| | 9 ᠰᠠᠷ᠎ᠡ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠳᠠᠪᠤᠳᠤᠭᠠᠷ | ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠬᠤᠷᠢᠶᠠᠨ ᠤ ᠨᠢᠬᠡᠳᠦᠬᠡᠷ ᠤᠳᠠᠭ᠎ᠠ ᠶᠢᠨ | ᠬᠤᠷᠡᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ | ᠳᠠᠪᠤᠳᠤᠭᠠᠷ ᠤᠳᠠᠭᠠᠨ ᠤ ᠳᠦᠯᠦᠭᠡᠯᠡᠭᠴᠢᠳ ᠤᠨ ᠶᠡᠭᠡ ᠬᠤᠷᠡᠯ ᠤᠨ ᠵᠤᠷᠢᠬ ᠰᠠᠨᠠᠭ᠎ᠠ ᠶᠢ ᠰᠤᠷᠤᠯᠴᠠᠬᠤ ᠠᠵᠢᠯ ᠢ | ᠳᠤᠬᠢᠷᠠᠭᠤᠯᠵᠤ᠂ ᠪᠦᠬᠦ ᠬᠤᠳᠠ ᠶᠢᠨ ᠠᠶᠤᠯ ᠦᠬᠡᠢ ᠦᠢᠯᠡᠳᠪᠦᠷᠢᠯᠡᠯ᠂ ᠵᠠᠬᠢᠳᠡᠯ ᠰᠤᠷᠪᠤᠯᠵᠢᠯᠠᠯ᠂ ᠨᠤᠳᠤᠬ | ᠪᠡᠯᠴᠢᠬᠡᠷ ᠤᠢᠢᠳᠤ ᠭᠠᠵᠠᠷ ᠢ ᠡᠪᠳᠡᠭᠰᠡᠨ ᠳᠦᠷᠢᠮ ᠠᠴᠠ ᠵᠦᠷᠢᠴᠡᠨ ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢ | ᠳᠤᠰᠬᠠᠢ ᠴᠡᠭᠴᠡᠯᠡᠨ ᠵᠠᠰᠠᠬᠤ ᠵᠡᠷᠬᠡ ᠠᠵᠢᠯ ᠢ ᠪᠠᠶᠢᠷᠢᠯᠠᠭᠤᠯᠪᠠ᠃ | ᠬᠤᠷᠡᠯ ᠠᠴᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠠᠪᠤᠳᠤᠭᠠᠷ ᠤᠳᠠᠭᠠᠨ ᠤ | ᠳᠦᠯᠦᠭᠡᠯᠡᠭᠴᠢᠳ ᠤᠨ ᠶᠡᠭᠡ ᠬᠤᠷᠡᠯ ᠤᠨ ᠵᠤᠷᠢᠬ ᠰᠠᠨᠠᠭ᠎ᠠ ᠶᠢ ᠰᠤᠷᠤᠯᠴᠠᠬᠤ ᠠᠵᠢᠯ ᠢ ᠳᠤᠬᠢᠷᠠᠭᠤᠯᠪᠠ᠃ | ᠬᠤᠷᠡᠯ ᠠᠴᠠ ᠰᠠᠶ᠋ᠢᠬᠠᠨ ᠳᠡᠭᠦᠰᠦᠭᠰᠡᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ | ᠳᠠᠪᠤᠳᠤᠭᠠᠷ ᠤᠳᠠᠭᠠᠨ ᠤ ᠳᠦᠯᠦᠭᠡᠯᠡᠭᠴᠢᠳ ᠤᠨ ᠶᠡᠭᠡ ᠬᠤᠷᠡᠯ ᠠᠴᠠ ᠰᠢᠨ᠎ᠡ ᠨᠢᠬᠡᠨ ᠬᠤᠭᠤᠴᠠᠭᠠᠨ ᠤ ᠬᠤᠳᠠ ᠶᠢᠨ | ᠨᠠᠮ ᠤᠨ ᠬᠤᠷᠢᠶ᠎ᠡ ᠶᠢᠨ ᠪᠠᠶᠢᠡᠭᠭᠤ ᠶᠢᠨ ᠬᠤᠷᠢᠶᠡᠨ ᠤ ᠤᠳᠤᠷᠢᠳᠬᠤ ᠪᠠᠬ ᠢ ᠰᠤᠩᠭᠤᠨ ᠭᠠᠷᠭᠠᠪᠠ᠃ ᠰᠢᠨ᠎ᠡ ᠪᠠᠬ ᠨᠢ | ᠰᠢᠨ᠎ᠡ ᠳᠦᠷᠢ ᠪᠠᠶᠢᠳᠠᠯ᠂ ᠰᠢᠨ᠎ᠡ ᠳᠦᠷᠢ ᠳᠦᠷᠬᠦ᠂ ᠰᠢᠨ᠎ᠡ ᠵᠢᠳᠬᠦᠯ ᠲᠠᠢ ᠪᠠᠶᠢᠬᠤ ᠬᠡᠷᠡᠭᠳᠡᠢ᠃ ᠪᠠᠶᠢᠡᠭᠭᠤ ᠶᠢᠨ | ᠬᠤᠷᠢᠶᠡᠨ ᠤ ᠪᠦᠷᠢᠯᠳᠦᠬᠦᠨ ᠨᠡᠷ ᠦᠯᠢᠬᠡᠷ ᠳᠠᠭᠤᠷᠢᠶᠡᠯ ᠪᠤᠯᠵᠤ᠂ ᠲᠠᠭᠤᠷᠢᠶᠠᠯ ᠦᠵᠡᠭᠦᠯᠵᠤ ᠲᠠᠶᠢᠴᠢᠯᠠᠨ | ᠳᠠᠭᠠᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠪᠤᠳᠠᠳᠤ ᠠᠵᠢᠯᠯᠠᠭ᠎ᠠ ᠪᠠᠷ ᠢᠶᠠᠨ ᠵᠤᠬᠢᠶᠠᠨ | ᠪᠠᠶᠢᠭᠤᠯᠤᠯᠳᠠ ᠶᠢᠨ ᠢᠳᠡᠬᠡᠯ ᠪᠠ ᠤᠯᠠᠨ ᠳᠦᠮᠡᠨ ᠤ ᠨᠠᠶᠢᠳᠠᠯᠭ᠎ᠠ ᠶᠢ ᠬᠠᠷᠢᠭᠤᠯᠬᠤ ᠬᠡᠷᠡᠭᠳᠡᠢ᠃ ᠤᠯᠤᠰ ᠳᠦᠷᠦ ᠶᠢ | ᠡᠷᠬᠢᠮᠯᠡᠬᠦ ᠳᠠᠯ᠎ᠠ ᠪᠠᠷ ᠳᠠᠭᠤᠷᠢᠶᠡᠯ ᠦᠵᠡᠬᠦᠯᠵᠤ᠂ ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠳᠤᠮᠳᠠᠳᠤ | ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠳᠡᠷᠢᠬᠢ ᠳᠤᠯᠤᠭᠠᠢ ᠪᠠᠨ ᠵᠡᠪᠰᠡᠭᠯᠡᠨ | ᠦᠢᠯᠡᠳᠦᠯᠬᠡ ᠪᠠᠨ ᠵᠢᠯᠤᠭᠤᠳᠤᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ᠂ ︽ᠳᠦᠷᠪᠡᠨ ᠢᠳᠡᠬᠡᠯ︾ | ᠢᠶᠠᠨ ᠪᠠᠳᠤᠳᠬᠠᠵᠤ᠂ ︽ᠬᠤᠶᠡᠷ ᠢ ᠬᠠᠮᠠᠭᠠᠯᠠᠬᠤ︾ ᠶᠢ ᠳᠦᠷᠦᠬᠦᠯᠡᠨ ᠪᠡᠶᠡᠯᠡᠬᠦᠯᠵᠤ᠂ ᠨᠠᠮ ᠤᠨ ᠳᠦᠪ | ᠬᠤᠷᠢᠶ᠎ᠡ ᠲᠠᠢ ᠢᠮᠠᠬᠳᠠ ᠨᠢᠭᠡᠳᠦᠯᠳᠡᠢ ᠪᠠᠶᠢᠬᠤ ᠬᠡᠷᠡᠭᠲᠠᠢ᠃ ᠪᠦᠯᠬᠦᠮᠳᠡᠨ ᠬᠠᠮᠵᠢᠯᠴᠠᠬᠤ ᠳᠡᠬᠡᠷ᠎ᠡ ᠳᠠᠭᠤᠷᠢᠶᠡᠯ | ᠦᠵᠡᠬᠦᠯᠵᠤ᠂ ᠬᠠᠮᠳᠤ ᠪᠠᠷ ᠤᠳᠤᠷᠢᠳᠬᠤ ᠪᠠ ᠬᠤᠪᠢ ᠬᠦᠮᠦᠨ ᠠᠵᠢᠯ ᠢ ᠬᠤᠪᠢᠶᠠᠷᠢᠯᠡᠵᠤ ᠬᠠᠷᠢᠭᠤᠴᠠᠬᠤ ᠶᠢ | ᠤᠶᠠᠯᠳᠤᠭᠤᠯᠤᠨ᠂ ᠬᠠᠮᠳᠤ ᠪᠠᠷ ᠬᠡᠷᠡᠭ ᠵᠦᠪᠳᠡᠯᠴᠡᠬᠦ ᠳᠦᠷᠢᠮ ᠪᠠ ᠰᠢᠢᠳᠪᠦᠷᠢᠳᠤ ᠪᠤᠳᠤᠯᠭ᠎ᠠ ᠳᠤᠬᠳᠠᠭᠠᠬᠤ ᠳᠡᠰ | ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠷᠡᠳᠴᠢᠯᠡᠯ ᠳᠦᠪᠯᠡᠷᠡᠯ ᠤᠨ ᠳᠦᠷᠢᠮ ᠢ ᠬᠡᠷᠡᠭᠵᠢᠬᠦᠯᠬᠦ ᠳᠡᠬᠡᠷ᠎ᠡ | ᠦᠯᠢᠬᠡᠷ ᠳᠠᠭᠤᠷᠢᠶᠡᠯ ᠪᠤᠯᠵᠤ᠂ ᠬᠠᠷᠢᠯᠴᠠᠨ ᠳᠡᠮᠵᠢᠵᠤ ᠨᠢᠬᠳᠠ ᠬᠠᠮᠵᠢᠯᠴᠠᠵᠤ᠂ ᠪᠠᠶᠢᠡᠭᠭᠤ ᠶᠢᠨ ᠬᠤᠷᠢᠶᠡᠨ ᠤ | ᠤᠳᠤᠷᠢᠳᠬᠤ ᠪᠠᠬ ᠤᠨ ᠦᠨᠡᠨᠴᠢ ᠪᠠᠷ ᠪᠦᠯᠬᠦᠮᠳᠡᠭᠰᠡᠨ ᠤᠶᠤᠨ ᠰᠠᠨᠠᠭᠠᠨ ᠤ ᠳᠦᠷᠢ ᠪᠠᠶᠢᠳᠠᠯ ᠢ ᠬᠦᠢᠴᠡᠳ | ᠢᠯᠡᠷᠡᠬᠦᠯᠬᠦ ᠬᠡᠷᠡᠭᠳᠡᠢ᠃ ᠡᠬᠦᠷᠬᠡ ᠡᠬᠦᠷᠬᠡᠯᠡᠵᠤ ᠪᠤᠳᠠᠳᠠᠢ ᠠᠵᠢᠯᠯᠠᠬᠤ ᠳᠡᠬᠡᠷ᠎ᠡ ᠦᠯᠢᠬᠡᠷ ᠳᠠᠭᠤᠷᠢᠶᠡᠯ ᠪᠤᠯᠵᠤ᠂ | ᠵᠤᠷᠢᠬᠳᠡᠢ ᠪᠠᠷ ᠵᠠᠷᠴᠢᠮ ᠢ ᠪᠠᠷᠢᠮᠳᠡᠯᠡᠨ᠂ ᠵᠦᠷᠢᠴᠡᠯ ᠵᠠᠭᠤᠷᠠᠯᠳᠤᠭᠠᠨ ᠳᠤ ᠰᠢᠭᠤᠳ ᠬᠠᠨᠳᠤᠵᠤ᠂ ᠬᠤᠪᠢᠶᠠᠷᠢᠯᠠᠨ | ᠬᠠᠮᠢᠶᠠᠷᠴᠤ ᠪᠠᠶᠢᠭ᠎ᠠ ᠠᠵᠢᠯ ᠢᠶᠠᠨ ᠵᠤᠷᠢᠬᠳᠡᠢ ᠠᠳᠬᠤᠵᠤ ᠵᠤᠷᠢᠬᠳᠡᠢ ᠬᠠᠮᠢᠶᠠᠷᠴᠤ᠂ ᠨᠠᠶᠢᠳᠠᠪᠤᠷᠢᠵᠢᠭᠤᠯᠤᠯᠳᠠ ᠶᠢ | ᠴᠢᠩᠭ᠎ᠠ ᠠᠳᠬᠤᠵᠤ᠂ ᠦᠢᠯᠡᠳᠦᠯᠬᠡ᠂ ᠳᠡᠦᠬᠡ ᠪᠠ ᠠᠷᠡᠳ ᠳᠦᠮᠡᠨ ᠤ ᠰᠢᠯᠭᠠᠯᠳᠠ ᠶᠢ ᠳᠠᠭᠠᠭᠠᠵᠤ ᠳᠡᠶᠢᠯᠬᠦ | ᠠᠮᠵᠢᠯᠳᠡ ᠪᠦᠳᠦᠮᠵᠢ ᠶᠢ ᠴᠢᠷᠮᠠᠶᠢᠨ ᠡᠭᠦᠳᠬᠦ ᠬᠡᠷᠡᠭᠳᠡᠢ᠃ ᠠᠷᠠᠳ ᠳᠦᠮᠡᠨ ᠳ᠋ᠤ᠋ ᠦᠢᠯᠡᠴᠢᠯᠡᠬᠦ ᠳᠠᠯ᠎ᠠ ᠪᠠᠷ ᠦᠯᠢᠬᠡᠷ | ᠳᠠᠭᠤᠷᠢᠶᠡᠯ ᠪᠤᠯᠵᠤ᠂ ᠠᠷᠡᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠡᠯᠡᠨ᠂ | ᠤᠯᠠᠨ ᠳᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠤᠯᠠᠨ ᠳᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠴᠠᠬ ᠳᠤᠬᠠᠢ ᠳᠤᠨᠢ ᠬᠠᠷᠢᠭᠤᠯᠳᠠ ᠦᠭᠴᠤ᠂ ᠠᠷᠡᠳ ᠤᠨ ᠠᠮᠢᠳᠤᠷᠡᠯ ᠤᠨ ᠪᠤᠶᠡᠨ ᠬᠡᠰᠢᠭ ᠢ | ᠬᠦᠴᠦᠯᠡᠨ ᠨᠡᠮᠡᠭᠳᠡᠬᠦᠯᠬᠦ ᠬᠡᠷᠡᠭᠳᠡᠢ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠳᠠᠯ᠎ᠠ ᠪᠠᠷ ᠦᠯᠢᠬᠡᠷ ᠳᠠᠭᠤᠷᠢᠶᠡᠯ | ᠪᠤᠯᠵᠤ᠂ ᠵᠦᠪ ᠡᠷᠬᠡ ᠶᠢᠨ ᠦᠵᠡᠯᠳᠡ᠂ ᠪᠠᠶᠢᠷᠢ ᠰᠠᠭᠤᠷᠢ ᠶᠢᠨ ᠦᠵᠡᠯᠳᠡ᠂ ᠠᠰᠢᠬ ᠳᠤᠰᠠ ᠶᠢᠨ ᠦᠵᠡᠯᠳᠡ ᠶᠢ | ᠪᠠᠳᠤ ᠪᠠᠬᠢ ᠪᠤᠢ ᠪᠤᠯᠭᠠᠨ᠂ ᠶᠡᠭᠡ ᠶᠤᠰᠤ ᠶᠢ ᠮᠡᠳᠡᠵᠤ᠂ ᠨᠡᠶᠢᠳᠡ ᠶᠢᠨ ᠶᠤᠰᠤ ᠮᠤᠷᠡᠯ ᠢ ᠰᠠᠬᠢᠨ᠂ ᠬᠤᠪᠢ ᠶᠢᠨ | ᠶᠤᠰᠤ ᠰᠤᠷᠳᠠᠬᠤᠨ ᠢ ᠴᠢᠩᠳᠠᠯᠠᠵᠤ᠂ ᠨᠠᠮ ᠤᠨ ᠰᠠᠬᠢᠯᠭ᠎ᠠ ᠳᠦᠷᠦ ᠶᠢᠨ ᠬᠠᠥᠯᠢ ᠠᠴᠠ ᠦᠵᠡᠯ ᠰᠠᠨᠠᠭᠠᠨ ᠤ | ᠬᠦᠨ ᠠᠴᠠ ᠪᠠᠨ ᠵᠢᠷᠦᠬᠡᠰᠢᠶᠡᠨ᠂ ᠭᠠᠵᠢᠭᠤ ᠰᠤᠷᠲᠠᠯ ᠢ ᠡᠰᠡᠷᠭᠦᠴᠡᠨ ᠬᠤᠷᠢᠭᠯᠠᠬᠤ ᠪᠠᠲᠤ ᠪᠠᠬᠢ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠰᠠᠶᠢᠨ ᠰᠠᠶᠢᠬᠠᠨ ᠲᠦᠷᠢ | ᠲᠥᠷᠬᠦ ᠶᠢ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ᠳᠤᠮᠳᠠᠲᠦ ᠤᠯᠤᠰ ᠤᠨ ᠡᠪ ᠬᠠᠮᠲᠦ ᠨᠠᠮ ᠤᠨ ᠤᠷᠳᠤᠰ ᠬᠤᠲᠠ ᠶᠢᠨ ᠲᠠᠪᠤᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ | ᠲᠤᠭᠤᠰᠢᠯᠠᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠱᠠᠯᠠᠪᠳᠠᠭᠤᠯᠤᠨ ᠲᠣᠭᠲᠠᠭᠠᠵᠤ᠂ | ᠣᠯᠠᠨ ᠶᠠᠩᠵᠤ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠢᠮᠪᠠᠢ ᠵᠣᠬᠢᠶᠠᠨ ᠪᠠᠶᠢᠭᠤᠯᠵᠤ᠂ ᠣᠯᠠᠨ | ᠳᠡᠰ ᠳᠠᠪᠬᠤᠷᠭ᠎ᠠ ᠪᠦᠬᠦ ᠲᠠᠯ᠎ᠠ ᠶᠢᠨ ᠬᠥᠮᠦᠵᠢᠯ ᠪᠣᠯᠪᠠᠰᠤᠷᠠᠯ ᠢ ᠭᠦᠨᠵᠡᠭᠡᠢ ᠥᠷᠨᠢᠭᠦᠯᠦᠨ᠂ ᠡᠯ᠎ᠡ ᠱᠠᠲᠤᠨ ᠤ ᠨᠠᠮ ᠤᠨ | ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠳᠤᠷᠠᠳᠤᠭᠰᠠᠨ ᠡᠯ᠎ᠡ ᠲᠦᠷᠦᠯ ᠤᠨ ᠬᠠᠷᠠᠯᠲᠠ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠢᠯᠠᠩᠭᠤᠶ᠎ᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠪᠠᠶᠢᠷᠢᠯᠠᠭᠤᠯᠤᠭᠰᠠᠨ ᠬᠠᠷᠠᠯᠲᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ | ᠳᠠᠭᠤᠷᠢᠶᠠᠯ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠳ ᠳᠠᠭᠠᠭᠤᠯᠤᠨ ᠬᠢᠬᠦ᠂ ᠤᠳᠤᠷᠢᠳᠬᠤ ᠺᠠᠳ᠋ᠷᠴᠤᠳ ᠲᠦᠷᠦᠭᠦᠯᠡᠨ ᠬᠢᠬᠦ᠂ ᠨᠠᠮ ᠤᠨ ᠭᠡᠰᠢᠭᠦᠨ | ᠺᠠᠳ᠋ᠷᠴᠤᠳ ᠪᠦᠬᠦ ᠬᠦᠴᠦᠨ ᠢᠶᠠᠷ ᠢᠶᠠᠨ ᠬᠢᠬᠦ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ | ᠃ | ᠬᠤᠷᠠᠯ ᠠᠴᠠ ᠣᠳᠣᠬᠠᠨ ᠤ ᠪᠦᠬᠦ ᠬᠤᠳᠠ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ | ᠰᠣᠨᠣᠰᠪᠠ᠃ ᠬᠤᠷᠠᠯ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ | ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠶᠤᠯ ᠲᠦᠭᠰᠢᠭᠦᠷᠢ ᠬᠡᠮ | ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠢᠨᠠᠨ ᠬᠠᠮᠢᠶᠠᠷᠴᠤ ᠬᠠᠤᠯᠢ | ᠬᠡᠷᠡᠭᠵᠢᠭᠦᠯᠬᠦ ᠶᠢ ᠴᠢᠩᠭᠠᠳᠬᠠᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ | ᠬᠠᠮᠠᠭᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠰᠠᠶᠢᠲᠤᠷ | ᠠᠳᠬᠤᠵᠤ᠂ ᠦᠵᠡᠮᠵᠢ ᠶᠢᠨ ᠣᠷᠣᠨ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠡᠷᠭᠡ ᠭᠤᠤᠯᠳᠠᠯᠭ᠎ᠠ ᠲᠠᠢ | ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ | ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠲᠤᠯᠠᠭᠠᠯᠠᠮᠵᠢ | ᠬᠠᠨᠭ᠍ᠭᠠᠬᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢ | ᠥᠩᠭᠡᠷᠡᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ | ᠬᠠᠩᠭᠠᠯᠭ᠎ᠠ ᠭᠦᠢᠴᠡᠳ᠂ ᠦᠨ᠎ᠡ ᠬᠠᠩᠰᠢ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠷᠠᠳ | ᠤᠯᠠᠨ ᠤ ᠤᠯᠤᠰ ᠤᠨ ᠪᠠᠶᠠᠷ ᠤᠨ ᠠᠮᠠᠷᠠᠯᠲᠠ ᠪᠠᠨ ᠠᠮᠤᠷ ᠠᠮᠤᠭᠤᠯᠠᠩ ᠥᠩᠭᠡᠷᠡᠭᠦᠯᠬᠦ ᠶᠢ ᠪᠠᠳᠤᠯᠠᠬᠤ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ | ᠬᠤᠷᠠᠯ ᠤᠨ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ | ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ | ᠪᠣᠳᠠᠲᠤ ᠠᠵᠢᠯᠯᠠᠭ᠎ᠠ ᠪᠣᠯᠭᠠᠵᠤ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠭᠦᠨᠵᠡᠭᠡᠶ ᠵᠢᠭᠰᠠᠭᠠᠨ | ᠪᠠᠶᠢᠴᠠᠭᠠᠵᠤ᠂ ᠵᠠᠬᠢᠳᠠᠯ ᠰᠤᠷᠪᠤᠯᠵᠢᠯᠠᠯ ᠬᠢᠬᠦ ᠬᠦᠮᠦᠰ ᠤᠨ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ | ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠵᠤ᠂ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠭᠡᠮ ᠤᠨ ᠡᠶ᠎ᠡ ᠵᠣᠬᠢᠴᠠᠯ | ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ ᠪᠥᠬᠦ ᠣᠷᠣᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠳᠦᠷᠢᠮ ᠠᠴᠠ ᠵᠦᠷᠢᠴᠡᠨ | ᠬᠠᠥᠯᠢ ᠠᠴᠠ ᠵᠦᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ ᠴᠡᠭᠴᠡᠯᠡᠨ | ᠵᠠᠰᠠᠬᠤ ᠶᠢ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠴᠡᠭᠴᠡᠯᠡᠨ ᠵᠠᠰᠠᠬᠤ ᠶᠢ | ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠡᠭᠴᠡᠯᠡᠨ ᠵᠠᠰᠠᠬᠤ ᠶᠢ ᠠᠳᠬᠤᠵᠤ᠂ ᠵᠠᠷᠯᠠᠨ ᠮᠡᠳᠡᠭᠳᠡᠬᠦ | ᠡᠷᠴᠢᠮ ᠢᠶᠠᠨ ᠴᠢᠩᠭᠠᠷᠠᠭᠤᠯᠤᠨ᠂ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ | ᠴᠡᠭᠴᠡᠯᠡᠨ ᠵᠠᠰᠠᠬᠤ ᠠᠵᠢᠯ ᠤᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ | ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠤᠳ ᠢ ᠰᠤᠳᠤᠯᠵᠡᠢ᠃ | ᠢᠷᠡᠯᠳᠡ᠄ ᠤᠷᠳᠤᠰ ᠮᠤᠩᠭᠤᠯ ᠰᠦᠯᠵᠢᠶ᠎ᠠ | |