠᠶᠢᠭᠤᠯᠬᠤ ᠰᠢᠨ᠎ᠡ ᠠᠶᠠᠨ ᠢ ᠤᠷᠤᠬᠰᠢᠳᠡᠢ ᠡᠬᠢᠯᠡᠬᠦᠯᠪᠡ︔ ᠬᠤᠶᠡᠷ᠂ ᠰᠢ ᠶᠢᠨ ᠫᠢᠡᠭ ᠤᠨ ᠰᠢᠨ᠎ᠡ ᠴᠠᠬ | ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠠᠶᠠᠨ ᠤ | ᠴᠢᠭᠯᠡᠯ ᠢᠶᠠᠨ ᠭᠦᠳᠦᠯᠤᠨ ᠵᠢᠯᠤᠭᠤᠳᠤᠭᠤᠯᠬᠤ ᠶᠢ ᠪᠠᠷᠢᠮᠳᠠᠯᠠᠵᠤ᠂ ᠰᠢᠨ᠎ᠠ ᠵᠠᠮ ᠢᠶᠠᠷ ᠰᠠᠶᠢᠳᠤᠷ ᠵᠠᠮᠨᠠᠨ᠂ ᠤᠷᠢᠳ ᠢᠶᠠᠷ | ᠬᠡᠷᠡᠭᠵᠢᠬᠦᠯᠬᠦ ᠤᠷᠤᠨ ᠢ ᠪᠦᠳᠦᠬᠡᠨ ᠪᠠᠶᠢᠭᠤᠯᠬᠤ ᠬᠠᠷᠠᠯᠳᠠ ᠱᠠᠭᠠᠷᠳᠠᠯᠭ᠎ᠠ ᠶᠢ ᠤᠨᠤᠪᠴᠢᠳᠡᠢ ᠡᠵᠡᠮᠳᠡᠪᠠ︔ ᠭᠤᠷᠪᠡ᠂ | ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ | ᠴᠢᠨᠡᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠳᠤᠷ ᠵᠠᠮᠨᠠᠵᠤ᠂ | ᠤᠳᠤᠬᠢᠴᠢᠯᠠᠬᠰᠠᠨ ᠤᠷᠳᠤᠰ ᠤᠨ ᠪᠦᠳᠦᠬᠡᠨ ᠪᠠᠶᠢᠭᠤᠯᠤᠯᠳᠠ ᠶᠢ ᠳᠠᠰᠤᠷᠡᠯᠳᠡ ᠦᠬᠡᠢ ᠤᠷᠤᠬᠰᠢ ᠪᠠᠨ ᠠᠬᠢᠭᠤᠯᠤᠨ᠎ᠠ | ︔ ᠳᠦᠷᠪᠡ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠤ᠂ ᠤᠳᠤᠬᠢᠴᠢᠯᠠᠬᠰᠠᠨ | ᠤᠷᠳᠤᠰ ᠤᠨ ᠪᠦᠳᠦᠬᠡᠨ ᠪᠠᠶᠢᠭᠤᠯᠤᠯᠳᠠ ᠳᠤ ᠪᠠᠳᠤ ᠴᠢᠩᠭ᠎ᠠ ᠤᠯᠤᠰ ᠲᠦᠷᠦ ᠶᠢᠨ ᠪᠠᠳᠤᠯᠠᠭ᠎ᠠ ᠬᠠᠨᠭ᠍ᠭᠠᠨ᠎ᠠ᠃ | ᠯᠢ ᠯᠢ ᠮᠡᠳᠡᠭᠦᠯᠤᠯᠳᠠ ᠳᠡᠭᠡᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ | ᠳᠦᠷᠪᠡᠳᠦᠬᠡᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠡᠯ ᠠᠴᠠ ᠨᠠᠭᠠᠰᠢᠬᠢ ᠠᠵᠢᠯ ᠢ ᠪᠦᠬᠦ | ᠳᠠᠯ᠎ᠠ ᠪᠠᠷ ᠡᠷᠬᠢᠴᠡᠬᠦᠯᠪᠡ᠃ ᠳᠡᠷᠡ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ | ᠳᠦᠷᠪᠡᠳᠦᠬᠡᠷ ᠤᠳᠠᠭᠠᠨ ᠤ ᠨᠠᠮ ᠤᠨ ᠳᠦᠯᠦᠭᠡᠯᠡᠭᠴᠢᠳ ᠤᠨ ᠶᠡᠭᠡ ᠬᠤᠷᠡᠯ ᠠᠴᠠ ᠨᠠᠭᠠᠰᠢ᠂ ᠰᠢ ᠶᠢᠨ ᠫᠢᠡᠭ ᠤᠨ | ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ | ᠵᠢᠯᠤᠭᠤᠳᠤᠯᠭ᠎ᠠ ᠳᠤᠤᠷ᠎ᠡ᠂ ᠨᠠᠮ ᠤᠨ ᠳᠦᠪ ᠬᠤᠷᠢᠶ᠎ᠡ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ | ᠪᠠᠳᠤ ᠴᠢᠩᠭ᠎ᠠ ᠤᠳᠤᠷᠢᠳᠤᠯᠭ᠎ᠠ ᠳᠤᠤᠷ᠎ᠡ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠪᠠ ᠠᠷᠪᠠ ᠶᠢᠰᠦᠳᠦᠬᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠬᠡᠷ᠂ ᠳᠠᠪᠤᠳᠤᠭᠠᠷ ᠪᠦᠬᠦᠳᠡ ᠬᠤᠷᠡᠯ ᠤᠨ ᠵᠤᠷᠢᠬ | ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠵᠤ᠂ ᠬᠦᠴᠢᠷ ᠢ ᠰᠢᠪᠳᠤᠯᠤᠨ ᠡᠷᠡᠮᠡᠬᠡᠶᠢᠯᠡᠨ ᠤᠷᠤᠬᠰᠢᠯᠠᠵᠤ᠂ ︽ | ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠬᠡ ᠶᠢᠨ ᠬᠠᠷᠠᠯᠳᠠ ᠡᠬᠦᠷᠬᠡ ᠶᠢ ᠪᠡᠶᠡᠯᠡᠬᠦᠯᠵᠤ᠂ | ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠤᠬᠰᠠᠨ ᠬᠢᠷᠢ ᠪᠦᠳᠦᠮᠵᠢ ᠶᠢᠨ | ᠬᠠᠭᠤᠳᠠᠰᠤ ᠶᠢ ᠳᠤᠰᠢᠶᠡᠵᠤ᠂ ᠤᠳᠤᠬᠢᠴᠢᠯᠠᠬᠰᠠᠨ ᠤᠷᠳᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ | ᠠᠶᠠᠨ ᠳᠤ ᠮᠤᠷᠳᠠᠪᠠ ᠬᠡᠵᠤ ᠵᠢᠭᠠᠵᠤ ᠭᠠᠷᠭᠠᠪᠠ᠃ ᠯᠢ ᠯᠢ ᠮᠡᠳᠡᠭᠦᠯᠤᠯᠳᠠ ᠳᠡᠭᠡᠨ᠂ ᠳᠠᠪᠤᠨ ᠵᠢᠯ ᠤᠨ ᠳᠤᠷᠰᠢ᠂ | ᠪᠢᠳᠡ ᠦᠨᠳᠦᠰᠦᠨ ᠵᠦᠭᠯᠡᠭᠦᠷ ᠢ ᠭᠦᠴᠦᠯᠠᠨ ᠡᠵᠡᠮᠳᠡᠵᠤ᠂ ᠤᠯᠤᠰ ᠳᠦᠷᠦ ᠶᠢᠨ ᠴᠢᠭᠯᠡᠯ ᠪᠠᠳᠤ ᠴᠢᠩᠭ᠎ᠠ ᠵᠦᠪ | ᠤᠨᠤᠪᠴᠢᠳᠡᠢ ᠪᠤᠯᠪᠠ︔ ᠠᠶᠤᠯ ᠳᠦᠭᠰᠢᠬᠦᠷᠢ ᠦᠷᠢᠰᠦᠯᠳᠦᠬᠡᠨ ᠢ ᠪᠦᠳᠦᠮᠵᠢᠳᠡᠢ ᠠᠷᠭᠠᠴᠠᠭᠠᠵᠤ᠂ ᠠᠵᠤ | ᠠᠬᠤᠢ ᠶᠢᠨ ᠬᠦᠭᠵᠢᠯᠳᠡ ᠳᠤᠬᠳᠠᠭᠤᠨ ᠤ ᠳᠤᠮᠳᠠ ᠤᠷᠤᠬᠰᠢᠯᠠᠪᠠ︔ ᠴᠢᠬᠤᠯᠠ ᠶᠡᠭᠡ ᠪᠠᠶᠢᠷᠢᠯᠠᠭᠤᠯᠤᠯᠳᠠ ᠶᠢ ᠡᠷᠡᠰ | ᠳᠤᠭᠤᠰᠢᠯᠠᠭᠤᠯᠵᠤ᠂ ᠭᠤᠤᠯᠳᠠᠯᠭ᠎ᠠ ᠲᠠᠢ ᠠᠵᠢᠯ ᠢ ᠬᠦᠴᠦᠳᠠᠢ ᠠᠬᠢᠭᠤᠯᠪᠠ︔ ᠤᠬ ᠰᠠᠨᠠᠭ᠎ᠠ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ᠂ ᠠᠷᠡᠳ ᠳᠦᠮᠡᠨ ᠤ ᠪᠤᠶᠡᠨ ᠬᠡᠰᠢᠭ ᠢᠯᠡᠳᠳᠡ ᠨᠡᠮᠡᠭᠳᠡᠪᠡ︔ ᠤᠯᠤᠰ | ᠳᠦᠷᠦ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠲᠠᠢ ᠪᠠᠷ ᠡᠬᠦᠷᠬᠡᠯᠡᠵᠤ᠂ ᠨᠠᠮ ᠤᠨ ᠪᠠᠶᠢᠭᠤᠯᠤᠯᠳᠠ ᠶᠢ ᠳᠠᠰᠤᠷᠡᠯᠳᠡ | ᠦᠬᠡᠢ ᠴᠢᠩᠭᠠᠳᠬᠠᠪᠠ᠃ ᠡᠳᠡᠬᠡᠷ ᠦᠷ᠎ᠡ ᠪᠦᠳᠦᠬᠡᠯ ᠢ ᠤᠯᠤᠬᠰᠠᠨ ᠨᠢ ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ | ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠭᠦ ᠤᠬᠠᠭᠠᠨᠴᠢ | ᠵᠢᠯᠤᠭᠤᠳᠤᠯᠭ᠎ᠠ ᠶᠢᠨ ᠦᠷ᠎ᠠ ᠳ᠋ᠦᠡᠭ᠂ ᠨᠠᠮ ᠤᠨ ᠳᠦᠪ ᠬᠤᠷᠢᠶ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶᠡᠨ ᠤ ᠪᠠᠳᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠡᠭ ᠮᠦᠨ᠂ ᠬᠤᠭᠤᠴᠠᠭ᠎ᠠ ᠪᠦᠷᠢ ᠶᠢᠨ ᠬᠤᠳᠠ ᠶᠢᠨ | ᠨᠠᠮ ᠤᠨ ᠬᠤᠷᠢᠶᠡᠨ ᠤ ᠴᠦᠬᠦᠷᠡᠰᠢ ᠦᠬᠡᠢ ᠴᠢᠷᠮᠠᠶᠢᠨ ᠠᠵᠢᠯᠯᠠᠵᠤ᠂ ᠦᠷᠬᠦᠯᠵᠢᠯᠡᠨ ᠳᠡᠮᠡᠴᠡᠭᠰᠡᠨ ᠤ ᠦᠷ᠎ᠡ ᠳ᠋ᠦᠡᠭ᠂ | ᠬᠤᠳᠠ ᠳᠠᠶᠠᠭᠠᠷ ᠢᠶᠠᠨ ᠬᠦᠴᠦ ᠪᠠᠨ ᠬᠠᠮᠳᠤᠳᠬᠠᠨ ᠰᠡᠳᠭᠢᠯ ᠢᠶᠠᠨ ᠨᠢᠭᠡᠳᠭᠡᠵᠤ᠂ ᠨᠡᠭᠡᠭᠡᠯᠳᠡ ᠭᠢᠵᠤ ᠦᠭᠡᠳᠡᠯᠡᠨ | ᠳᠠᠪᠰᠢᠬᠰᠠᠨ ᠤ ᠦᠷ᠎ᠡ ᠳ᠋ᠦᠡᠭ ᠮᠦᠨ ᠬᠡᠵᠤ ᠶᠡᠷᠢᠪᠡ᠃ | ᠯᠢ ᠯᠢ ᠳᠠᠪᠤᠨ ᠵᠢᠯ ᠤᠨ ᠦᠢᠯᠡᠳᠦᠯᠬᠡ ᠪᠠ ᠬᠦᠭᠵᠢᠯᠳᠡ᠂ ᠬᠦᠴᠢᠷ ᠪᠡᠷᠬᠡᠰᠢᠶᠡᠯ ᠪᠡ ᠠᠮᠵᠢᠯᠳᠡ ᠪᠦᠳᠦᠮᠵᠢ ᠨᠢ | ᠪᠢᠳᠠᠡ ᠢ ᠬᠦᠨ ᠤᠢᠢᠯᠠᠭᠠᠯᠳᠠ ᠲᠠᠢ ᠪᠤᠯᠭᠠᠪᠠ᠄ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ | ᠠᠭᠤᠤ ᠶᠡᠭᠡ ᠳᠤᠬ ᠢ ᠦᠨᠳᠦᠷ ᠮᠠᠨᠳᠤᠭᠤᠯᠬᠤ ᠶᠢ ᠪᠠᠷᠢᠮᠳᠡᠯᠡᠨ᠂ ᠶᠡᠷᠦᠩᠬᠡᠢ ᠱᠦᠵᠢ ᠶᠢᠨ ᠠᠯᠬᠤᠭ᠎ᠠ ᠶᠢ ᠴᠢᠩᠭ᠎ᠠ | ᠳᠠᠭᠠᠵᠤ᠂ ᠨᠠᠮ ᠤᠨ ᠳᠦᠪ ᠬᠤᠷᠢᠶᠡᠨ ᠤ ᠠᠶᠢᠵᠠᠮ ᠴᠤᠬᠢᠯᠭ᠎ᠠ ᠶᠢ ᠴᠢᠩᠭ᠎ᠠ ᠡᠵᠡᠮᠳᠡᠨ᠂ ︽ᠬᠤᠶᠡᠷ ᠢ ᠬᠠᠮᠠᠭᠠᠯᠠᠬᠤ︾ | ᠶᠢ ᠨᠡᠩ ᠭᠤᠶᠢᠪᠢᠰᠢ ᠦᠬᠡᠢ ᠪᠡᠶᠡᠯᠡᠬᠦᠯᠪᠡᠯ ᠰᠠᠶ᠋ᠢ ᠤᠷᠳᠤᠰ ᠤᠨ ᠬᠦᠭᠵᠢᠯᠳᠡ ᠢᠮᠠᠬᠳᠠ ᠵᠦᠪ ᠤᠨᠤᠪᠴᠢᠳᠡᠢ | ᠤᠯᠤᠰ ᠳᠦᠷᠦ ᠶᠢᠨ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠵᠤ ᠴᠢᠳᠠᠨ᠎ᠠ᠃ ᠭᠠᠭᠴᠠ ᠬᠦ ᠰᠢ ᠶᠢᠨ ᠫᠢᠡᠭ ᠤᠨ | ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠡᠯᠡᠵᠤ᠂ ᠠᠭᠤᠳᠠᠮ ᠪᠠᠭᠳᠠᠭᠠᠮᠵᠢᠳᠤ ᠳᠡᠯᠡᠬᠡᠢ ᠶᠢᠨ ᠬᠠᠷᠠᠭᠠᠰᠤ᠂ ᠠᠯᠤᠰ | ᠢᠷᠡᠬᠡᠳᠦᠢ ᠶᠢᠨ ᠪᠠᠶᠢᠯᠳᠤᠬᠤ ᠪᠤᠳᠤᠯᠭ᠎ᠠ ᠶᠢᠨ ᠰᠡᠳᠬᠢᠬᠦᠢ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ | ᠤᠢᠢᠯᠠᠭᠠᠬᠳᠠᠬᠤᠨ ᠢᠶᠠᠷ ᠬᠦᠭᠵᠢᠯᠳᠡ ᠶᠢ ᠡᠷᠢᠯᠬᠢᠯᠡᠵᠤ᠂ ᠦᠬᠡᠷᠡᠴᠢᠯᠡᠯᠳᠡ ᠶᠢᠨ ᠠᠷᠭ᠎ᠠ ᠠᠪᠴᠠᠯ᠂ ᠰᠢᠨ᠎ᠡ ᠶᠢ | ᠡᠬᠦᠳᠬᠦ ᠵᠤᠷᠢᠬ ᠰᠠᠨᠠᠭ᠎ᠠ᠂ ᠨᠡᠬᠡᠬᠡᠯᠳᠡᠳᠦ ᠰᠡᠳᠬᠢᠯᠬᠡ ᠪᠠᠷ ᠬᠦᠭᠵᠢᠯᠳᠡ ᠶᠢ ᠠᠬᠢᠭᠤᠯᠪᠠᠯ ᠰᠠᠶ᠋ᠢ ᠦᠨᠡᠨ ᠬᠦ ᠦᠵᠡᠯ | ᠰᠠᠨᠠᠭᠠᠨ ᠤ ᠴᠢᠯᠦᠬᠡᠯᠡᠯᠳᠡ ᠪᠠᠷ ᠬᠦᠭᠵᠢᠯᠳᠡ ᠶᠢ ᠰᠢᠪᠳᠤᠯᠬᠤ ᠶᠢ ᠬᠦᠳᠦᠯᠦᠨ ᠳᠠᠭᠠᠭᠤᠯᠵᠤ ᠴᠢᠳᠠᠨ᠎ᠠ᠃ ᠭᠠᠭᠴᠠ ᠬᠦ | ᠶᠡᠷᠦᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠠᠵᠢᠯ ᠳᠤ ᠳᠠᠯᠪᠢᠬᠰᠠᠨ ᠴᠢᠬᠤᠯᠠ ᠶᠠᠷᠢᠶ᠎ᠡ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠪᠠᠷᠢᠮᠳᠡᠯᠡᠵᠤ᠂ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ | ᠭᠠᠷᠬᠤ ᠵᠠᠮ ᠢ ᠡᠷᠢᠯᠬᠢᠯᠡᠬᠦ᠂ ᠰᠢᠨ᠎ᠡ ᠵᠠᠮ ᠢ ᠨᠡᠬᠡᠬᠡᠬᠦ ᠶᠢ ᠪᠠᠷᠢᠮᠳᠡᠯᠡᠵᠤ᠂ ᠰᠢᠨ᠎ᠡ ᠬᠦᠭᠵᠢᠯᠳᠡ ᠶᠢᠨ | ᠤᠢᠢᠯᠠᠭᠠᠬᠳᠠᠬᠤᠨ ᠢᠶᠠᠷ ᠴᠢᠨᠡᠷ ᠤᠨ ᠬᠤᠪᠢᠷᠠᠯᠳᠡ᠂ ᠦᠷ᠎ᠡ ᠪᠦᠳᠦᠮᠵᠢ ᠶᠢᠨ ᠬᠤᠪᠢᠷᠡᠯᠳᠡ ᠪᠠ ᠬᠦᠳᠡᠯᠬᠡᠬᠦ | ᠬᠦᠴᠦᠨ ᠤ ᠬᠤᠪᠢᠷᠠᠯᠳᠡ ᠶᠢ ᠬᠦᠳᠦᠯᠦᠨ ᠳᠠᠭᠠᠭᠤᠯᠪᠠᠯ ᠰᠠᠶ᠋ᠢ ᠴᠢᠨᠡᠷ ᠰᠠᠶᠢᠳᠡᠢ ᠬᠦᠭᠵᠢᠯᠳᠡ ᠶᠢᠨ ᠵᠠᠮ ᠢᠶᠠᠷ | ᠤᠷᠤᠬᠰᠢᠳᠡᠢ ᠠᠯᠬᠤᠯᠠᠨ ᠠᠯᠤᠰ ᠢ ᠵᠤᠷᠢᠵᠤ ᠴᠢᠳᠠᠨ᠎ᠠ᠃ ᠳᠦᠷᠦ ᠵᠠᠰᠠᠬ ᠪᠤᠯ ᠳᠠᠷᠤᠢ ᠠᠷᠡᠳ ᠳᠦᠮᠡᠨ᠂ ᠠᠷᠡᠳ | ᠳᠦᠮᠡᠨ ᠪᠤᠯ ᠳᠠᠷᠤᠢ ᠳᠦᠷᠦ ᠵᠠᠰᠠᠬ ᠪᠤᠯᠬᠤ ᠶᠢ ᠪᠠᠷᠢᠮᠳᠡᠯᠡᠵᠤ ᠠᠯᠢᠪᠠ ᠪᠦᠬᠦᠨ ᠳᠤ ᠠᠷᠡᠳ ᠳᠦᠮᠡᠨ ᠳᠤ ᠳᠦᠰᠢᠭᠯᠡᠬᠦ | ᠂ ᠠᠯᠢᠪᠠ ᠪᠦ᠋ᠬᠦᠨ ᠳᠤ ᠠᠷᠡᠳ ᠳᠦᠮᠡᠨ ᠤ ᠳᠦᠯᠦᠬᠡ ᠪᠠᠶᠢᠬᠤ ᠶᠢ ᠠᠵᠢᠯ ᠤᠨ ᠪᠦᠬᠦ ᠶᠠᠪᠤᠴᠠ ᠳᠠᠭᠠᠨ | ᠳᠤᠭᠤᠰᠢᠯᠠᠭᠤᠯᠪᠠᠯ ᠰᠠᠶ᠋ᠢ ᠠᠷᠡᠳ ᠤᠨ ᠠᠮᠢᠳᠤᠷᠡᠯ ᠢᠶᠠᠷ ᠠᠷᠡᠳ ᠤᠨ ᠰᠡᠳᠬᠢᠯ ᠢ ᠤᠯᠵᠤ᠂ ᠠᠷᠡᠳ ᠤᠨ | ᠰᠡᠳᠬᠢᠯ ᠢᠶᠠᠷ ᠠᠷᠡᠳ ᠤᠨ ᠬᠦᠴᠦᠨ ᠢ ᠨᠢᠬᠳᠠᠷᠠᠭᠤᠯᠵᠤ ᠴᠢᠳᠠᠨ᠎ᠠ᠃ ᠭᠠᠭᠴᠠ ᠬᠦ ᠪᠤᠳᠠᠳᠠᠢ ᠠᠵᠢᠯᠯᠠᠬᠤ ᠶᠢ | ᠴᠢᠬᠤᠯᠠᠴᠢᠯᠡᠵᠤ᠂ ᠪᠤᠳᠠᠳᠠᠢ ᠶᠢ ᠡᠷᠬᠢᠮᠯᠡᠨ ᠵᠢᠳᠬᠦᠯ ᠭᠠᠷᠭᠠᠬᠤ᠂ ᠪᠤᠳᠠᠳᠤ ᠦᠷ᠎ᠡ ᠪᠦᠳᠦᠮᠵᠢ ᠶᠢ ᠡᠷᠬᠢᠮᠯᠡᠬᠦ ᠶᠢ | ᠪᠠᠷᠢᠮᠳᠡᠯᠡᠵᠤ᠂ ᠨᠢᠬᠡ ᠰᠡᠳᠬᠢᠯ ᠨᠢᠬᠡ ᠵᠤᠷᠢᠬ ᠢᠶᠠᠷ ᠬᠦᠭᠵᠢᠯᠳᠡ ᠶᠢ ᠡᠷᠢᠯᠬᠢᠯᠡᠨ᠂ ᠨᠠᠶᠢᠳᠠᠪᠤᠷᠢᠵᠢᠭᠤᠯᠤᠯᠳᠠ ᠶᠢ | ᠳᠤᠭᠤᠰᠢᠳᠡᠢ ᠠᠳᠬᠤᠵᠤ᠂ ᠨᠢᠬᠡ ᠵᠢᠷᠤᠬ ᠳᠦᠰᠦᠪ ᠢ ᠡᠴᠤᠰ ᠲᠤᠨᠢ ᠳᠤᠯᠳᠠᠯ᠎ᠠ ᠵᠢᠷᠤᠬᠯᠠᠪᠠᠯ ᠰᠠᠶ᠋ᠢ ᠡᠯ᠎ᠡ | ᠳᠦᠷᠦᠯ ᠤᠨ ᠠᠵᠢᠯ ᠦᠢᠯᠡᠰ ᠢ ᠪᠤᠳᠠᠳᠠᠢ ᠬᠢᠵᠤ ᠰᠠᠶᠢᠳᠤᠷ ᠬᠢᠵᠤ ᠠᠮᠵᠢᠯᠳᠡ ᠲᠠᠢ ᠬᠢᠵᠤ ᠴᠢᠳᠠᠨ᠎ᠠ᠃ ᠭᠠᠭᠴᠠ ᠬᠦ | ︽ᠴᠢᠩᠭ᠎ᠠ︾ ᠪᠠᠶᠢᠯᠭᠠᠬᠤ ᠭᠤᠤᠯ ᠬᠦᠭ ᠠᠶᠠᠰ ᠢ ᠭᠤᠶᠢᠪᠢᠰᠢ ᠦᠬᠡᠢ ᠪᠠᠷᠢᠮᠳᠡᠯᠡᠨ᠂ ᠦᠨᠡᠨ ᠬᠦ ᠬᠠᠮᠢᠶᠠᠷᠴᠤ | ᠦᠨᠡᠨ ᠬᠦ ᠴᠢᠩᠭ᠎ᠠ ᠪᠠᠶᠢᠯᠭᠠᠵᠤ᠂ ᠵᠤᠷᠢᠬᠳᠡᠢ ᠬᠠᠮᠢᠶᠠᠷᠴᠤ ᠵᠤᠷᠢᠬᠳᠡᠢ ᠴᠢᠩᠭ᠎ᠠ ᠪᠠᠶᠢᠯᠭᠠᠵᠤ᠂ ᠤᠷᠳᠤ | ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠭ᠎ᠠ ᠪᠠᠶᠢᠯᠭᠠᠪᠠᠯ ᠰᠠᠶ᠋ᠢ ᠤᠯᠤᠰ ᠳᠦᠷᠦ ᠶᠢᠨ ᠠᠮᠢ | ᠠᠬᠤᠢ ᠶᠢᠨ ︽ᠬᠦᠬᠡᠮᠳᠦᠭ ᠨᠤᠭᠤᠭᠠᠨ ᠠᠭᠤᠯᠠ ᠤᠰᠤ︾ ᠪᠠᠷ ᠠᠵᠤ ᠠᠬᠤᠢ ᠶᠢᠨ ᠬᠦᠭᠵᠢᠯᠳᠡ ᠶᠢᠨ ︽ᠠᠯᠳᠠ | ᠮᠦᠡᠭᠬᠦᠨ ᠠᠭᠤᠯᠠ︾ ᠶᠢ ᠦᠨᠡᠨ ᠬᠦ ᠪᠠᠳᠤᠯᠠᠵᠤ ᠴᠢᠳᠠᠨ᠎ᠠ ᠬᠡᠵᠤ ᠵᠢᠭᠠᠵᠤ ᠭᠠᠷᠭᠠᠪᠠ᠃ | ᠯᠢ ᠯᠢ ᠮᠡᠳᠡᠭᠦᠯᠤᠯᠳᠠ ᠳᠡᠭᠡᠨ᠂ ᠬᠤᠶᠢᠰᠢᠳᠡ ᠶᠢᠨ ᠳᠠᠪᠤᠨ ᠵᠢᠯ ᠪᠤᠯ ᠤᠷᠳᠤᠰ ᠤᠨ ᠶᠡᠭᠡ ᠦᠢᠯᠡᠰ ᠢ | ᠪᠦᠳᠦᠭᠡᠭᠦ ᠳᠡᠦᠬᠡ ᠶᠢᠨ ᠠᠵᠠ ᠳᠤᠬᠢᠶᠠᠯᠳᠤ ᠬᠤᠭᠤᠴᠠᠭ᠎ᠠ᠂ ᠠᠵᠢᠯ ᠬᠢᠵᠤ ᠦᠢᠯᠡᠰ ᠪᠦᠳᠦᠬᠡᠬᠦ ᠬᠦᠭᠵᠢᠯᠳᠡ ᠶᠢᠨ | ᠰᠢᠵᠢᠷ ᠠᠯᠳᠠᠨ ᠬᠤᠭᠤᠴᠠᠭ᠎ᠠ᠂ ᠶᠡᠭᠡ ᠠᠴᠠ ᠬᠦᠴᠦᠷᠭᠡᠭ ᠳᠡᠶᠢᠰᠢ ᠬᠡᠯᠪᠡᠷᠢ ᠪᠠᠨ ᠬᠤᠪᠢᠷᠠᠭᠤᠯᠬᠤ ᠵᠠᠩᠬᠢᠯᠠᠭ᠎ᠠ ᠶᠢᠨ | ᠬᠤᠭᠤᠴᠠᠭ᠎ᠠ ᠪᠤᠯᠤᠨ᠎ᠠ᠃ ᠪᠦᠬᠦ ᠬᠤᠳᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ | ᠱᠠᠭᠠᠷᠳᠠᠯᠭ᠎ᠠ ᠪᠤᠯ᠄ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠳᠤᠬ ᠢ ᠦᠨᠳᠦᠷ | ᠮᠠᠨᠳᠤᠭᠤᠯᠵᠤ᠂ ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠡᠯᠡᠵᠤ᠂ ᠶᠡᠷᠦᠩᠬᠡᠢ ᠱᠦᠵᠢ ᠰᠢ ᠶᠢᠨ | ᠫᠢᠡᠭ ᠤᠨ ︽7 · 1︾ ᠤ ᠴᠢᠬᠤᠯᠠ ᠶᠠᠷᠢᠶᠡᠨ ᠤ ᠵᠤᠷᠢᠬ ᠰᠠᠨᠠᠭ᠎ᠠ ᠪᠠ ᠦᠪᠤᠷ ᠮᠤᠩᠭᠤᠯ ᠤᠨ ᠠᠵᠢᠯ ᠳᠤ | ᠳᠠᠯᠪᠢᠬᠰᠠᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ | ᠳᠤᠭᠤᠰᠢᠯᠠᠭᠤᠯᠵᠤ᠂ ᠨᠠᠮ ᠤᠨ ᠳᠦᠪ ᠬᠤᠷᠢᠶ᠎ᠡ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠡᠯ᠎ᠡ | ᠳᠦᠷᠦᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ︽ | ᠳᠠᠪᠤ ᠶᠢ ᠨᠢᠬᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ | ᠠᠬᠢᠭᠤᠯᠵᠤ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ | ᠵᠤᠭᠢᠴᠠᠭᠤᠯᠤᠨ ᠠᠭᠢᠭᠤᠯᠵᠤ᠂ ᠰᠢᠨ᠎ᠡ ᠬᠦᠭᠵᠢᠯᠳᠡ ᠶᠢᠨ ᠱᠠᠳᠤ ᠦᠶ᠎ᠡ ᠶᠢ ᠡᠵᠡᠮᠳᠡᠨ᠂ ᠰᠢᠨ᠎ᠡ ᠬᠦᠭᠵᠢᠯᠳᠡ ᠶᠢᠨ | ᠤᠢᠢᠯᠠᠭᠠᠬᠳᠠᠬᠤᠨ ᠢ ᠳᠤᠭᠤᠰᠢᠯᠠᠭᠤᠯᠵᠤ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠦᠢᠯᠡᠴᠢᠯᠡᠨ ᠠᠭᠤᠰᠤᠯᠴᠠᠵᠤ᠂ | ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠠᠷᠦᠩᠬᠡᠢ ᠬᠦᠭ ᠠᠶᠠᠰ ᠢ ᠪᠠᠷᠢᠮᠳᠡᠯᠡᠨ᠂ ᠴᠢᠨᠡᠷ ᠰᠠᠶᠢᠳᠡᠢ | ᠬᠦᠭᠵᠢᠯᠳᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠤ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ | ᠴᠢᠨᠡᠷᠳᠡᠢ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠭᠤᠤᠯ ᠱᠤᠭᠤᠮ ᠪᠤᠯᠭᠠᠵᠤ᠂ ᠬᠠᠮᠳᠤ ᠪᠠᠷ ᠴᠢᠨᠡᠭᠡᠯᠢᠭᠵᠢᠬᠦ ᠶᠢ | ᠠᠬᠢᠭᠤᠯᠵᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ | ᠪᠤᠯᠭᠠᠬᠰᠠᠨ ᠴᠢᠨᠡᠷ ᠰᠠᠶᠢᠳᠡᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠬᠦ︾ ᠤᠷᠢᠳ ᠢᠶᠠᠷ ᠬᠡᠷᠡᠭᠵᠢᠬᠦᠯᠬᠦ | ᠤᠷᠤᠨ ᠢ ᠳᠦᠷᠬᠡᠳᠬᠡᠨ ᠪᠠᠶᠢᠭᠤᠯᠵᠤ᠂ ᠤᠳᠤᠬᠢᠴᠢᠯᠠᠬᠰᠠᠨ ᠤᠷᠳᠤᠰ ᠤᠨ ᠪᠦᠳᠦᠬᠡᠨ ᠪᠠᠶᠢᠭᠤᠯᠤᠯᠳᠠ ᠶᠢᠨ ᠰᠠᠶᠢᠨ | ᠰᠠᠶᠢᠬᠠᠨ ᠢᠷᠡᠬᠡᠳᠦᠢ ᠶᠢ ᠴᠢᠷᠮᠡᠶᠢᠨ ᠴᠤᠬᠴᠠᠯᠠᠨᠡ᠃ ᠡᠨᠡ ᠬᠦ ᠶᠡᠷᠦᠩᠬᠡᠢ ᠱᠠᠭᠠᠷᠳᠠᠯᠭ᠎ᠠ ᠶᠢᠨ ᠳᠤᠭᠤᠷᠢᠨ ᠳᠤ᠂ | ᠦᠪᠡᠷᠳᠡᠬᠡᠨ ᠵᠠᠰᠠᠬᠤ ᠤᠷᠤᠨ ᠤ ︽ᠬᠤᠶᠡᠷ ᠬᠠᠯᠬᠠᠪᠴᠢ︾᠂ ︽ᠬᠤᠶᠡᠷ ᠰᠠᠭᠤᠷᠢᠨ ᠭᠠᠵᠠᠷ︾ ᠪᠠ ︽ᠨᠢᠬᠡ | ᠬᠦᠬᠦᠷᠬᠡᠨ ᠪᠠᠭᠢᠯᠠᠯᠳᠠ︾ ᠶᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠭᠳᠠᠭᠠᠯᠳᠠ ᠶᠢ | ᠴᠢᠩᠭ᠎ᠠ ᠠᠳᠬᠤᠵᠤ᠂ ᠠᠵᠤ ᠠᠬᠤᠢ ᠨᠡᠩ ᠴᠢᠩᠭ᠎ᠠ ᠪᠤᠳᠠᠳᠤ ᠬᠦᠴᠦᠨ ᠲᠠᠢ ᠤᠷᠳᠤᠰ᠂ ᠬᠦᠳᠡᠯᠬᠡᠬᠦ ᠬᠦᠴᠦᠨ ᠨᠡᠩ | ᠲᠡᠭᠦᠯᠳᠡᠷ ᠠᠮᠢᠵᠢᠷᠡᠯ ᠤᠨ ᠬᠦᠴᠦᠨ ᠲᠠᠢ ᠤᠷᠳᠤᠰ᠂ ᠠᠮᠢ ᠠᠬᠤᠢ ᠨᠡᠩ ᠰᠢᠯᠢᠳᠡᠭ ᠪᠤᠬᠢᠷᠳᠤᠯ ᠦᠬᠡᠢ ᠤᠷᠳᠤᠰ᠂ | ᠬᠤᠳᠠ ᠬᠦᠳᠡᠭᠡ ᠨᠡᠩ ᠭᠤᠶᠤ ᠤᠷᠤᠰᠢᠠ ᠠᠮᠢᠳᠤᠷᠠᠬᠤ ᠳᠤ ᠲᠠᠭᠠᠯᠠᠮᠵᠢᠳᠠᠢ ᠤᠷᠳᠤᠰ᠂ ᠪᠤᠶᠠᠨ ᠭᠡᠰᠢᠭ ᠨᠠᠩ | ᠵᠤᠵᠠᠭᠠᠨ ᠵᠤᠯ ᠵᠢᠷᠭᠠᠯᠳᠤ ᠤᠷᠳᠤᠰ ᠢ ᠭᠤᠤᠯᠳᠠᠯᠭ᠎ᠠ ᠲᠠᠢ ᠪᠦᠳᠦᠬᠡᠨ ᠪᠠᠶᠢᠭᠤᠯᠤᠨ᠎ᠠ ᠬᠡᠵᠤ ᠵᠢᠭᠠᠵᠤ ᠭᠠᠷᠭᠠᠪᠠ᠃ | ᠯᠢ ᠯᠢ ᠮᠡᠳᠡᠬᠦᠯᠦᠯᠳᠡ ᠳᠡᠭᠡᠨ ᠬᠤᠶᠢᠰᠢᠳᠡ ᠶᠢᠨ ᠳᠠᠪᠤᠨ ᠵᠢᠯ ᠤᠨ ᠭᠤᠤᠯ ᠡᠬᠦᠷᠬᠡ ᠶᠢ ᠳᠤᠷᠠᠳᠪᠠ᠃ ᠠᠵᠤ | ᠠᠬᠤᠢ ᠶᠢᠨ ᠳᠤᠬᠳᠠᠭᠤᠨ ᠨᠡᠮᠡᠭᠳᠡᠯ ᠢ ᠬᠦᠴᠦᠯᠡᠨ ᠪᠠᠳᠤᠯᠠᠵᠤ᠂ ᠬᠦᠭᠵᠢᠯᠳᠡ ᠶᠢᠨ ᠳᠡᠷᠢᠬᠦᠨ ᠴᠢᠬᠤᠯᠠ ᠡᠬᠦᠷᠬᠡ ᠶᠢ | ᠴᠢᠩᠭ᠎ᠠ ᠠᠳᠬᠤᠨ᠂ ᠮᠢᠩᠭᠠᠨ ᠳ᠋ᠦᠡᠭᠰᠢᠭᠤᠷ ᠳᠦᠬᠦᠷᠢᠭ ᠤᠨ ᠠᠵᠤ ᠦᠢᠯᠡᠰ ᠤᠨ ᠰᠦᠷᠦᠭᠵᠢᠯ᠂ ᠮᠢᠩᠭᠠᠨ | ᠳ᠋ᠦᠡᠭᠰᠢᠭᠤᠷ ᠳᠦᠬᠦᠷᠢᠭ ᠤᠨ ᠪᠦᠳᠤᠮᠵᠢᠳᠡᠢ ᠪᠡᠯᠡ ᠤᠷᠤᠭᠤᠯᠤᠯᠳᠠ᠂ ᠮᠢᠩᠭᠠᠨ ᠳ᠋ᠦᠡᠭᠰᠢᠭᠤᠷ ᠳᠦᠬᠦᠷᠢᠭ ᠤᠨ | ᠪᠤᠳᠠᠳᠤ ᠬᠦᠴᠦᠨ ᠲᠠᠢ ᠬᠤᠰᠢᠭᠤ ᠳᠤᠭᠤᠷᠢᠬ᠂ ᠮᠢᠩᠭᠠᠨ ᠳ᠋ᠦᠡᠭᠰᠢᠭᠤᠷ ᠳᠦᠬᠦᠷᠢᠭ ᠤᠨ ᠦᠢᠯᠡᠳᠬᠦᠨ ᠤ | ᠦᠷᠳᠡᠭ ᠲᠠᠢ ᠬᠦᠷᠢᠶᠡᠯᠡᠩ ᠳᠤᠭᠤᠷᠢᠬ ᠢ ᠡᠬᠦᠳᠬᠦ ᠪᠠᠷ ᠳᠤᠯᠭᠠᠭᠤᠷᠢᠯᠡᠭᠤᠯᠵᠤ᠂ ᠠᠵᠤ ᠦᠢᠯᠡᠰ ᠤᠨ ᠰᠦᠷᠦᠭᠵᠢᠯ ᠢ | ᠪᠤᠶᠢᠵᠢᠭᠤᠯᠬᠤ ᠠᠵᠢᠯᠯᠠᠭ᠎ᠠ᠂ ᠪᠦᠳᠤᠮᠵᠢᠳᠡᠢ ᠪᠡᠯᠡ ᠤᠷᠤᠭᠤᠯᠤᠯᠳᠠ ᠶᠢᠨ ᠬᠡᠮᠵᠢᠶ᠎ᠡ ᠶᠢ ᠦᠷᠬᠡᠳᠬᠡᠬᠦ ᠠᠵᠢᠯᠯᠠᠭ᠎ᠠ᠂ | ᠰᠢᠶᠡᠨ ᠤ ᠤᠷᠤᠨ ᠪᠦᠰᠡ ᠶᠢᠨ ᠠᠵᠤ ᠠᠬᠤᠢ ᠶᠢᠨ ᠳᠠᠬᠢᠨ ᠢᠶᠠᠷ ᠨᠡᠮᠡᠭᠳᠡᠬᠦᠯᠬᠦ ᠠᠵᠢᠯᠯᠠᠭ᠎ᠠ᠂ ᠠᠵᠤ ᠦᠢᠯᠡᠰ ᠤᠨ | ᠬᠦᠷᠢᠶᠡᠯᠡᠩ ᠳᠤᠭᠤᠷᠢᠬ ᠤᠨ ᠴᠢᠨᠡᠷ ᠴᠢᠨᠰᠠᠭ᠎ᠠ ᠶᠢ ᠳᠡᠭᠡᠭᠰᠢᠯᠡᠬᠦᠯᠬᠦ ᠠᠵᠢᠯᠯᠠᠭ᠎ᠠ᠂ ᠠᠵᠤ ᠠᠬᠤᠢ ᠶᠢᠨ ︽ᠦᠨᠳᠡᠬᠡᠳᠤ | ᠪᠤᠤᠪᠤ︾ ᠶᠢ ᠦᠷᠬᠦᠯᠵᠢᠯᠡᠨ ᠪᠤᠵᠠᠭᠠᠢᠢᠷᠠᠭᠤᠯᠬᠤ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠤ᠂ ᠤᠳᠤᠬᠢᠴᠢᠯᠠᠬᠰᠠᠨ | ᠤᠷᠳᠤᠰ ᠤᠨ ᠪᠦᠳᠦᠬᠡᠨ ᠪᠠᠶᠢᠭᠤᠯᠤᠯᠳᠠ ᠶᠢᠨ ᠪᠠᠳᠤ ᠰᠠᠭᠤᠷᠢ ᠶᠢ ᠪᠠᠶᠢᠭᠤᠯᠤᠨ ᠪᠠᠬᠢᠵᠢᠬᠦᠯᠤᠨ᠎ᠠ᠃ ᠠᠵᠤ | ᠦᠢᠯᠡᠰ ᠤᠨ ᠪᠤᠬᠢᠷᠳᠤᠯ ᠦᠬᠡᠢ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ︽ᠬᠤᠤᠰ | ᠨᠡᠬᠦᠷᠡᠰᠦᠳᠦ᠋ᠷᠦᠭᠴᠢ︾ ᠶᠢᠨ ᠬᠠᠷᠡᠯᠳᠡ ᠪᠠᠷ ᠪᠦᠳᠦᠴᠡ ᠪᠠᠨ ᠳᠤᠬᠢᠷᠠᠭᠤᠯᠬᠤ ᠶᠢ ᠬᠡᠳᠡᠷᠬᠦ ᠱᠠᠯᠠᠪᠳᠠᠭᠤᠯᠵᠤ᠂ | ᠡᠨᠧᠷᠬᠢ ᠶᠢᠨ ᠬᠡᠯᠪᠡᠷᠢ ᠪᠠᠨ ᠬᠤᠪᠢᠷᠠᠭᠤᠯᠬᠤ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠡᠵᠤ | ᠂ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠦᠭᠵᠢᠯᠳᠡ ᠪᠠᠷ ᠬᠦᠳᠡᠯᠬᠡᠬᠦ ᠬᠦᠴᠦᠨ ᠤ ᠬᠤᠪᠢᠷᠡᠯᠳᠡ ᠶᠢ | ᠬᠦᠳᠤᠯᠤᠨ ᠳᠠᠭᠠᠭᠤᠯᠵᠤ᠂ ᠦᠢᠯᠡᠴᠢᠯᠡᠬᠡᠨ ᠤ ᠦᠢᠯᠡᠰ ᠤᠨ ᠳᠡᠰᠵᠢᠯᠳᠡ ᠪᠠᠷ ᠠᠵᠤ ᠦᠢᠯᠡᠰ ᠤᠨ ᠳᠤᠬᠳᠠᠯᠴᠠᠭ᠎ᠠ ᠶᠢ | ᠰᠢᠯᠢᠳᠡᠭᠵᠢᠬᠦᠯᠤᠨ᠂ ᠤᠳᠤᠬᠢᠴᠢᠯᠠᠬᠰᠠᠨ ᠤᠷᠳᠤᠰ ᠤᠨ ᠪᠦᠳᠦᠬᠡᠨ ᠪᠠᠶᠢᠭᠤᠯᠤᠯᠳᠠ ᠶᠢᠨ ᠭᠤᠤᠯ ᠬᠦᠳᠡᠯᠬᠡᠬᠦᠷ | ᠬᠦᠴᠤᠨ ᠢ ᠪᠤᠶᠢᠵᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠤᠨ ᠨᠡᠬᠡᠬᠡᠯᠳᠡ ᠬᠢᠬᠦ ᠶᠢ ᠬᠦᠴᠦᠯᠡᠨ | ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢᠭᠡᠳᠦᠭᠡᠷ ᠠᠮᠢᠵᠢᠷᠠᠯ ᠤᠨ ᠬᠦᠴᠦᠨ ᠢ ᠪᠠᠳᠠᠷᠠᠭᠤᠯᠵᠤ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠨᠢᠭᠡᠳᠦᠭᠡᠷ ᠬᠥᠳᠡᠯᠭᠡᠬᠦ ᠬᠦᠴᠦᠨ ᠢ ᠬᠥᠭᠵᠢᠭᠡᠵᠦ᠂ | ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠬᠤᠳᠠᠯᠳᠤᠭ᠎ᠠ ᠡᠷᠬᠢᠯᠡᠬᠦ | ᠣᠷᠴᠢᠨ ᠠᠬᠤᠢ ᠶᠢᠨ ᠨᠢᠭᠡᠳᠦᠭᠡᠷ ᠦᠷᠢᠰᠦᠯᠳᠦᠬᠦ ᠬᠦᠴᠦᠨ ᠢ ᠪᠤᠢ ᠪᠣᠯᠭᠠᠵᠤ᠂ ᠨᠡᠬᠡᠬᠡᠯᠳᠡ ᠬᠢᠵᠦ ᠬᠠᠮᠲᠤᠷᠠᠯᠴᠠᠬᠤ | ᠨᠢᠭᠡᠳᠦᠭᠡᠷ ᠳᠠᠯᠳᠠ ᠬᠦᠴᠦᠨ ᠢ ᠠᠭᠤᠳᠠᠯᠵᠤ᠂ ᠣᠳᠣᠬᠢᠴᠢᠯᠠᠭᠰᠠᠨ ᠤᠷᠳᠤᠰ ᠤᠨ ᠪᠦᠳᠦᠬᠡᠨ ᠪᠠᠶᠢᠭᠤᠯᠤᠯᠲᠠ ᠶᠢᠨ | ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠪᠥᠬᠦ ᠰᠠᠪᠠ ᠭᠠᠵᠠᠷ ᠢ ᠬᠠᠮᠵᠢᠯᠴᠠᠨ ᠵᠠᠰᠠᠬᠤ᠂ ᠪᠥᠬᠦ ᠤᠷᠤᠨ ᠪᠦ᠋ᠰᠡ ᠶᠢ ᠬᠠᠮᠠᠭᠠᠯᠠᠨ | ᠰᠡᠷᠭᠦᠭᠡᠬᠦ᠂ ᠪᠥᠬᠦ ᠤᠷᠤᠨ ᠪᠦᠰᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠂ | ᠣᠳᠣᠬᠢᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠶᠢᠨ ᠨᠣᠭᠤᠭᠠᠨ ᠬᠠᠯᠬᠠᠪᠴᠢ ᠶᠢ ᠪᠠᠲᠤ ᠴᠣᠭᠴᠠᠯᠠᠨ᠎ᠠ᠃ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠯᠡᠨ ᠲᠦᠷᠭᠡᠳᠬᠡᠵᠦ᠂ ᠠᠵᠤ ᠦᠢᠯᠡᠳᠪᠦᠷᠢ ᠪᠠᠷ | ᠳᠠᠷᠢᠶᠠᠯᠠᠩ ᠤᠢᠢᠯᠡᠳᠪᠤᠷᠢᠯᠡᠯ ᠢ ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠵᠤ | ᠂ ᠬᠦᠳᠡᠭᠡ ᠳᠤᠰᠬᠤᠨ ᠢ ᠪᠦᠬᠦ ᠲᠠᠯ᠎ᠠ ᠪᠠᠷ ᠬᠥᠭᠵᠢᠭᠦᠯᠬᠦ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠠᠮᠢ | ᠠᠬᠤᠢ ᠶᠢᠨ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠴᠡᠴᠡᠷᠯᠢᠭᠵᠢᠬᠦᠯᠦᠯᠳᠡ ᠶᠢᠨ ᠬᠤᠳᠠ ᠶᠢ ᠦᠨᠳᠤᠷ | ᠴᠢᠨᠠᠷᠵᠢᠯ ᠲᠠᠢ ᠪᠠᠷ ᠪᠠᠶᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲᠧᠮ ᠢ ᠥᠨᠳᠥᠷ | ᠲᠦᠪᠰᠢᠨ ᠢᠶᠠᠷ ᠪᠠᠶᠢᠭᠤᠯᠵᠤ᠂ ᠣᠳᠣᠬᠢᠴᠢᠯᠠᠭᠰᠠᠨ ᠤᠷᠳᠤᠰ ᠤᠨ ᠪᠦᠳᠤᠬᠡᠨ ᠪᠠᠶᠢᠭᠤᠯᠤᠯᠲᠠ ᠶᠢᠨ ᠪᠠᠲᠤ ᠪᠠᠬᠢ | ᠰᠠᠭᠤᠷᠢ ᠶᠢ ᠪᠠᠬᠢᠵᠢᠭᠦᠯᠤᠨ᠎ᠠ᠃ ᠠᠷᠠᠳ ᠤᠨ ᠠᠮᠢᠳᠤᠷᠠᠯ ᠤᠨ ᠪᠤᠶᠡᠨ ᠬᠡᠰᠢᠭ ᠢ ᠬᠦᠴᠦᠯᠡᠨ ᠨᠡᠮᠡᠭᠳᠡᠭᠦᠯᠵᠦ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠤᠨ᠂ ᠦᠨᠳᠤᠷ | ᠴᠢᠨᠠᠷ ᠳᠡᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠨ᠎ᠡ ᠬᠠᠩᠭᠠᠯᠭ᠎ᠠ ᠶᠢ ᠨᠡᠮᠡᠭᠳᠡᠭᠦᠯᠵᠦ᠂ ᠣᠯᠠᠨ ᠳᠡᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠨ᠎ᠡ ᠲᠤᠭᠳᠠᠯᠴᠠᠭ᠎ᠠ ᠶᠢ ᠪᠠᠶᠢᠭᠤᠯᠵᠤ᠂ ᠦᠨᠳᠦᠰᠦᠳᠡᠨ ᠤ | ᠪᠦᠯᠬᠦᠮᠳᠡᠯ ᠲᠠᠪᠰᠢᠯᠳᠠ ᠶᠢᠨ ᠰᠢᠨ᠎ᠡ ᠪᠠᠶᠢᠳᠠᠯ ᠢ ᠡᠭᠦᠳᠴᠦ᠂ ᠪᠦᠬᠦ ᠠᠷᠠᠳ ᠲᠦᠮᠡᠨ ᠤ ᠬᠦᠷᠲᠡᠮᠵᠢ ᠶᠢᠨ | ᠲᠦᠷᠦᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯᠳᠤ ᠲᠦᠷᠦᠭᠳᠡᠯ ᠢ ᠨᠡᠩ ᠦᠷᠭᠦᠯᠵᠢᠯᠡᠭᠦ᠋ᠢᠴᠡ ᠪᠤᠯᠭᠠᠵᠤ᠂ | ᠠᠮᠤᠷ ᠲᠦᠪᠰᠢᠨ ᠤ ᠲᠥᠷᠦᠭᠳᠡᠯ ᠢ ᠨᠡᠩ ᠪᠠᠲᠤᠯᠠᠭ᠎ᠠ ᠲᠠᠢ ᠪᠣᠯᠭᠠᠵᠤ᠂ ᠣᠳᠣᠬᠢᠴᠢᠯᠠᠭᠰᠠᠨ ᠤᠷᠳᠤᠰ ᠤᠨ ᠪᠦᠳᠤᠬᠡᠨ | ᠪᠠᠶᠢᠭᠤᠯᠤᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ ᠥᠨᠳᠥᠷ ᠴᠢᠳᠠᠪᠬᠢᠳᠤ | ᠵᠠᠰᠠᠯᠳᠠ ᠶᠢ ᠬᠦᠴᠦᠯᠡᠨ ᠠᠬᠢᠭᠤᠯᠵᠤ᠂ ᠬᠠᠤᠯᠢ ᠪᠠᠷ ᠬᠤᠳᠠ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ | ᠠᠮᠤᠷ ᠲᠦᠪᠰᠢᠨ ᠲᠣᠭᠲᠠᠭᠤᠨ ᠢ ᠡᠷᠡᠰ ᠬᠠᠮᠠᠭᠠᠯᠠᠵᠤ᠂ ᠬᠤᠳᠠ ᠶᠢᠨ ᠬᠡᠪᠴᠢᠶᠡᠨ ᠤ ᠤᠳᠤᠬᠢᠴᠢᠯᠠᠯᠳᠠ ᠶᠢᠨ | ᠵᠠᠰᠠᠯᠲᠠ ᠶᠢ ᠴᠢᠩᠭᠠᠳᠬᠠᠵᠤ᠂ ᠣᠳᠣᠬᠢᠴᠢᠯᠠᠭᠰᠠᠨ ᠤᠷᠳᠤᠰ ᠤᠨ ᠪᠦᠳᠦᠭᠡᠨ ᠪᠠᠶᠢᠭᠤᠯᠤᠯᠲᠠ ᠶᠢᠨ ᠠᠮᠤᠷ | ᠲᠣᠭᠲᠠᠭᠤᠨ ᠬᠠᠯᠬᠠᠪᠴᠢ ᠶᠢ ᠪᠦᠳᠦᠭᠡᠨ ᠪᠠᠶᠢᠭᠤᠯᠤᠨ᠎ᠠ ᠬᠡᠵᠡᠢ᠃ | ᠯᠢ ᠯᠢ ᠮᠡᠳᠡᠬᠦᠯᠦᠯᠳᠡ ᠳᠡᠭᠡᠨ᠂ ᠣᠳᠣᠬᠢᠴᠢᠯᠠᠭᠰᠠᠨ ᠤᠷᠳᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ | ᠨᠠᠮ ᠤᠨ ᠤᠳᠤᠷᠢᠳᠤᠯᠭ᠎ᠠ ᠪᠣᠯ ᠦᠨᠳᠦᠰᠦᠨ ᠪᠠᠲᠤᠯᠠᠭ᠎ᠠ ᠪᠣᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠲᠣᠭᠲᠠᠯ | ᠬᠦᠴᠦᠨ ᠢ ᠡᠭᠦᠷᠢᠳᠡ ᠪᠠᠲᠤᠯᠠᠵᠤ᠂ ᠢᠲᠡᠭᠡᠯ ᠪᠠᠲᠤ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠵᠤ᠂ ᠬᠦᠨᠳᠦ | ᠡᠭᠦᠷᠭᠡ ᠶᠢ ᠡᠭᠦᠷᠭᠡᠯᠡᠵᠦ ᠳᠡᠶᠢᠯᠬᠦ ᠺᠠᠳ᠋ᠷ ᠤᠨ ᠡ᠊ᠩᠨᠡᠭᠡ ᠶᠢ ᠴᠣᠭᠴᠠᠯᠠᠨ᠂ ᠪᠠᠲᠤ ᠪᠠᠬᠢ ᠲᠠᠶᠢᠴᠢᠨ ᠪᠠᠬᠢᠯᠡᠯᠲᠡ ᠶᠢ | ᠴᠣᠭᠴᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ | ᠣᠳᠣᠬᠢᠴᠢᠯᠠᠭᠰᠠᠨ ᠤᠷᠳᠤᠰ ᠤᠨ ᠪᠦᠳᠦᠬᠡᠨ ᠪᠠᠶᠢᠭᠤᠯᠤᠯᠲᠠ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ | ᠬᠠᠩᠭᠠᠬᠤ ᠬᠡᠷᠡᠭᠲᠡᠢ ᠬᠡᠵᠤ ᠴᠢᠬᠤᠯᠠᠴᠢᠯᠡᠪᠡ᠃ | ᠯᠢ ᠯᠢ ᠮᠡᠳᠡᠬᠦᠯᠦᠯᠳᠡ ᠶᠢᠨ ᠡᠴᠦᠰ ᠲᠤ᠂ ᠠᠭᠤᠤ ᠶᠡᠭᠡ ᠦᠢᠯᠡᠰ ᠬᠥᠮᠦᠰ ᠤᠨ ᠤᠷᠮ᠎ᠡ ᠵᠤᠷᠢᠬ ᠢ | ᠬᠦᠭᠵᠢᠬᠡᠵᠤ᠂ ᠰᠠᠶᠢᠨ ᠰᠠᠶᠢᠬᠠᠨ ᠢᠷᠡᠭᠡᠳᠦᠢ ᠤᠷᠤᠭᠰᠢᠯᠠᠨ ᠲᠠᠪᠰᠢᠬᠤ ᠶᠢ ᠤᠷᠢᠶᠠᠯᠠᠵᠤ ᠪᠠᠶᠢᠨ᠎ᠠ᠃ ᠰᠢᠨ᠎ᠡ ᠠᠶᠠᠨ | ᠵᠠᠮ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠬᠡᠵᠢᠶᠡᠳᠡ ᠴᠠᠯᠠᠭᠠᠢᠢᠷᠠᠬᠤ ᠦᠬᠡᠢ ᠴᠤᠴᠠᠯᠳᠠ ᠦᠬᠡᠢ ᠤᠷᠤᠭᠰᠢᠯᠠᠵᠤ᠂ ᠰᠠᠬᠢᠨ | ᠪᠠᠷᠠᠯᠠᠵᠦ ᠬᠠᠷᠢᠯᠴᠠᠨ ᠬᠠᠪᠰᠤᠷᠤᠯᠴᠠᠨ᠂ ᠬᠠᠮᠳᠤ ᠪᠠᠷ ᠪᠦᠯᠬᠦᠮᠳᠡᠨ ᠲᠡᠮᠡᠴᠡᠵᠦ᠂ ᠰᠢᠨ᠎ᠡ ᠵᠠᠮ ᠢᠶᠠᠷ ᠰᠠᠶᠢᠲᠤᠷ ᠵᠠᠮᠨᠠᠨ᠂ | ᠤᠷᠢᠳ ᠢᠶᠠᠷ ᠬᠡᠷᠡᠭᠵᠢᠬᠦᠯᠬᠦ ᠣᠷᠣᠨ ᠢ ᠪᠦᠳᠦᠬᠡᠨ ᠪᠠᠶᠢᠭᠤᠯᠵᠤ᠂ ᠣᠳᠣᠬᠢᠴᠢᠯᠠᠭᠰᠠᠨ ᠤᠷᠳᠤᠰ ᠤᠨ ᠪᠦᠳᠤᠬᠡᠨ | ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠴᠢᠷᠮᠠᠶᠢᠨ ᠴᠤᠬᠴᠠᠯᠠᠵᠤ᠂ ᠨᠠᠮ᠂ ᠠᠷᠠᠳ ᠲᠦᠮᠡᠨ᠂ | ᠲᠡᠦᠬᠡ ᠳᠤ ᠰᠢᠯᠢᠳᠡᠭ ᠰᠠᠶᠢᠨ ᠴᠠᠭ ᠦᠶ᠎ᠡ ᠶᠢᠨ ᠰᠢᠯᠭᠠᠯᠳᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠵᠠᠭᠠᠶ᠎ᠠ | ᠭᠡᠪᠡ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠥᠷᠪᠡᠳᠦᠭᠡᠷ ᠬᠤᠭᠤᠴᠠᠭᠠᠨ ᠤ | ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠡᠭᠡ ᠬᠤᠷᠠᠯ ᠳᠤ ᠪᠢᠴᠢᠭ ᠤᠨ | ᠬᠡᠯᠪᠡᠷᠢ ᠪᠠᠷ ᠬᠢᠨᠠᠨ ᠪᠠᠶᠢᠴᠠᠭᠠᠯᠭᠠᠬᠤ ᠪᠠᠷ ᠳᠡᠪᠰᠢᠭᠦᠯᠵᠦ᠂ ᠪᠦᠬᠦ ᠬᠤᠳᠠ ᠶᠢᠨ ᠨᠠᠮ ᠤᠨ ᠰᠦᠢᠳᠬᠡᠯ ᠢ ᠬᠤᠷᠢᠶᠠᠨ | ᠠᠪᠤᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠤᠨ ᠮᠡᠳᠡᠭᠦᠯᠦᠯᠲᠡ ᠶᠢ ᠶᠡᠭᠡ ᠬᠤᠷᠠᠯ ᠳᠤ ᠳᠡᠪᠰᠢᠬᠦᠯᠵᠤ | ᠪᠢᠴᠢᠭ ᠤᠨ ᠭᠡᠯᠪᠡᠷᠢ ᠪᠠᠷ ᠬᠢᠨᠠᠨ ᠵᠥᠪᠯᠡᠭᠦᠯᠪᠡ᠃ | ᠳᠦᠯᠦᠭᠡᠯᠡᠭᠴᠢ ᠪᠤᠰᠤ ᠭᠠᠵᠠᠷ ᠳᠢᠩᠬᠢᠮ ᠤᠨ ᠳᠡᠰ ᠤᠨ ᠨᠠᠮ ᠤᠨ ᠭᠡᠰᠢᠬᠦᠨ ᠤᠳᠤᠷᠢᠳᠬᠤ ᠺᠠᠳ᠋ᠷᠴᠤᠳ᠂ | ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ᠂ ᠡᠯ᠎ᠠ ᠤᠯᠠᠨ ᠳᠦᠮᠡᠨᠴᠢ ᠪᠦᠯᠬᠦᠮ ᠪᠤᠯᠤᠨ ᠳᠦᠪ᠂ ᠦᠪᠡᠷᠳᠡᠭᠡᠨ | ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠵᠢᠴᠢ ᠬᠤᠳᠠ ᠳᠤ ᠰᠠᠭᠤᠭ᠎ᠠ ᠮᠦᠡᠭᠬᠦᠨ ᠬᠦᠢᠯᠭᠡᠭᠡᠨ ᠤ | ᠪᠠᠶᠢᠭᠤᠯᠤᠮᠵᠢ ᠶᠢᠨ ᠬᠠᠷᠢᠭᠤᠴᠠᠯᠭᠠᠳᠠᠳ᠂ ᠳᠦᠯᠦᠭᠡᠯᠡᠭᠴᠢ ᠪᠤᠰᠤ ᠳᠡᠭᠡᠷ᠎ᠠ ᠬᠤᠭᠤᠴᠠᠭᠠᠨ ᠤ ᠬᠤᠳᠠ ᠶᠢᠨ ᠨᠠᠮ ᠤᠨ | ᠬᠤᠷᠢᠶᠠᠨ ᠤ ᠪᠠᠶᠢᠡᠭᠭᠤ ᠶᠢᠨ ᠭᠡᠰᠢᠬᠦᠨ᠂ ᠤᠷᠤᠯᠠᠬᠴᠢ ᠭᠡᠰᠢᠬᠦᠨ᠂ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ | ᠬᠤᠷᠢᠶᠠᠨ ᠤ ᠭᠡᠰᠢᠬᠦᠨ ᠵᠢᠴᠢ ᠬᠤᠯᠪᠤᠬᠳᠠᠯ ᠪᠦᠬᠦᠢ ᠪᠤᠰᠤᠳ ᠬᠦᠮᠤᠰ ᠶᠡᠭᠡ ᠬᠤᠷᠠᠯ ᠳᠤ ᠰᠤᠯᠠ ᠤᠷᠤᠯᠴᠠᠪᠠ᠃ | ᠮᠠᠨ ᠤ ᠬᠤᠳᠠ ᠶᠢᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠪᠤᠰᠤ ᠤᠳᠤᠷᠢᠳᠬᠤ ᠺᠠᠳ᠋ᠷᠴᠤᠳ᠂ | ᠠᠷᠠᠳᠴᠢᠯᠠᠬᠰᠠᠨ ᠨᠠᠮ ᠪᠦᠯᠦᠭ ᠤᠨ ᠭᠤᠤᠯ ᠬᠠᠷᠢᠭᠤᠴᠠᠯᠭᠠᠳᠠᠳ᠂ ᠠᠵᠢᠯ ᠠᠴᠠ ᠪᠠᠨ ᠰᠠᠯᠵᠤ ᠠᠮᠠᠷᠠᠬᠰᠠᠨ | ᠺᠠᠳ᠋ᠷᠴᠤᠳ ᠪᠤᠯᠤᠨ ᠠᠵᠤ ᠠᠬᠤᠢᠢᠯᠠᠯ ᠤᠨ ᠵᠠᠷᠢᠮ ᠳᠦᠯᠦᠭᠡᠯᠡᠭᠴᠢᠳ ᠤᠷᠢᠯᠭ᠎ᠠ ᠪᠠᠷ ᠶᠡᠭᠡ ᠬᠤᠷᠠᠯ ᠳᠤ ᠰᠤᠯᠠ | ᠤᠷᠤᠯᠴᠠᠪᠠ᠃ | | | | | ᠵᠡᠭᠦᠨᠳᠠᠭᠢ ᠵᠢᠷᠤᠭ᠄ 9 ᠰᠠᠷ᠎ᠠ ᠶᠢᠨ 24 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠣᠷᠳᠣᠰ | ᠬᠤᠲᠠ ᠶᠢᠨ ᠲᠠᠪᠤᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠪᠡ᠃ | ᠵᠢᠷᠤᠭ ᠪᠣᠯ ᠶᠡᠭᠡ ᠬᠤᠷᠠᠯ ᠤᠨ ᠠᠬᠤᠢ ᠲᠠᠯᠠᠪᠠᠢ ᠪᠤᠯᠤᠨ᠎ᠠ᠃ | | | ᠲᠤᠮᠳᠠᠭᠢ ᠵᠢᠷᠤᠭ᠄ 9 ᠰᠠᠷ᠎ᠠ ᠶᠢᠨ 24 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠣᠷᠳᠣᠰ | ᠬᠤᠲᠠ ᠶᠢᠨ ᠲᠠᠪᠤᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠪᠡ᠃ ᠯᠢ | ᠯᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠳᠥᠷᠪᠡᠳᠦᠭᠡᠷ ᠬᠤᠭᠤᠴᠠᠭᠠᠨ ᠤ ᠬᠤᠷᠢ᠊ | ᠡᠶ᠎ᠡ ᠶᠢ ᠲᠦᠯᠦᠭᠡᠯᠡᠵᠦ ᠶᠡᠭᠡ ᠬᠤᠷᠠᠯ ᠳᠤ ᠮᠡᠳᠡᠭᠦᠯᠦᠯᠲᠡ ᠬᠢᠵᠦ ᠪᠠᠶᠢᠭ᠎ᠠ ᠨᠢ᠃ | | | | | ᠪᠠᠷᠠᠭᠤᠨᠳᠠᠭᠢ ᠵᠢᠷᠤᠭ᠄ 9 ᠰᠠᠷ᠎ᠠ ᠶᠢᠨ 24 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ | ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ | ᠡᠬᠢᠯᠡᠪᠡ᠃ ᠳ᠋ᠦ᠋ ᠬᠤᠢ ᠯᠢᠶᠠᠩ ᠶᠡᠭᠡ ᠬᠤᠷᠠᠯ ᠢ ᠡᠷᠬᠢᠯᠡᠵᠦ ᠪᠠᠶᠢᠭ᠎ᠠ ᠨᠢ᠃ | | | |