| | 9 ᠰᠠᠷ᠎ᠠ ᠶᠢᠨ 25 ᠤ ᠡᠳᠦᠷ᠂ ᠯᠢ ᠯᠢ ᠤᠷᠢᠳ ᠬᠤᠵᠢᠳ ᠳᠠᠯᠠᠳ ᠬᠤᠰᠢᠭᠤᠨ ᠤ ᠲᠥᠯᠦᠭᠡᠯᠡᠭᠴᠢᠳ ᠤᠨ | ᠪᠦᠯᠬᠦᠮ ᠳᠤ ᠬᠦᠷᠴᠦ᠂ ᠲᠥᠯᠦᠭᠡᠯᠡᠭᠴᠢᠳ ᠲᠠᠢ ᠬᠠᠮᠲᠤ ᠪᠠᠷ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠤᠨ | ᠮᠡᠳᠡᠭᠦᠯᠦᠯᠲᠡ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠡᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠶᠠᠷᠢᠯᠴᠠᠪᠠ | ᠃ ᠲᠡᠷᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ | ᠦᠵᠡᠯ ᠰᠠᠨᠠᠭ᠎ᠠ ᠪᠠᠷ ᠠᠶᠠᠨ ᠤ ᠴᠢᠭᠯᠡᠯ ᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠳᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠤ ᠪᠤᠳᠠᠳᠤ ᠶᠠᠪᠤᠳᠠᠯ | ᠬᠢᠵᠦ᠂ ᠰᠢᠨ᠎ᠡ ᠠᠶᠠᠨ ᠵᠠᠮ ᠳᠠᠭᠠᠨ ᠣᠳᠣᠬᠢᠴᠢᠯᠠᠭᠰᠠᠨ ᠤᠷᠳᠤᠰ ᠤᠨ ᠪᠦᠳᠦᠭᠡᠨ ᠪᠠᠶᠢᠭᠤᠯᠤᠯᠲᠠ ᠶᠢᠨ ᠰᠠᠶᠢᠨ | ᠰᠠᠶᠢᠬᠠᠨ ᠢᠷᠡᠭᠡᠳᠦᠢ ᠶᠢ ᠴᠢᠷᠮᠠᠶᠢᠨ ᠴᠤᠬᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠠᠯᠠᠳ ᠬᠤᠰᠢᠭᠤᠨ ᠤ ᠲᠥᠯᠦᠭᠡᠯᠡᠭᠴᠢᠳ ᠤᠨ ᠪᠦᠯᠬᠦᠮ ᠳᠤ᠂ ᠯᠢ ᠯᠢ ᠳᠠᠯᠠᠳ ᠬᠤᠰᠢᠭᠤᠨ ᠤ ᠣᠷᠣᠨ | ᠪᠠᠶᠢᠷᠢᠯᠡᠯ᠂ ᠠᠵᠤ ᠦᠢᠯᠡᠰ᠂ ᠭᠠᠵᠠᠷ ᠰᠢᠷᠣᠢ ᠶᠢᠨ ᠳᠠᠪᠠᠭᠤᠯᠢᠭ ᠢᠯᠡᠷᠬᠡᠢ ᠪᠠᠶᠢᠵᠤ᠂ ᠬᠥᠭᠵᠢᠯᠲᠡ ᠶᠢᠨ | ᠢᠲᠡᠭᠡᠯ ᠢᠶᠠᠨ ᠨᠡᠮᠡᠭᠳᠡᠭᠦᠯᠦᠨ᠂ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠬᠠᠷᠠᠯᠲᠠ ᠲᠡᠶᠢᠰᠢ ᠴᠢᠷᠮᠠᠶᠢᠨ | ᠤᠷᠤᠭᠰᠢᠯᠠᠬᠤ ᠬᠡᠷᠡᠭᠲᠡᠢ᠃ ᠳᠤᠮᠤ ᠠᠮᠢ ᠠᠬᠤᠢ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠡᠷᠢᠭᠦᠨ ᠴᠢᠬᠤᠯᠠ | ᠶᠠᠪᠤᠳᠠᠯ ᠪᠣᠯᠭᠠᠨ ᠰᠤᠳᠤᠯᠤᠨ ᠲᠥᠯᠥᠪᠵᠢᠭᠦᠯᠵᠦ᠂ ᠡᠯᠡᠰᠦ ᠶᠢ ᠵᠠᠰᠠᠬᠤ᠂ ᠲᠠᠩ ᠭᠠᠵᠠᠷ ᠢ ᠵᠠᠰᠠᠬᠤ᠂ ᠬᠦᠨᠳᠡᠢ ᠶᠢᠨ | ᠭᠤᠤᠯ ᠢ ᠵᠠᠰᠠᠬᠤ ᠪᠠᠷ ᠭᠠᠷᠳᠠᠴᠠ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ | ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ | ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠤᠮᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠤᠳᠤ ᠶᠢᠨ ᠪᠠᠶᠢᠭ᠎ᠠ | ᠠᠵᠤ ᠦᠢᠯᠡᠰ ᠤᠨ ᠰᠠᠭᠤᠷᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠵᠤ ᠦᠢᠯᠡᠰ ᠢ ᠰᠢᠯᠢᠳᠡᠭᠵᠢᠭᠦᠯᠦᠨ | ᠲᠡᠰ ᠳᠡᠪᠰᠢᠭᠦᠯᠬᠦ ᠲᠠᠯ᠎ᠠ ᠪᠠᠷ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠥᠬᠦᠪᠥᠷᠢᠯᠡᠬᠦ | ᠂ ᠴᠢᠩᠭᠠᠳᠬᠠᠬᠤ ᠶᠢ ᠠᠬᠢᠭᠤᠯᠬᠤ ᠳᠤ ᠠᠩᠬᠠᠷᠤᠯ ᠢᠶᠠᠨ ᠤᠨᠤᠴᠠᠲᠠᠢ ᠲᠥᠪᠯᠡᠷᠡᠭᠦᠯᠦᠨ᠂ ᠳᠠᠯᠠᠳ ᠠᠵᠤ ᠠᠬᠤᠢ ᠶᠢᠨ | ᠨᠡᠭᠡᠭᠡᠯᠳᠠ ᠶᠢᠨ ᠤᠷᠦᠠ ᠤ ᠮᠢᠩᠭᠠᠨ ᠳ᠋ᠦᠩᠰᠢᠭᠤᠷ ᠦᠢᠯᠡᠳᠬᠦᠨ ᠤ ᠦᠷᠳᠡᠭ ᠤᠨ ᠬᠠᠷᠠᠯᠲᠠ ᠲᠡᠶᠢᠰᠢ | ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠲᠤᠮᠤ ᠰᠠᠭᠤᠷᠢᠨ ᠭᠠᠵᠠᠷ ᠢ ᠪᠠᠶᠢᠭᠤᠯᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠬᠥᠭᠵᠢᠭᠦᠯᠬᠦ | ᠴᠤᠩᠬᠤᠪᠴᠢ ᠶᠢᠨ ᠬᠤᠭᠤᠴᠠᠭ᠎ᠠ ᠶᠢ ᠵᠠᠪᠳᠤᠨ ᠡᠵᠡᠮᠳᠡᠵᠤ᠂ ᠴᠦᠯᠯᠡᠷᠬᠡᠭᠵᠢᠯ ᠢ ᠵᠠᠰᠠᠬᠤ ᠣᠷᠣᠨ᠂ ᠬᠦᠨᠳᠡᠢ ᠶᠢᠨ | ᠭᠤᠤᠯ ᠤᠨ ᠬᠤᠶᠠᠷ ᠡᠷᠭᠢ ᠵᠡᠷᠭᠡ ᠣᠷᠣᠨ ᠪᠦᠰᠡ ᠶᠢ ᠭᠦᠢᠴᠡᠳ ᠠᠰᠢᠭᠯᠠᠨ᠂ ᠰᠢᠨ᠎ᠡ ᠡᠨᠧᠷᠭᠢ ᠶᠢᠨ ᠳᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢ ᠰᠢᠰᠲ᠋ᠧᠮ ᠲᠠᠢ ᠪᠠᠷ | ᠳᠦᠯᠦᠪᠵᠢᠬᠦᠯᠵᠤ᠂ ᠤᠯᠤᠰ ᠤᠨ ᠳᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ | ᠬᠡᠷᠡᠭᠲᠡᠶ᠃ ᠲᠠᠷᠢᠶᠠᠯᠠᠩ ᠤᠨ ᠦᠢᠯᠡᠰ ᠢ ᠪᠤᠵᠠᠭᠠᠢᠢᠷᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠨᠡᠶᠢᠯᠡᠭᠦᠯᠵᠦ᠂ | ᠮᠠᠰᠢᠨᠴᠢᠯᠠᠭᠤᠯᠤᠨ ᠠᠵᠢᠯᠯᠠᠭᠤᠯᠬᠤ ᠲᠦᠪᠰᠢᠨ ᠢ ᠳᠡᠭᠡᠭᠰᠢᠯᠡᠭᠦᠯᠤᠨ᠂ ᠲᠠᠷᠢᠶᠠᠯᠠᠩ ᠤᠨ ᠡᠷᠴᠢᠮᠵᠢᠭᠦᠯᠦᠨ | ᠲᠦᠪᠯᠡᠷᠡᠬᠦᠯᠦᠭᠰᠡᠨ ᠬᠥᠭᠵᠢᠯᠳᠡ ᠶᠢ ᠠᠬᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠳᠤᠮᠤ ᠨᠠᠮ ᠤᠨ ᠪᠠᠶᠢᠭᠤᠯᠤᠯᠲᠠ ᠶᠢ ᠴᠤᠬᠴᠠᠯᠠᠵᠤ᠂ ᠬᠤᠰᠢᠭᠤᠨ ᠤ ᠨᠠᠮ ᠤᠨ | ᠬᠤᠷᠢᠶᠠᠨ ᠤ ᠤᠳᠤᠷᠢᠳᠬᠤ ᠪᠠᠭ ᠤᠨ ᠬᠢᠨ ᠳᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠪᠦᠯᠬᠦᠮᠳᠡᠯ ᠲᠠᠢ᠂ | ᠠᠵᠢᠯ ᠶᠠᠪᠤᠳᠠᠯ ᠬᠢᠵᠦ ᠴᠢᠳᠠᠬᠤ᠂ ᠠᠵᠢᠯ ᠶᠠᠪᠤᠳᠠᠯ ᠬᠢᠵᠤ ᠳᠡᠶᠢᠯᠬᠦ ᠪᠠᠲᠤ ᠴᠢᠩᠭ᠎ᠠ ᠳᠠᠭᠠᠭᠤᠯᠤᠭᠴᠢ ᠪᠣᠯᠬᠤ ᠪᠠᠷ | ᠴᠢᠷᠮᠠᠶᠢᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ | ᠴᠢᠩᠭᠠᠳᠬᠠᠨ᠂ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ︽ᠵᠢᠷᠭᠤᠭᠠᠨ ᠨᠢᠭᠡ︾ | ᠶᠢᠨ ᠠᠵᠢᠯ ᠤᠨ ᠲᠣᠭᠲᠠᠴᠠ ᠶᠢ ᠯᠠᠪᠳᠠᠭᠤᠨ ᠪᠠᠲᠤᠲᠠᠶ ᠶᠠᠪᠤᠭᠳᠠᠭᠤᠯᠵᠤ᠂ ᠦᠨᠳᠦᠰᠦᠨ ᠱᠠᠲᠤᠨ ᠤ ᠨᠠᠮ ᠤᠨ | ᠭᠡᠰᠢᠭᠦᠨ ᠺᠠᠳ᠋ᠷ ᠤᠨ ᠡ᠊ᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠡᠭᠦᠷᠭᠡ ᠶᠢᠨ | ᠪᠤᠲᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠡᠪᠡ᠃ | | | |