ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ ᠎ᠡ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/28
     ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠰᠣᠩᠭᠤᠵᠤ ᠭᠠᠷᠭᠠᠭᠰᠠᠨ ᠰᠢᠨ᠎ᠡ ᠨᠢᠭᠡᠨ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ 9 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ ᠬᠢᠶ᠎ᠠ ᠪᠠᠭᠰᠢ ᠲᠤᠭᠤᠷᠢᠭ ᠲᠤ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠭᠤᠯᠪᠠ᠃     ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠠᠶᠢᠳᠠᠯᠭ᠎ᠠ ᠪᠠᠷ ᠯᠢ ᠯᠢ ᠨᠥᠬᠦᠷ ᠬᠤᠷᠠᠯ ᠢ ᠡᠷᠭᠢᠯᠡᠪᠡ᠃     ᠲᠤᠰ ᠤᠳᠠᠭᠠᠨ ᠤ ᠬᠤᠷᠠᠯ ᠳᠤ ᠤᠷᠤᠯᠴᠠᠪᠠᠰᠦ ᠵᠤᠬᠢᠬᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 51 ᠬᠦᠮᠦᠨ᠂ ᠣᠷᠣᠯᠠᠭᠴᠢ ᠭᠡᠰᠢᠭᠦᠨ 10 ᠬᠦᠮᠦᠨ ᠪᠠᠶᠢᠵᠤ᠂ ᠪᠤᠳᠠᠲᠡᠢ ᠤᠷᠤᠯᠴᠠᠭᠰᠠᠨ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 50 ᠬᠦᠮᠦᠨ᠂ ᠣᠷᠣᠯᠠᠭᠴᠢ ᠭᠡᠰᠢᠭᠦᠨ 10 ᠬᠦᠮᠦᠨ ᠪᠠᠶᠢᠵᠤ᠂ ᠳᠤᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠠ᠃ ᠥᠪᠡᠷᠲᠡᠭᠡᠨ ᠵᠠᠰᠠᠬᠤ ᠣᠷᠣᠨ ᠤ ᠠᠬᠤᠢ ᠲᠠᠯᠠᠪᠠᠢ ᠳᠤ ᠵᠢᠭᠠᠨ ᠵᠢᠯᠣᠭᠤᠳᠴᠤ ᠱᠠᠯᠠᠪᠳᠠᠭᠤᠯᠤᠨ ᠵᠢᠯᠣᠭᠤᠳᠬᠤ ᠳᠤᠯᠤᠳᠤᠭᠠᠷ ᠳᠤᠭᠤᠶᠢᠯᠠᠩ ᠤᠨ ᠳᠠᠷᠤᠭ᠎ᠠ ᠯᠢᠨ ᠵᠢᠶᠠᠨ ᠵᠢᠶᠦ᠋ᠨ ᠵᠢᠴᠢ ᠥᠪᠡᠷᠲᠡᠭᠡᠨ ᠵᠠᠰᠠᠬᠤ ᠣᠷᠣᠨ ᠤ ᠠᠬᠤᠢ ᠲᠠᠯᠠᠪᠠᠢ ᠳᠤ ᠵᠢᠭᠠᠨ ᠵᠢᠯᠣᠭᠤᠳᠴᠤ ᠱᠠᠯᠠᠪᠳᠠᠭᠤᠯᠤᠨ ᠵᠢᠯᠣᠭᠤᠳᠬᠤ ᠳᠤᠯᠤᠳᠤᠭᠠᠷ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠵᠢᠭᠠᠨ ᠵᠢᠯᠣᠭᠤᠳᠴᠤ ᠱᠠᠯᠠᠪᠳᠠᠭᠤᠯᠤᠨ ᠪᠠᠶᠢᠴᠠᠭᠠᠬᠤ ᠳᠠᠪᠤᠳᠤᠭᠠᠷ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃     ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠨᠢᠭᠡᠳᠦᠭᠡᠷ ᠪᠦᠬᠦᠳᠠ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠬᠢᠨᠠᠨ ᠪᠠᠲᠤᠯᠠᠪᠠ᠃ ᠬᠤᠷᠠᠯ ᠠᠴᠠ ᠪᠢᠯᠧᠲ ᠬᠢᠨᠠᠭᠴᠢ ᠶᠢ ᠰᠣᠩᠭᠤᠨ ᠭᠠᠷᠭᠠᠵᠤ᠂ ᠪᠢᠯᠧᠲ ᠪᠦᠷᠢᠳᠬᠡᠭᠴᠢ ᠶᠢ ᠲᠣᠭᠲᠠᠭᠠᠪᠠ᠃ ᠱᠧ ᠰᠢ ᠸᠧᠨ ᠨᠥᠬᠦᠷ ᠲᠠᠪᠤᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢ᠊ ᠡᠶ᠎ᠡ ᠶᠢᠨ ᠪᠠᠶᠢᠩᠭᠤ ᠶᠢᠨ ᠬᠤᠷᠢᠶᠠᠨ ᠤ ᠭᠡᠰᠢᠭᠦᠨ ᠪᠠ ᠱᠦᠵᠢ᠂ ᠳᠡᠳ᠋ ᠱᠦᠵᠢ ᠶᠢᠨ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠲᠤ ᠲᠣᠳᠣᠷᠬᠠᠶᠢᠯᠠᠯᠲᠠ ᠬᠢᠪᠡ᠃ ᠬᠤᠷᠠᠯ ᠨᠢ ᠨᠡᠷ᠎ᠠ ᠪᠠᠨ ᠳᠡᠮᠳᠡᠭᠯᠡᠬᠦ ᠦᠭᠡᠢ ᠪᠠᠷ ᠪᠢᠯᠧᠲ ᠦᠭᠭᠦ ᠰᠣᠩᠭᠤᠭᠤᠯᠢ ᠶᠢᠨ ᠬᠡᠯᠪᠡᠷᠢ ᠪᠠᠷ ᠯᠢ ᠯᠢ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠱᠦᠵᠢ ᠪᠠᠷ ᠰᠣᠩᠭᠤᠵᠤ᠂ ᠳ᠋ᠦ᠋ ᠬᠤᠶ ᠯᠢᠶᠠᠩ᠂ ᠰᠢᠩ ᠵᠧᠩ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠱᠦᠵᠢ ᠪᠠᠷ ᠰᠣᠩᠭᠤᠵᠤ᠂ ᠯᠢ ᠯᠢ᠂ ᠳ᠋ᠦ᠋ ᠬᠤᠶ ᠯᠢᠶᠠᠩ᠂ ᠰᠢᠩ ᠵᠧᠩ᠂ ᠰᠤ᠋ ᠵᠥᠩ ᠱᠧᠩ᠂ ᠱᠧ ᠰᠢ ᠸᠧᠨ᠂ ᠰᠤ᠋ ᠼᠦᠢ ᠹᠠᠩ᠂ ᠵᠧᠨ ᠬᠤᠸᠠ᠂ ᠭᠤᠤ ᠳ᠋ᠧ ᠴᠢᠤᠸᠠᠨ᠂ ᠵᠠᠩ ᠸᠧᠶ᠂ ᠬᠤᠸᠠ ᠷᠦᠢ ᠹᠧᠩ᠂ ᠪᠦᠷᠢᠨᠴᠢᠮᠡᠭ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠨᠢᠭᠡᠳᠦᠭᠡᠷ ᠪᠦᠬᠦᠳᠠ ᠬᠤᠷᠠᠯ ᠤᠨ ᠰᠢᠢᠳᠪᠦᠷᠢ︾ ᠶᠢ ᠪᠠᠲᠤᠯᠠᠵᠤ᠂ ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠢᠭᠡᠳᠦᠭᠡᠷ ᠪᠦᠬᠦᠳᠠ ᠬᠤᠷᠠᠯ ᠤᠨ ᠰᠣᠩᠭᠤᠭᠤᠯᠢ ᠶᠢᠨ ᠦᠷ᠎ᠡ ᠳ᠋ᠦᠩ ᠤᠨ ᠮᠡᠳᠡᠭᠦᠯᠦᠯᠲᠡ ᠶᠢ ᠪᠠᠲᠤᠯᠠᠪᠠ᠃     ᠰᠢᠨ᠎ᠡ ᠪᠠᠷ ᠰᠣᠩᠭᠤᠭᠳᠠᠭᠰᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠯᠢ ᠯᠢ ᠴᠠᠭ ᠦᠶ᠎ᠡ ᠪᠣᠯ ᠰᠢᠯᠭᠠᠯᠲᠠ ᠶᠢᠨ ᠬᠠᠭᠤᠳᠠᠰᠤ ᠭᠠᠷᠭᠠᠬᠴᠢ᠂ ᠪᠢᠳᠡ ᠪᠣᠯ ᠰᠢᠯᠭᠠᠯᠲᠠ ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ ᠮᠥᠨ᠃ ᠰᠢᠨ᠎ᠡ ᠨᠢᠭᠡᠨ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠤᠳᠤᠷᠢᠳᠬᠤ ᠬᠠᠮᠲᠤ ᠰᠢᠨ᠎ᠡ ᠵᠠᠮ ᠢᠶᠠᠷ ᠵᠠᠮᠨᠠᠵᠤ᠂ ᠤᠷᠢᠳ ᠢᠶᠠᠷ ᠬᠡᠷᠡᠭᠵᠢᠬᠦᠯᠬᠦ ᠣᠷᠣᠨ ᠢ ᠪᠦᠲᠦᠭᠡᠨ ᠪᠠᠶᠢᠭᠤᠯᠬᠤ ᠴᠢᠬᠤᠯᠠ ᠡᠭᠦᠷᠭᠡ ᠶᠢ ᠡᠭᠦᠷᠭᠡᠯᠡᠨ᠂ ᠪᠦᠬᠦ ᠬᠤᠲᠠ ᠶᠢᠨ 13 ᠲᠦᠮᠡ ᠰᠢᠬᠠᠮ ᠡᠪ ᠬᠠᠮᠲᠤ ᠨᠠᠮ ᠤᠨ ᠭᠡᠰᠢᠭᠦᠨ᠂ 215 ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠯᠠᠭᠤᠨ ᠬᠦᠰᠡᠯ ᠡᠷᠡᠮᠡᠯᠵᠡᠯ ᠢ ᠡᠪᠦᠷᠯᠡᠵᠤ ᠪᠠᠶᠢᠨ᠎ᠠ᠃ ᠨᠠᠮ ᠪᠠ ᠠᠷᠠᠳ ᠲᠦᠮᠡᠨ ᠤ ᠬᠦᠨᠳᠦ ᠬᠦᠰᠡᠯ ᠨᠠᠶᠢᠳᠠᠯᠭ᠎ᠠ ᠶᠢ ᠨᠠᠨᠳᠢᠩᠨᠠᠨ᠂ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠬᠢᠷᠢ ᠪᠦᠲᠦᠮᠵᠢ ᠶᠢ ᠴᠢᠷᠮᠠᠶᠢᠨ ᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠣᠷᠳᠣᠰ ᠤᠨ ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠪᠢᠴᠢᠭᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠯᠢ ᠯᠢ ᠨᠠᠮ ᠳᠠᠭᠠᠨ ᠦᠨᠡᠨᠴᠢ ᠰᠢᠳᠤᠷᠭᠤ ᠪᠠᠶᠢᠬᠤ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠤᠨ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠷ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠤ ᠵᠢᠭᠠᠭᠰᠠᠨ ᠴᠢᠭᠯᠡᠯ ᠢᠶᠠᠷ ᠴᠥᠬᠦᠷᠡᠰᠢ ᠥᠬᠡᠶ ᠤᠷᠤᠬᠰᠢᠯᠠᠬᠤ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠶᠢᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠤ᠂ ︽ᠭᠤᠷᠪᠠᠨ ᠰᠢᠨ᠎ᠡ ᠨᠢᠭᠡ ᠥᠨᠳᠥᠷ ᠨᠢᠭᠡ ᠬᠠᠮᠲᠤ︾ ᠶᠢᠨ ᠬᠠᠷᠠᠯᠲᠠ ᠱᠠᠭᠠᠷᠳᠠᠯᠭ᠎ᠠ ᠶᠢ ᠭᠦᠨᠵᠡᠭᠡᠶ ᠡᠵᠡᠮᠰᠢᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠦᠬᠦᠷᠬᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠣᠶᠢᠯᠠᠭᠠᠭᠳᠠᠬᠤᠨ ᠢ ᠲᠡᠷᠢᠭᠦᠨ ᠳᠤ ᠲᠠᠯᠪᠢᠬᠤ ᠂ ᠬᠥᠭᠵᠢᠯᠲᠡ ᠪᠠᠷ ᠰᠠᠭᠤᠷᠢ ᠪᠣᠯᠭᠠᠬᠤ᠂ ᠬᠡᠯᠪᠡᠷᠢ ᠪᠠᠨ ᠬᠤᠪᠢᠷᠠᠭᠤᠯᠬᠤ ᠪᠠᠷ ᠬᠥᠲᠥᠯᠪᠦᠷᠢ ᠪᠣᠯᠭᠠᠬᠤ᠂ ᠥᠭᠡᠷᠡᠴᠢᠯᠡᠯᠲᠡ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠤᠨ᠂ ᠬᠦᠭᠵᠢᠯᠳᠡ ᠶᠢᠨ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠡᠵᠡᠮᠳᠡᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠥᠭᠵᠢᠯᠲᠡ ᠶᠢ ᠡᠷᠢᠯᠬᠢᠯᠡᠵᠤ᠂ ᠬᠦᠴᠦ ᠪᠠᠨ ᠲᠥᠪᠯᠡᠷᠡᠭᠦᠯᠦᠨ ᠠᠵᠤ ᠠᠬᠤᠶ ᠶᠢ ᠠᠳᠬᠤᠨ᠂ ᠪᠦᠬᠦ ᠬᠦᠴᠦ ᠪᠠᠷ ᠢᠶᠠᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠤ᠂ ᠴᠢᠨᠠᠷ ᠴᠢᠨᠰᠠᠭ᠎ᠠ ᠶᠢᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠤᠨ᠂ ᠪᠦᠬᠦ ᠬᠤᠲᠠ ᠶᠢᠨ ᠬᠥᠭᠵᠢᠯᠲᠡ ᠶᠢ ᠴᠢᠨᠠᠷ ᠰᠠᠶᠢᠲᠠᠢ ᠲᠡᠶᠢᠰᠢ ᠬᠥᠭᠵᠢᠬᠦᠯᠬᠦ᠂ ᠨᠠᠩ ᠥᠨᠳᠥᠷ ᠳᠡᠰ ᠳᠠᠪᠬᠤᠷᠭ᠎ᠠ ᠪᠠᠷ ᠤᠷᠤᠭᠰᠢᠯᠠᠬᠤ ᠶᠢ ᠲᠠᠰᠤᠷᠠᠯᠲᠠ ᠦᠭᠡᠢ ᠠᠬᠢᠭᠤᠯᠵᠤ᠂ ᠪᠣᠳᠠᠲᠤ ᠬᠦᠴᠦᠨ᠂ ᠠᠮᠢᠵᠢᠷᠠᠯ ᠤᠨ ᠬᠦᠴᠦᠨ᠂ ᠪᠤᠬᠢᠷᠳᠤᠯ ᠦᠭᠡᠢ᠂ ᠤᠷᠤᠰᠢᠨ ᠠᠮᠢᠳᠤᠷᠠᠬᠤ ᠳᠤ ᠲᠠᠭᠠᠯᠠᠮᠵᠢᠳᠠᠢ᠂ ᠵᠣᠯ ᠵᠢᠷᠭᠠᠯᠲᠦ ᠣᠷᠳᠣᠰ ᠢ ᠬᠦᠴᠦᠯᠡᠨ ᠪᠠᠶᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠠᠭ ᠦᠶ᠎ᠡ ᠶᠢᠨ ᠬᠠᠷᠢᠭᠤᠯᠳᠠ ᠶᠢᠨ ᠬᠠᠭᠤᠳᠠᠰᠤ ᠶᠢ ᠴᠢᠷᠮᠠᠶᠢᠨ ᠰᠠᠶᠢᠲᠤᠷ ᠪᠢᠴᠢᠭᠯᠡᠵᠦ᠂ ᠡᠷᠡᠯᠬᠡᠭᠯᠡᠨ ᠲᠡᠮᠡᠴᠡᠵᠦ᠂ ᠬᠦᠴᠢᠷ ᠢ ᠲᠤᠭᠤᠯᠤᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠪᠠᠷ ᠪᠠᠷᠢᠮᠵᠢᠶ᠎ᠠ ᠪᠤᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠢ ᠬᠠᠮᠠᠭᠠᠯᠠᠨ ᠵᠠᠰᠠᠬᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠳᠤ ᠬᠦᠴᠦᠨ ᠢᠶᠠᠨ ᠲᠥᠪᠯᠡᠷᠡᠭᠦᠯᠵᠤ᠂ ᠪᠣᠳᠠᠲᠤ ᠠᠵᠢᠯ ᠬᠢᠵᠦ᠂ ᠪᠣᠳᠠᠲᠠᠢ ᠦᠷ᠎ᠡ ᠪᠦᠲᠦᠮᠵᠢ ᠶᠢ ᠡᠷᠢᠯᠬᠢᠯᠡᠨ᠂ ᠨᠡᠩ ᠤᠯᠠᠨ ᠬᠦᠷᠢᠶ᠎ᠠ ᠴᠠᠷᠠᠭᠠᠨ ᠳᠤ ᠲᠦᠷᠦᠭᠦᠯᠡᠨ ᠳᠠᠭᠤᠷᠢᠶᠠᠯ ᠦᠵᠡᠭᠦᠯᠵᠤ᠂ ᠲᠡᠷᠢᠭᠦᠨ ᠤ ᠬᠢ ᠶᠢ ᠡᠭᠦᠳᠴᠦ᠂ ᠡᠮᠦᠨ᠎ᠡ ᠡ᠊ᠩᠨᠡᠭᠡᠨ ᠳᠤ ᠬᠤᠰᠢᠭᠤᠷᠠᠬᠤ ᠪᠠᠷ ᠴᠢᠷᠮᠠᠶᠢᠬᠤ ᠬᠡᠷᠡᠭᠲᠡᠢ᠃ ᠠᠷᠠᠳ ᠲᠦᠮᠡᠨ ᠳᠤ ᠠᠰᠢᠭ ᠬᠦᠷᠲᠡᠭᠡᠬᠦ ᠴᠠᠭ ᠦᠶ᠎ᠡ ᠶᠢᠨ ᠬᠠᠷᠢᠭᠤᠯᠳᠠ ᠶᠢᠨ ᠬᠠᠭᠤᠳᠠᠰᠤ ᠶᠢ ᠴᠢᠷᠮᠠᠶᠢᠨ ᠰᠠᠶᠢᠲᠤᠷ ᠪᠢᠴᠢᠭᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠵᠠᠰᠠᠭ ᠢ ᠡᠷᠬᠢᠯᠡᠬᠦ ᠴᠢᠭᠯᠡᠯ ᠪᠣᠯᠭᠠᠬᠤ ᠶᠢ ᠪᠠᠷᠢᠮᠲᠠᠯᠠᠨ᠂ ᠢᠮᠠᠭᠲᠠ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠢ ᠲᠦᠰᠢᠭᠯᠡᠵᠦ᠂ ᠪᠦᠬᠦ ᠬᠦᠴᠦ ᠪᠠᠷ ᠢᠶᠠᠨ ᠠᠷᠠᠳ ᠲᠦᠮᠡᠨ ᠳᠤ ᠠᠰᠢᠭ ᠬᠦᠷᠲᠡᠭᠡᠨ᠂ ᠠᠷᠠᠳ ᠲᠦᠮᠡᠨ ᠳᠤ ᠪᠤᠶᠠᠨ ᠦᠢᠯᠡᠳᠴᠦ᠂ ︽ᠪᠢ ᠤᠯᠠᠨ ᠲᠦᠮᠡᠨ ᠳᠤ ᠪᠣᠳᠠᠲᠦ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠪᠢᠳᠡᠨ ᠤ ᠶᠠᠳᠠᠷᠠᠯ ᠵᠦᠳᠡᠷᠡᠯ ᠤᠨ ᠵᠢᠭᠠᠯᠲᠠ ᠲᠤᠭ᠎ᠠ ᠪᠠᠷ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠨ ᠠᠪᠴᠢᠷᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠯᠬᠦᠮᠳᠡᠨ ᠬᠠᠮᠵᠢᠯᠴᠠᠭᠰᠠᠨ ᠴᠠᠭ ᠦᠶ᠎ᠡ ᠶᠢᠨ ᠬᠠᠷᠢᠭᠤᠯᠳᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠠᠮᠴᠢ ᠴᠢᠨᠠᠷ ᠢ ᠡᠷᠬᠢᠮᠯᠡᠨ᠂ ᠵᠠᠷᠴᠢᠮ ᠢ ᠡᠷᠬᠢᠮᠯᠡᠬᠦ ᠶᠢ ᠪᠠᠷᠢᠮᠲᠠᠯᠠᠵᠤ᠂ ᠨᠠᠮ ᠪᠠ ᠠᠷᠠᠳ ᠲᠦᠮᠡᠨ ᠤ ᠦᠢᠯᠡᠰ ᠢᠶᠠᠷ ᠭᠤᠣᠯᠳᠠᠯᠭ᠎ᠠ ᠪᠣᠯᠭᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠦᠯᠬᠦᠮᠳᠡᠯ ᠢ ᠬᠤᠪᠢ ᠳᠠᠬᠢᠨ ᠨᠠᠨᠳᠢᠩᠨᠠᠨ᠂ ᠪᠦᠯᠬᠦᠮᠳᠡᠯ ᠢ ᠨᠠᠷᠢᠨ ᠨᠢᠮᠪᠠᠢ ᠬᠠᠮᠠᠭᠠᠯᠠᠵᠤ᠂ ᠬᠤᠲᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠴᠢᠩ ᠦᠨᠡᠨᠴᠢ ᠰᠡᠳᠬᠢᠯ ᠢᠶᠠᠷ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠪᠠᠭ᠂ ᠡᠯ᠎ᠡ ᠲᠠᠯ᠎ᠠ ᠶᠢᠨ ᠪᠦᠯᠬᠦᠮᠳᠡᠯ ᠢ ᠪᠦᠯᠬᠦᠮᠳᠡᠭᠦᠯᠦᠨ ᠳᠠᠶᠢᠴᠢᠯᠠᠵᠤ᠂ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠨ᠂ ᠠᠯᠢᠪᠠ ᠣᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠠᠷᠢᠭᠤᠨ ᠴᠢᠬᠡᠴᠢ ᠪᠠᠷ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠢᠰᠢᠷᠡᠨ ᠵᠢᠷᠦᠬᠡᠰᠢᠶᠡᠬᠦ ᠰᠡᠳᠬᠢᠯ ᠢ ᠦᠷᠭᠦᠯᠵᠢ ᠡᠪᠦᠷᠯᠡᠨ᠂ ᠬᠤᠪᠳᠤᠭ ᠰᠢᠨᠤᠯ ᠤᠨ ᠬᠤᠣᠷ ᠬᠥᠨᠥᠭᠡᠯ ᠢ ᠦᠷᠭᠦᠯᠵᠢ ᠪᠣᠳᠣᠯᠬᠢᠯᠠᠵᠤ᠂ ᠵᠠᠰᠠᠭ ᠢ ᠡᠷᠬᠢᠯᠡᠬᠦ ᠶᠣᠰᠣ ᠰᠤᠷᠲᠠᠬᠤᠨ ᠢᠶᠠᠨ ᠪᠠᠶᠢᠩᠭᠤ ᠪᠣᠯᠪᠠᠰᠤᠷᠠᠭᠤᠯᠤᠨ᠂ ᠰᠠᠬᠢᠯᠭ᠎ᠠ ᠪᠠᠲᠤ ᠪᠠ ᠶᠣᠰᠣ ᠭᠤᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ᠂ ᠠᠵᠢᠯᠴᠢ ᠬᠢᠴᠢᠶᠡᠩᠭᠦᠢ ᠪᠠᠷ ᠠᠵᠢᠯ ᠶᠠᠪᠤᠳᠠᠯ ᠬᠢᠬᠦ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠬᠦ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ ᠢ ᠰᠠᠬᠢᠬᠤ ᠶᠢ ᠪᠠᠷᠢᠮᠲᠠᠯᠠᠨ᠂ ᠤᠬᠠᠮᠰᠠᠷ ᠠᠴᠠ ᠪᠠᠨ ᠶᠡᠭᠡ ᠶᠣᠰᠣ ᠶᠢ ᠮᠡᠳᠡᠵᠤ᠂ ᠨᠡᠶᠢᠲᠡ ᠶᠢᠨ ᠶᠣᠰᠣ ᠮᠤᠷᠠᠯ ᠢ ᠰᠠᠬᠢᠨ᠂ ᠬᠤᠪᠢ ᠶᠢᠨ ᠶᠣᠰᠣ ᠰᠤᠷᠲᠠᠬᠤᠨ ᠢ ᠴᠢᠩᠳᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠤᠯᠤᠰ ᠲᠦᠷᠦ ᠶᠢᠨ ᠠᠮᠢ ᠠᠬᠤᠢ ᠶᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃     ᠯᠢ ᠯᠢ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠪᠣᠯ ᠰᠢᠨ᠎ᠡ ᠨᠢᠭᠡᠨ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠦᠨᠳᠦᠰᠦᠨ ᠱᠠᠭᠠᠷᠳᠠᠯᠭ᠎ᠠ ᠪᠣᠯᠬᠤ ᠪᠥᠭᠡᠳ ᠪᠢᠳᠡᠨ ᠤ ᠪᠦᠬᠦ ᠬᠤᠳᠠ ᠶᠢᠨ ᠠᠷᠠᠳ ᠲᠦᠮᠡᠨ ᠳᠤ ᠣᠪᠣᠷ ᠢᠶᠠᠨ ᠢᠯᠡᠳᠬᠡᠬᠦ ᠪᠠ ᠲᠥᠪ ᠴᠢᠩᠭ᠎ᠠ ᠠᠮᠠᠯᠠᠯᠲᠠ ᠪᠣᠯᠤᠨ᠎ᠠ᠃ ᠠᠩᠭᠢ ᠶᠢᠨ ᠳᠠᠷᠤᠭ᠎ᠠ ᠪᠣᠯᠤᠭᠰᠠᠨ ᠤ ᠬᠤᠪᠢ ᠳᠤ᠂ ᠪᠡᠶ᠎ᠡ ᠪᠠᠷ ᠢᠶᠠᠨ ᠬᠡᠪ ᠲᠠᠭᠤᠷᠢᠶᠠᠯ ᠪᠣᠯᠵᠤ᠂ ᠲᠥᠷᠥᠭᠦᠯᠡᠨ ᠲᠠᠭᠤᠷᠢᠶᠠᠯ ᠥᠵᠡᠭᠦᠯᠥᠨ᠎ᠠ᠂ ᠨᠥᠬᠦᠳ ᠤᠳ ᠴᠢᠩᠭ᠎ᠠ ᠬᠢᠨᠠᠯᠲᠠ ᠲᠠᠯᠪᠢᠭᠠᠷᠠᠢ︔ ᠣᠯᠠᠨ ᠢᠶᠠᠷ ᠢᠶᠠᠨ ᠤᠬᠠᠮᠰᠠᠷ ᠠᠴᠠ ᠪᠠᠨ ᠵᠢᠷᠤᠮᠯᠠᠵᠤ᠂ ᠨᠠᠷᠢᠨ ᠬᠢᠨᠠᠮᠠᠭᠠᠶ ᠬᠦᠢᠴᠡᠳᠭᠡᠨ᠂ ᠬᠤᠲᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠢ ᠪᠠᠲᠤ ᠴᠢᠩᠭ᠎ᠠ ᠤᠳᠤᠷᠢᠳᠬᠤ ᠬᠠᠮᠲᠤ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠪᠥᠬᠦ ᠬᠤᠲᠠ ᠶᠢᠨ ᠺᠠᠳ᠋ᠷ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠯᠭᠠᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃     ᠯᠢ ᠯᠢ ᠰᠢᠨ᠎ᠡ ᠳᠠᠷᠪᠠᠭᠤᠯ ᠬᠡᠶᠢᠰᠬᠡᠨ ᠰᠢᠨ᠎ᠡ ᠠᠶᠠᠨ ᠳᠤ ᠮᠤᠷᠳᠠᠬᠤ ᠳᠤ᠂ ᠰᠢᠨ᠎ᠠ ᠡᠭᠦᠷᠭᠡ ᠮᠦᠷᠦᠨ ᠳᠤ ᠳᠠᠯᠪᠢᠭᠳᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ᠂ ᠪᠦᠯᠬᠦᠮᠳᠡᠨ ᠲᠡᠮᠡᠴᠡᠵᠦ᠂ ᠲᠡᠰᠪᠦᠷᠢ ᠬᠠᠲᠠᠭᠤᠵᠢᠯᠲᠠᠶ ᠲᠡᠮᠡᠴᠡᠨ᠂ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠤᠷᠢᠳ ᠢᠶᠠᠷ ᠬᠡᠷᠡᠭᠵᠢᠬᠦᠯᠬᠦ ᠣᠷᠣᠨ ᠢ ᠪᠥᠲᠥᠭᠡᠨ ᠪᠠᠶᠢᠭᠤᠯᠵᠤ᠂ ᠣᠳᠣᠬᠢᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠴᠣᠭᠴᠠᠯᠠᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠤ ᠴᠢᠬᠤᠯᠠᠴᠢᠯᠠᠪᠠ᠃ 
ᠢᠷᠡᠯᠲᠡ᠄ ᠤᠷᠳᠤᠰ ᠮᠤᠩᠭᠤᠯ ᠰᠦᠯᠵᠢᠶ᠎ᠡ