| 9 ᠰᠠᠷ᠎ᠡ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠠᠪᠤᠳᠤᠭᠠᠷ ᠤᠳᠠᠭᠠᠨ ᠤ ᠳᠦᠯᠦᠭᠡᠯᠡᠭᠴᠢᠳ ᠤᠨ | ᠶᠡᠭᠡ ᠬᠤᠷᠡᠯ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠳᠤᠳᠤᠨᠤ ᠬᠠᠯᠠᠮᠵᠢᠯᠠᠯ᠂ ᠦᠪᠡᠷᠳᠡᠬᠡᠨ ᠵᠠᠰᠠᠬᠤ | ᠤᠷᠤᠨ ᠤ ᠠᠬᠤᠢ ᠳᠠᠯᠠᠪᠠᠢ ᠳᠤ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠳᠤᠯᠤᠳᠤᠭᠠᠷ ᠳᠤᠭᠤᠢᠢᠯᠠᠩ᠂ ᠵᠢᠭᠠᠨ ᠵᠢᠯᠤᠭᠤᠳᠴᠤ ᠱᠠᠯᠠᠪᠳᠠᠭᠤᠯᠤᠨ | ᠪᠠᠶᠢᠴᠠᠭᠠᠬᠤ ᠳᠠᠪᠤᠳᠤᠭᠠᠷ ᠳᠤᠭᠤᠢᠢᠯᠠᠩ ᠤᠨ ᠪᠤᠳᠠᠳᠠᠢ ᠵᠢᠯᠤᠭᠤᠳᠤᠯᠭ᠎ᠠ᠂ ᠪᠦᠬᠦ ᠳᠦᠯᠦᠭᠡᠯᠡᠭᠴᠢᠳ ᠪᠠ ᠨᠦᠬᠦᠳ ᠤᠨ ᠬᠠᠮᠳᠤ ᠶᠢᠨ ᠴᠢᠷᠮᠠᠶᠢᠯᠭ᠎ᠠ ᠳᠤᠤᠷ᠎ᠡ᠂ ᠡᠯ᠎ᠡ | ᠳᠦᠷᠦᠯ ᠤᠨ ᠵᠦᠪᠯᠡᠬᠦ ᠵᠦᠢᠯ ᠢᠶᠠᠨ ᠳᠡᠬᠦᠰ ᠠᠮᠵᠢᠯᠳᠠ ᠲᠠᠢ ᠪᠡᠶᠡᠯᠡᠬᠦᠯᠦᠭᠡᠳ ᠬᠢᠶ᠎ᠡ ᠪᠠᠭᠰᠢ ᠳᠤᠭᠤᠷᠢᠭ ᠲᠤ ᠠᠮᠵᠢᠯᠳᠡ ᠲᠠᠢ ᠬᠤᠷᠠᠯᠳᠤᠨ ᠳᠡᠬᠦᠰᠪᠡ᠃ | ᠯᠢ ᠯᠢ ᠶᠡᠭᠡ ᠬᠤᠷᠡᠯ ᠢ ᠡᠷᠬᠢᠯᠡᠭᠰᠡᠨ ᠤ ᠬᠠᠮᠳᠤ ᠶᠠᠷᠢᠶ᠎ᠡ ᠳᠠᠯᠪᠢᠪᠠ᠃ | ᠶᠡᠭᠡ ᠬᠤᠷᠡᠯ ᠤᠨ ᠳᠡᠷᠢᠬᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠬᠦᠨ᠂ ᠶᠡᠭᠡ ᠬᠤᠷᠡᠯ ᠤᠨ ᠬᠦᠢᠴᠡᠳᠬᠡᠭᠴᠢ ᠳᠡᠷᠢᠬᠦᠯᠡᠭᠴᠢ ᠯᠢ | ᠯᠢ᠂ ᠳ᠋ᠦ᠋ ᠬᠤᠢ ᠯᠢᠶᠠᠩ᠂ ᠰᠢᠩ ᠵᠸᠡᠭ᠂ ᠰᠤ᠋ ᠵᠦᠡᠭ ᠱᠸᠡᠭ᠂ ᠱᠧ ᠰᠢ ᠸᠧᠨ᠂ ᠰᠤ᠋ ᠼᠦᠢ ᠹᠠᠨᠭ᠌᠂ ᠵᠧᠨ ᠬᠤᠸᠠ᠂ ᠭᠤᠤ ᠳ᠋ᠧ ᠴᠢᠤᠸᠠᠨ᠂ ᠯᠢᠦ ᠰᠢᠶᠤᠤ ᠹᠸᠡᠭ | ᠂ ᠵᠠᠩ ᠸᠧᠢ᠂ ᠬᠤᠸᠠ ᠷᠦᠢ ᠹᠸᠡᠭ᠂ ᠪᠦᠷᠢᠨᠴᠢᠮᠡᠭ ᠨᠡᠷ ᠳᠡᠷᠢᠬᠦᠯᠡᠭᠴᠢ ᠶᠢᠨ ᠳᠠᠶᠢᠰᠠᠨ ᠤ ᠡᠮᠦᠨ᠎ᠡ ᠮᠦᠷ ᠲᠤ ᠰᠠᠭᠠᠳᠠᠪᠠ᠃ ᠵᠠᠩ ᠵᠠᠨ ᠯᠢᠨ᠂ ᠭᠤᠤ ᠵᠠᠨ ᠱᠸᠡᠭ | ᠵᠡᠷᠬᠡ ᠶᠡᠭᠡ ᠬᠤᠷᠡᠯ ᠤᠨ ᠳᠡᠷᠢᠭᠦᠯᠡᠭᠴᠢᠳ ᠤᠨ ᠪᠦ᠋ᠯᠬᠦᠮ ᠤᠨ ᠪᠦᠷᠢᠯᠳᠦᠬᠦᠨ᠂ ᠳᠦᠯᠦᠭᠡᠯᠡᠭᠴᠢ ᠶᠢᠨ ᠳᠤᠳᠤᠷᠡᠬᠢ ᠭᠠᠵᠠᠷ ᠳᠢᠩᠬᠢᠮ ᠤᠨ ᠳᠡᠰ ᠤᠨ ᠺᠠᠳ᠋ᠷ᠂ ᠤᠷᠢᠬᠰᠠᠨ | ᠵᠤᠴᠢᠳ ᠤᠨ ᠲᠤᠳᠤᠷᠠᠭᠢ ᠭᠠᠵᠡᠷ ᠲᠢᠩᠭᠢᠮ ᠤᠨ ᠲᠡᠰ ᠤᠨ ᠺᠡᠳ᠋ᠷ᠂ ᠠᠵᠢᠯ ᠠᠴᠠ ᠪᠠᠨ ᠠᠮᠠᠷᠠᠬᠰᠠᠨ ᠺᠠᠳ᠋ᠷ᠂ ᠠᠷᠡᠳᠴᠢᠯᠠᠬᠰᠠᠨ ᠨᠠᠮ ᠪᠦᠯᠦᠭ ᠤᠨ ᠭᠤᠤᠯ | ᠬᠠᠷᠢᠭᠤᠴᠠᠯᠭᠠᠳᠠᠨ ᠨᠡᠷ ᠳᠡᠷᠢᠬᠦᠯᠡᠭᠴᠢ ᠶᠢᠨ ᠳᠠᠶᠢᠰᠠᠨ ᠳᠤ ᠰᠠᠭᠠᠳᠠᠪᠠ᠃ | ᠦᠪᠡᠷᠳᠡᠬᠡᠨ ᠵᠠᠰᠠᠬᠤ ᠤᠷᠤᠨ ᠤ ᠠᠬᠤᠢ ᠳᠠᠯᠠᠪᠠᠢ ᠳᠤ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠳᠤᠯᠤᠳᠤᠭᠠᠷ ᠳᠤᠭᠤᠢᠢᠯᠠᠩ ᠤᠨ ᠳᠠᠷᠤᠭ᠎ᠠ ᠯᠢᠨ | ᠵᠢᠶᠠᠨ ᠵᠢᠶᠦ᠋ᠨ ᠵᠢᠴᠢ ᠠᠬᠤᠢ ᠳᠠᠯᠠᠪᠠᠢ ᠳᠤ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠳᠤᠯᠤᠳᠤᠭᠠᠷ ᠳᠤᠭᠤᠢᠢᠯᠠᠩ᠂ ᠵᠢᠭᠠᠨ ᠵᠢᠯᠤᠭᠤᠳᠴᠤ | ᠱᠠᠯᠠᠪᠳᠠᠭᠤᠯᠤᠨ ᠪᠠᠶᠢᠴᠠᠭᠠᠬᠤ ᠳᠠᠪᠤᠳᠤᠭᠠᠷ ᠳᠤᠭᠤᠢᠢᠯᠠᠩ ᠤᠨ ᠪᠦᠷᠢᠯᠳᠦᠬᠦᠨ ᠬᠤᠷᠡᠯ ᠳᠤ ᠤᠷᠤᠯᠴᠠᠪᠠ᠃ | ᠶᠡᠭᠡ ᠬᠤᠷᠡᠯ ᠳᠤ ᠤᠷᠤᠯᠴᠠᠪᠠᠰᠤ ᠵᠤᠬᠢᠬᠤ ᠬᠦᠮᠦᠨ ᠤ ᠳᠤᠭ᠎ᠠ 349 ᠬᠦᠮᠦᠨ ᠪᠠᠶᠢᠵᠤ᠂ ᠪᠤᠳᠠᠳᠠᠢ ᠤᠷᠤᠯᠴᠠᠬᠰᠠᠨ ᠨᠢ 338 ᠬᠦᠮᠦᠨ ᠪᠠᠶᠢᠵᠤ᠂ | ᠳᠤᠬᠳᠠᠭᠠᠬᠰᠠᠨ ᠬᠦᠮᠦᠨ ᠤ ᠳᠤᠭ᠎ᠠ ᠳᠤ ᠨᠡᠶᠢᠴᠡᠪᠡ᠃ | ᠶᠡᠭᠡ ᠬᠤᠷᠡᠯ ᠤᠨ ᠪᠢᠯᠧᠲ ᠬᠢᠨᠠᠬᠴᠢ ᠶᠢᠨ ᠬᠢᠨᠠᠯᠳᠠ ᠳᠤᠤᠷ᠎ᠡ᠂ ᠬᠤᠷᠡᠯ ᠳᠤ ᠤᠷᠤᠯᠴᠠᠬᠰᠠᠨ 338 ᠬᠦᠮᠦᠨ ᠨᠡᠷ᠎ᠡ ᠪᠠᠨ ᠳᠡᠮᠳᠡᠭᠯᠡᠬᠦ ᠦᠬᠡᠢ ᠪᠠᠷ ᠪᠢᠯᠧᠲ | ᠦᠭᠬᠦ ᠠᠷᠭ᠎ᠠ ᠮᠠᠶ᠋ᠢᠬ ᠢᠶᠠᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠠᠪᠤᠳᠤᠭᠠᠷ ᠬᠤᠭᠤᠴᠠᠭᠠᠨ ᠤ ᠬᠤᠷᠢᠶ᠎ᠡ ᠶᠢᠨ 51 ᠭᠡᠰᠢᠭᠦᠨ᠂ | 10 ᠤᠷᠤᠯᠠᠬᠴᠢ ᠭᠡᠰᠢᠭᠦᠨ ᠪᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠬᠤᠷᠢᠶ᠎ᠡ ᠶᠢᠨ ᠳᠠᠪᠤᠳᠤᠭᠠᠷ ᠬᠤᠭᠤᠴᠠᠭᠠᠨ ᠤ ᠰᠠᠬᠢᠯᠭ᠎ᠠ | ᠪᠠᠳᠤ ᠪᠠᠶᠢᠴᠠᠭᠠᠬᠤ ᠬᠤᠷᠢᠶ᠎ᠡ ᠶᠢᠨ 25 ᠭᠡᠰᠢᠭᠦᠨ ᠢ ᠰᠤᠩᠭᠤᠨ ᠭᠠᠷᠭᠠᠭᠰᠠᠨ ᠤ ᠬᠠᠮᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠤᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠦᠬᠡᠷ ᠤᠳᠠᠭᠠᠨ ᠤ ᠳᠦᠯᠦᠭᠡᠯᠡᠭᠴᠢᠳ ᠤᠨ ᠶᠡᠭᠡ ᠬᠤᠷᠡᠯ ᠳᠤ ᠤᠷᠤᠯᠴᠠᠬᠤ 38 ᠳᠦᠯᠦᠭᠡᠯᠡᠭᠴᠢ ᠶᠢ ᠰᠤᠩᠭᠤᠨ | ᠭᠠᠷᠭᠠᠪᠠ᠃ ᠶᠡᠭᠡ ᠬᠤᠷᠡᠯ ᠠᠴᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠮᠡᠳᠡᠭᠦᠯᠦᠯᠳᠠ ᠶᠢᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ ᠶᠡᠭᠡ ᠬᠤᠷᠠᠯ ᠤᠨ ᠰᠢᠢᠳᠪᠤᠷᠢ︾ ᠶᠢ | ᠪᠠᠳᠤᠯᠠᠪᠠ︔ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠦᠷᠪᠡᠳᠦᠬᠡᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠡ ᠶᠢᠨ ᠠᠵᠢᠯ ᠤᠨ ᠮᠡᠳᠡᠬᠦᠯᠦᠯᠳᠡ ᠶᠢᠨ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠠᠪᠤᠳᠤᠭᠠᠷ ᠤᠳᠠᠭᠠᠨ ᠤ | ᠳᠦᠯᠦᠭᠡᠯᠡᠭᠴᠢᠳ ᠤᠨ ᠶᠡᠭᠡ ᠬᠤᠷᠡᠯ ᠤᠨ ᠰᠢᠢᠳᠪᠦᠷᠢ︾ ᠶᠢ ᠪᠠᠳᠤᠯᠠᠪᠠ᠃ | ᠯᠢ ᠯᠢ ᠶᠠᠷᠢᠶᠡᠨ ᠳᠠᠭᠠᠨ᠂ ᠳᠤᠰ ᠤᠳᠠᠭᠠᠨ ᠤ ᠶᠡᠭᠡ ᠬᠤᠷᠡᠯ ᠪᠤᠯ ᠳᠤᠬ ᠢ ᠦᠨᠳᠦᠷ ᠮᠠᠨᠳᠤᠭᠤᠯᠵᠤ᠂ ᠤᠷᠢᠳᠤᠬᠢ ᠶᠢ ᠵᠠᠯᠭᠠᠮᠵᠢᠯᠠᠵᠤ ᠬᠤᠶᠢᠳᠤᠬᠢ ᠳᠤ ᠵᠠᠮ | ᠨᠡᠬᠡᠭᠡᠭᠰᠡᠨ ᠶᠡᠭᠡ ᠬᠤᠷᠡᠯ ᠮᠦᠨ᠃ ᠬᠤᠷᠡᠯ ᠠᠴᠠ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠳᠤᠬ ᠢ ᠦᠨᠳᠦᠷ ᠮᠠᠨᠳᠤᠭᠤᠯᠵᠤ᠂ | ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠶᠡᠷᠦᠩᠬᠡᠢ ᠱᠦᠵᠢ ᠰᠢ ᠶᠢᠨ ᠫᠢᠡᠭ ᠤᠨ ︽7 · 1︾ ᠤ ᠴᠢᠬᠤᠯᠠ ᠶᠠᠷᠢᠶᠡᠨ ᠤ ᠵᠤᠷᠢᠬ ᠰᠠᠨᠠᠭ᠎ᠠ ᠪᠠ ᠦᠪᠤᠷ ᠮᠤᠩᠭᠤᠯ ᠤᠨ ᠠᠵᠢᠯ ᠳᠤ ᠳᠠᠯᠪᠢᠬᠰᠠᠨ ᠴᠢᠬᠤᠯᠠ | ᠶᠠᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠳᠦᠷᠪᠡᠳᠦᠬᠡᠷ | ᠤᠳᠠᠭᠠᠨ ᠤ ᠨᠠᠮ ᠤᠨ ᠳᠦᠯᠦᠭᠡᠯᠡᠭᠴᠢᠳ ᠤᠨ ᠬᠤᠷᠡᠯ ᠠᠴᠠ ᠨᠠᠭᠠᠰᠢᠬᠢ ᠤᠯᠤᠬᠰᠠᠨ ᠴᠢᠬᠤᠯᠠ ᠠᠮᠵᠢᠯᠳᠡ ᠪᠦᠳᠦᠬᠡᠯ ᠪᠠ ᠦᠨᠳᠦᠰᠦᠨ ᠳᠤᠷᠰᠢᠯᠭ᠎ᠠ ᠶᠢ | ᠪᠤᠰᠤᠳᠴᠢ ᠪᠠᠷ ᠳ᠋ᠦᠡᠭᠨᠡᠨ᠂ ᠬᠦᠭᠵᠢᠯᠳᠡ ᠶᠢᠨ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠤᠨᠤᠪᠴᠢᠳᠡᠢ ᠪᠠᠷ ᠵᠠᠳᠠᠯᠵᠤ᠂ ᠬᠤᠶᠢᠰᠢᠳᠡ ᠶᠢᠨ ᠳᠠᠪᠤᠨ | ᠵᠢᠯ ᠤᠨ ᠳᠡᠮᠡᠴᠡᠬᠦ ᠬᠠᠷᠠᠯᠳᠡ ᠪᠠ ᠭᠤᠤᠯ ᠡᠬᠦᠷᠬᠡ ᠶᠢ ᠰᠢᠰᠲ᠋ᠧᠮ ᠲᠠᠢ ᠪᠠᠷ ᠳᠤᠷᠠᠳᠤᠨ ᠭᠠᠷᠭᠠᠵᠤ᠂ ᠤᠷᠳᠤᠰ ᠤᠨ ᠢᠷᠡᠬᠡᠳᠦᠢ ᠶᠢᠨ ᠬᠦᠭᠵᠢᠯᠳᠡ ᠶᠢᠨ ᠵᠢᠷᠤᠬ | ᠳᠦᠰᠦᠪ ᠢ ᠪᠦᠬᠦ ᠳᠠᠯ᠎ᠠ ᠪᠠᠷ ᠵᠢᠷᠤᠬᠯᠠᠨ᠂ ᠦᠵᠡᠯ ᠰᠠᠨᠠᠭ᠎ᠠ ᠪᠠᠨ ᠨᠢᠬᠡᠳᠬᠡᠵᠤ᠂ ᠬᠠᠷᠠᠯᠳᠠ ᠪᠠᠨ ᠳᠤᠳᠤᠷᠬᠠᠢᠢᠯᠠᠨ ᠡᠷᠴᠢ ᠵᠤᠷᠢᠬ ᠢ ᠬᠦᠪᠴᠢᠯᠡᠭᠰᠡᠨ | ᠬᠠᠷᠠᠯᠳᠠ ᠳᠠᠭᠠᠨ ᠬᠦᠷᠦᠭᠰᠡᠨ ᠪᠠᠶᠢᠨ᠎ᠠ ᠬᠡᠵᠤ ᠬᠡᠯᠡᠪᠡ᠃ | ᠯᠢ ᠯᠢ ᠳᠤᠰ ᠤᠳᠠᠭᠠᠨ ᠤ ᠶᠡᠭᠡ ᠬᠤᠷᠡᠯ ᠪᠤᠯ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠵᠤ᠂ ᠦᠨᠡᠨ ᠢ ᠡᠷᠢᠵᠤ ᠪᠤᠳᠠᠳᠠᠢ ᠶᠢ ᠡᠷᠬᠢᠮᠯᠡᠭᠰᠡᠨ ᠶᠡᠭᠡ | ᠬᠤᠷᠡᠯ ᠮᠦᠨ᠃ ᠬᠤᠷᠡᠯ ᠤᠨ ᠬᠤᠭᠤᠴᠠᠭᠠᠨ ᠳᠤ᠂ ᠬᠤᠷᠡᠯ ᠳᠤ ᠤᠷᠤᠯᠴᠠᠬᠰᠠᠨ ᠪᠦᠬᠦ ᠳᠦᠯᠦᠭᠡᠯᠡᠭᠴᠢᠳ ᠤᠯᠤᠰ ᠳᠦᠷᠦ ᠶᠢᠨ ᠤᠬᠠᠮᠰᠠᠷ ᠪᠠ ᠬᠠᠷᠢᠭᠤᠴᠠᠯᠭᠠᠳᠤ | ᠰᠡᠳᠬᠢᠯᠬᠡ ᠪᠠᠷ ᠡᠭᠦᠷᠭᠡᠯᠡᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠨ᠂ ᠬᠦᠭᠵᠢᠯᠳᠡ ᠶᠢᠨ ᠶᠡᠭᠡ ᠪᠤᠳᠤᠯᠭ᠎ᠠ ᠶᠢ ᠬᠠᠮᠳᠤ ᠪᠠᠷ ᠵᠦᠪᠯᠡᠵᠤ᠂ ᠤᠯᠠᠨ ᠠᠷᠪᠢᠨ | ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ᠂ ᠰᠢᠨ᠎ᠡ ᠠᠶᠠᠨ ᠳᠤ ᠳᠡᠮᠡᠴᠡᠬᠦ᠂ ᠰᠢᠨ᠎ᠡ ᠴᠠᠬ ᠦᠶ᠎ᠡ ᠳᠤ ᠳᠡᠮᠡᠴᠡᠬᠦ ᠦᠵᠡᠯ ᠰᠠᠨᠠᠭᠠᠨ ᠤ ᠬᠠᠮᠳᠤ ᠶᠢᠨ ᠳᠠᠨᠢᠯᠳᠠ ᠶᠢ | ᠪᠤᠢ ᠪᠤᠯᠭᠠᠨ᠂ ︽ᠰᠢᠨ᠎ᠡ ᠵᠠᠮ ᠢᠶᠠᠷ ᠰᠠᠶᠢᠳᠤᠷ ᠵᠠᠮᠨᠠᠨ᠂ ᠤᠷᠢᠳ ᠢᠶᠠᠷ ᠬᠡᠷᠡᠭᠵᠢᠬᠦᠯᠬᠦ ᠤᠷᠤᠨ ᠢ ᠪᠦᠳᠦᠬᠡᠨ ᠪᠠᠶᠢᠭᠤᠯᠵᠤ᠂ ᠤᠳᠤᠬᠢᠴᠢᠯᠠᠬᠰᠠᠨ ᠤᠷᠳᠤᠰ ᠤᠨ | ᠰᠠᠶᠢᠨ ᠰᠠᠶᠢᠬᠠᠨ ᠢᠷᠡᠬᠡᠳᠦᠢ ᠶᠢ ᠴᠤᠬᠴᠠᠯᠠᠬᠤ︾ ᠬᠦᠴᠦᠳᠦ ᠶᠡᠭᠡ ᠬᠠᠮᠳᠤᠷᠠᠯ ᠬᠦᠴᠦᠨ ᠢ ᠪᠦᠷᠢᠯᠳᠦᠬᠦᠯᠵᠤ᠂ ᠤᠷᠳᠤᠰ ᠤᠨ ᠦᠬᠡᠷᠡᠴᠢᠯᠡᠯᠳᠡ ᠬᠦᠭᠵᠢᠯᠳᠡ ᠶᠢᠨ | ᠶᠠᠪᠤᠴᠠ ᠳᠤ ᠴᠢᠬᠤᠯᠠ ᠶᠡᠭᠡ ᠪᠦᠬᠡᠳ ᠠᠯᠤᠰ ᠬᠡᠳᠦ ᠶᠢᠨ ᠨᠦᠯᠦᠬᠡ ᠦᠵᠡᠬᠦᠯᠬᠦ ᠨᠢ ᠯᠠᠪᠳᠠᠢ ᠶᠤᠮ ᠬᠡᠵᠤ ᠵᠢᠭᠠᠵᠤ ᠭᠠᠷᠭᠠᠪᠠ᠃ | ᠯᠢ ᠯᠢ ᠳᠤᠰ ᠤᠳᠠᠭᠠᠨ ᠤ ᠶᠡᠭᠡ ᠬᠤᠷᠡᠯ ᠪᠤᠯ ᠠᠷᠡᠳᠴᠢᠯᠡᠯ ᠪᠦᠯᠬᠦᠮᠳᠡᠯ ᠲᠠᠢ᠂ ᠤᠷᠤᠬᠰᠢ ᠳᠠᠪᠰᠢᠬᠤ ᠶᠢ ᠤᠷᠮᠠᠰᠢᠭᠤᠯᠤᠨ ᠵᠤᠷᠢᠬᠵᠢᠭᠤᠯᠤᠬᠰᠠᠨ ᠶᠡᠭᠡ | ᠬᠤᠷᠡᠯ ᠮᠦᠨ᠃ ᠬᠤᠷᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠵᠤᠬᠢᠶᠠᠨ ᠪᠠᠶᠢᠭᠤᠯᠬᠤ ᠠᠵᠢᠯ ᠴᠢᠩᠭ᠎ᠠ ᠨᠢᠮᠪᠠᠢ ᠪᠤᠯᠵᠤ᠂ ᠪᠦᠬᠦ | ᠳᠦᠯᠦᠭᠡᠯᠡᠭᠴᠢᠳ ᠡᠷᠬᠡ ᠡᠬᠦᠷᠬᠡ ᠪᠠᠨ ᠬᠢᠨᠠᠮᠠᠭᠠᠢ ᠬᠦᠢᠴᠡᠳᠬᠡᠨ᠂ ᠤᠯᠤᠰ ᠳᠦᠷᠦ ᠶᠢ ᠡᠷᠬᠢᠮᠯᠡᠵᠤ᠂ ᠶᠡᠭᠡ ᠲᠠᠯ ᠠ ᠶᠢ ᠪᠤᠳᠤᠯᠬᠢᠯᠠᠨ᠂ ᠰᠠᠬᠢᠯᠭ᠎ᠠ ᠲᠦᠷᠢᠮ ᠢ | ᠰᠠᠬᠢᠵᠤ᠂ ᠦᠷᠬᠡᠨ ᠳᠡᠯᠬᠡᠷ ᠶᠠᠷᠢᠯᠴᠠᠭ᠎ᠠ ᠦᠷᠨᠢᠭᠦᠯᠭᠦ ᠪᠠ ᠠᠷᠡᠳᠴᠢᠯᠡᠯ ᠢ ᠪᠠᠳᠠᠷᠠᠭᠤᠯᠤᠬᠰᠠᠨ ᠰᠠᠭᠤᠷᠢᠨ ᠳᠡᠬᠡᠷ᠎ᠡ ᠰᠢᠨ᠎ᠡ ᠨᠢᠬᠡᠨ ᠬᠤᠭᠤᠴᠠᠭᠠᠨ ᠤ ᠬᠤᠳᠠ ᠶᠢᠨ | ᠨᠠᠮ ᠤᠨ ᠬᠤᠷᠢᠶ᠎ᠡ᠂ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠶᠢᠨ ᠤᠳᠤᠷᠢᠳᠤᠯᠭ᠎ᠠ ᠶᠢᠨ ᠬᠠᠮᠳᠤ ᠪᠠ ᠳᠤᠮᠳᠠᠳᠤ ᠤᠯᠤᠰ ᠤᠨ ᠡᠪ ᠬᠠᠮᠳᠤ ᠨᠠᠮ ᠤᠨ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠦᠬᠡᠷ ᠤᠳᠠᠭᠠᠨ ᠤ ᠳᠦᠯᠦᠭᠡᠯᠡᠭᠴᠢᠳ ᠤᠨ ᠶᠡᠭᠡ ᠬᠤᠷᠡᠯ ᠳᠤ ᠤᠷᠤᠯᠴᠠᠬᠤ | ᠳᠦᠯᠦᠭᠡᠯᠡᠭᠴᠢᠳ ᠢ ᠠᠮᠵᠢᠯᠳᠡ ᠲᠠᠢ ᠰᠤᠩᠭᠤᠨ ᠭᠠᠷᠭᠠᠵᠤ᠂ ᠤᠷᠳᠤᠰ ᠤᠨ ᠰᠢᠨ᠎ᠡ ᠵᠠᠮ ᠢᠶᠠᠷ ᠰᠠᠶᠢᠳᠤᠷ ᠵᠠᠮᠨᠠᠵᠤ᠂ ᠤᠷᠢᠳ ᠢᠶᠠᠷ ᠬᠡᠷᠡᠭᠵᠢᠬᠦᠯᠬᠦ ᠤᠷᠤᠨ ᠢ | ᠪᠦᠳᠦᠬᠡᠨ ᠪᠠᠶᠢᠭᠤᠯᠬᠤ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠨᠭ᠍ᠭᠠᠵᠠᠢ ᠬᠡᠵᠤ ᠵᠢᠭᠠᠵᠤ ᠭᠠᠷᠭᠠᠪᠠ᠃ | ᠯᠢ ᠯᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠳᠠᠪᠤᠳᠤᠭᠠᠷ ᠤᠳᠠᠭᠠᠨ ᠤ ᠳᠦᠯᠦᠭᠡᠯᠡᠭᠴᠢᠳ ᠤᠨ ᠶᠡᠭᠡ ᠬᠤᠷᠡᠯ ᠠᠴᠠ | ᠳᠤᠬᠳᠠᠭᠠᠬᠰᠠᠨ ᠬᠠᠷᠠᠯᠳᠠ ᠡᠬᠦᠷᠬᠡ ᠤᠳᠤᠬᠠᠨ ᠤ ᠪᠠᠶᠢᠳᠠᠯ ᠳᠤ ᠰᠠᠭᠤᠷᠢᠯᠠᠬᠰᠠᠨ ᠪᠦᠬᠡᠳ ᠢᠷᠡᠬᠡᠳᠦᠢ ᠵᠦᠭ ᠬᠠᠷᠠᠭ᠎ᠠ ᠪᠠᠨ ᠲᠡᠯᠡᠵᠤ᠂ ᠨᠠᠮ ᠤᠨ ᠳᠦᠪ ᠬᠤᠷᠢᠶ᠎ᠡ ᠪᠠ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠳᠤᠭᠤᠰᠢᠯᠠᠭᠤᠯᠤᠨ᠂ ᠪᠦᠬᠦ ᠳᠦᠯᠦᠭᠡᠯᠡᠭᠴᠢᠳ ᠤᠨ | ᠬᠠᠮᠳᠤ ᠶᠢᠨ ᠤᠶᠤᠨ ᠤᠬᠠᠭᠠᠨ ᠢ ᠨᠢᠬᠳᠠᠷᠠᠭᠤᠯᠵᠤ᠂ ᠪᠦᠬᠦ ᠬᠤᠳᠠ ᠶᠢᠨ ᠠᠷᠡᠳ ᠳᠦᠮᠡᠨ ᠤ ᠬᠠᠮᠳᠤ ᠶᠢᠨ ᠬᠦᠰᠡᠯ ᠢ ᠳᠤᠰᠬᠠᠬᠰᠠᠨ ᠪᠠᠶᠢᠨ᠎ᠠ᠃ ᠦᠵᠡᠯ | ᠰᠠᠨᠠᠭ᠎ᠠ ᠪᠠᠨ ᠤᠯᠠᠮ ᠨᠢᠬᠡ ᠠᠯᠬᠤᠮ ᠴᠢᠯᠦᠬᠡᠯᠡᠵᠤ᠂ ᠡᠷᠡᠮᠡᠬᠡᠶᠢᠯᠡᠨ ᠳᠡᠮᠡᠴᠡᠵᠤ᠂ ᠵᠢᠳᠬᠦᠯ ᠴᠢᠷᠮᠠᠶᠢᠯᠭ᠎ᠠ ᠭᠠᠷᠭᠠᠨ᠂ ᠬᠤᠰᠢᠭᠤᠷᠠᠬᠤ ᠪᠠᠷ ᠴᠢᠷᠮᠠᠶᠢᠵᠤ᠂ | ᠤᠳᠤᠬᠢᠴᠢᠯᠠᠬᠰᠠᠨ ᠤᠷᠳᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠠᠶᠢᠨ ᠰᠠᠶᠢᠬᠠᠨ ᠵᠢᠷᠤᠬ ᠳᠦᠰᠦᠪ ᠢ ᠠᠮᠢᠳᠤᠯᠢᠬ ᠦᠢᠯᠡᠳᠦᠯᠬᠡ ᠪᠤᠯᠭᠠᠨ ᠬᠤᠪᠢᠷᠠᠭᠤᠯᠬᠤ | ᠬᠡᠷᠡᠭᠳᠡᠢ ᠬᠡᠵᠤ ᠴᠢᠬᠤᠯᠠᠴᠢᠯᠡᠪᠠ᠃ | ᠯᠢ ᠯᠢ ᠰᠠᠶᠢᠨ ᠰᠠᠶᠢᠬᠠᠨ ᠵᠢᠷᠤᠬ ᠳᠦᠰᠦᠪ ᠢ ᠠᠮᠢᠳᠤᠯᠢᠬ ᠦᠢᠯᠡᠳᠦᠯᠬᠡ ᠪᠤᠯᠭᠠᠨ ᠬᠤᠪᠢᠷᠠᠭᠤᠯᠬᠤ ᠳᠤ ᠡᠷᠡᠰ ᠪᠠᠳᠤ ᠤᠯᠤᠰ ᠳᠦᠷᠦ ᠶᠢᠨ ᠴᠢᠭᠯᠡᠯ ᠢᠶᠠᠨ | ᠪᠠᠳᠤᠳᠬᠠᠵᠤ᠂ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢᠶᠠᠨ ᠪᠠᠳᠤᠯᠠᠬᠤ ᠬᠡᠷᠡᠭᠳᠡᠢ᠃ ᠰᠢ ᠶᠢᠨ ᠫᠢᠡᠭ ᠤᠨ ᠰᠢᠨ᠎ᠡ ᠴᠠᠬ ᠦᠶ᠎ᠡ ᠶᠢᠨ ᠳᠤᠮᠳᠠᠳᠤ | ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠡᠯᠡᠵᠤ᠂ ︽ᠳᠦᠷᠪᠡᠨ ᠤᠬᠠᠮᠰᠠᠷ︾ ᠢᠶᠠᠨ | ᠴᠢᠩᠭᠠᠳᠬᠠᠨ᠂ ︽ᠳᠦᠷᠪᠡᠨ ᠢᠳᠡᠬᠡᠯ︾ ᠢᠶᠠᠨ ᠪᠠᠳᠤᠳᠬᠠᠵᠤ᠂ ︽ᠬᠤᠶᠡᠷ ᠢ ᠬᠠᠮᠠᠭᠠᠯᠠᠬᠤ︾ ᠶᠢ ᠪᠡᠶᠡᠯᠡᠬᠦᠯᠬᠦ ᠬᠡᠷᠡᠭᠳᠡᠢ᠃ ᠨᠠᠮ ᠳᠠᠭᠠᠨ ᠬᠠᠷᠢᠴᠠᠯᠠᠰᠢᠬᠦᠢ ᠦᠨᠡᠨᠴᠢ | ᠰᠢᠳᠤᠷᠭᠤ ᠪᠠᠶᠢᠬᠤ ᠶᠢ ᠰᠦᠭ ᠰᠦᠨᠡᠰᠦᠨ ᠳᠡᠭᠡᠨ ᠠᠭᠤᠰᠬᠠᠨ᠂ ᠦᠵᠡᠯ ᠰᠠᠨᠠᠭ᠎ᠠ᠂ ᠤᠯᠤᠰ ᠳᠦᠷᠦ᠂ ᠦᠢᠯᠡ ᠠᠵᠢᠯᠯᠠᠭ᠎ᠠ ᠳᠡᠬᠡᠷ᠎ᠡ ᠪᠠᠨ ᠤᠬᠠᠮᠰᠠᠷ ᠠᠴᠠ ᠪᠠᠨ | ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠲᠠᠢ ᠳᠡᠬᠡᠳᠦ ᠬᠡᠮᠵᠢᠶ᠎ᠡ ᠪᠠᠷ ᠨᠢᠬᠡᠳᠦᠯᠳᠡᠢ ᠪᠠᠶᠢᠯᠭᠠᠵᠤ᠂ ︽ᠬᠤᠶᠡᠷ ᠶᠡᠭᠡ ᠳᠠᠯ᠎ᠠ︾ ᠶᠢ | ᠢᠮᠠᠬᠳᠠ ᠰᠡᠳᠭᠢᠯ ᠳᠡᠭᠡᠨ ᠪᠠᠭᠳᠠᠭᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠤᠳᠤᠵᠤ᠂ ᠤᠯᠤᠰ ᠳᠦᠷᠦ ᠶᠢᠨ ᠮᠠᠭᠠᠳᠯᠠᠬᠤ ᠴᠢᠳᠠᠪᠤᠷᠢ᠂ | ᠤᠬᠠᠪᠤᠷᠢᠯᠠᠬᠤ ᠴᠢᠳᠠᠪᠤᠷᠢ᠂ ᠬᠦᠢᠴᠡᠳᠬᠡᠬᠦ ᠴᠢᠳᠠᠪᠤᠷᠢ ᠪᠠᠨ ᠳᠠᠰᠤᠷᠡᠯᠳᠡ ᠦᠬᠡᠢ ᠳᠡᠭᠡᠭᠰᠢᠯᠡᠬᠦᠯᠵᠤ᠂ ᠤᠯᠤᠰ ᠳᠦᠷᠦ ᠶᠢᠨ ᠲᠠᠯ ᠠ ᠠᠴᠠ ᠠᠰᠠᠭᠤᠳᠠᠯ ᠢ | ᠦᠵᠡᠬᠦ ᠳᠡᠭᠡᠨ ᠴᠢᠳᠠᠮᠠᠭᠠᠢ ᠪᠠᠶᠢᠵᠤ᠂ ᠤᠯᠤᠰ ᠲᠦᠷᠦ ᠶᠢᠨ ᠴᠢᠭᠯᠡᠯ ᠢ ᠤᠨᠤᠪᠴᠢᠳᠠᠢ ᠡᠵᠡᠮᠳᠡᠨ᠂ ᠤᠯᠤᠰ ᠳᠦᠷᠦ ᠶᠢᠨ ᠵᠤᠬᠰᠤᠴᠠ ᠪᠠᠨ ᠪᠠᠳᠤ ᠪᠠᠶᠢᠯᠭᠠᠬᠤ | ᠬᠡᠷᠡᠭᠳᠡᠢ ᠬᠡᠵᠤ ᠴᠢᠬᠤᠯᠠᠴᠢᠯᠡᠪᠡ᠃ | ᠯᠢ ᠯᠢ ᠰᠠᠶᠢᠨ ᠰᠠᠶᠢᠬᠠᠨ ᠵᠢᠷᠤᠬ ᠳᠦᠰᠦᠪ ᠢ ᠠᠮᠢᠳᠤᠯᠢᠬ ᠦᠢᠯᠡᠳᠦᠯᠬᠡ ᠪᠤᠯᠭᠠᠨ ᠬᠤᠪᠢᠷᠠᠭᠤᠯᠬᠤ ᠳᠤ ᠴᠢᠩᠭ᠎ᠠ ᠬᠠᠳᠠᠭᠤ ᠬᠡᠪ ᠰᠤᠷᠳᠡᠯ ᠢ ᠲᠠᠪᠳᠠᠨ | ᠪᠤᠯᠪᠠᠰᠤᠷᠠᠭᠤᠯᠵᠤ᠂ ᠵᠤᠷᠢᠬᠳᠡᠢ ᠡᠬᠦᠷᠬᠡᠯᠡᠨ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠳᠡᠢ᠃ ᠦᠨᠡᠨ ᠢ ᠡᠷᠢᠨ ᠪᠤᠳᠠᠳᠠᠢ ᠶᠢ ᠡᠷᠬᠢᠮᠯᠡᠬᠦ ᠰᠤᠷᠳᠡᠯ ᠢ ᠶᠡᠭᠡ ᠪᠠᠷ | ᠪᠠᠳᠠᠷᠠᠭᠤᠯᠵᠤ᠂ ᠨᠠᠮ ᠤᠨ ᠳᠦᠯᠦᠭᠡᠯᠡᠭᠴᠢᠳ ᠤᠨ ᠬᠤᠷᠡᠯ ᠠᠴᠠ ᠳᠤᠬᠳᠠᠭᠠᠬᠰᠠᠨ ᠬᠠᠷᠡᠯᠳᠡ ᠡᠬᠦᠷᠬᠡ ᠳᠤ ᠠᠩᠬᠠᠷᠤᠯ ᠢᠶᠠᠨ ᠳᠦᠪᠯᠡᠷᠡᠬᠦᠯᠦᠨ᠂ ᠬᠠᠳᠠᠭᠤᠵᠢᠯᠳᠡᠢ | ᠳᠡᠮᠡᠴᠡᠵᠤ᠂ ᠦᠷᠬᠦᠯᠵᠢᠯᠡᠨ ᠳᠡᠮᠡᠴᠡᠵᠤ᠂ ᠦᠨᠡᠨ ᠭᠦ ᠠᠳᠬᠤᠨ ᠪᠤᠳᠠᠳᠠᠢ ᠠᠵᠢᠯᠯᠠᠵᠤ᠂ ᠰᠢᠷᠭᠠᠭᠤ ᠠᠵᠢᠯᠯᠠᠨ᠂ ᠦᠨᠳᠦᠷ ᠦᠷ᠎ᠡ ᠪᠦᠳᠦᠮᠵᠢᠳᠡᠢ ᠪᠠᠷ ᠠᠬᠢᠭᠤᠯᠤᠨ᠂ | ᠡᠯ᠎ᠡ ᠳᠦᠷᠦᠯ ᠤᠨ ᠠᠵᠢᠯ ᠢᠶᠠᠨ ᠴᠢᠨᠠᠷᠯᠢᠭ ᠰᠠᠶᠢᠨ ᠪᠡᠶᠡᠯᠡᠬᠦᠯᠬᠦ ᠬᠡᠷᠡᠭᠳᠡᠢ᠃ ᠬᠠᠭᠤᠴᠢᠨ ᠢ ᠲᠠᠶᠠᠬᠳᠠᠨ ᠰᠢᠨ᠎ᠡ ᠶᠢ ᠪᠦᠳᠦᠬᠡᠬᠦ ᠳᠤ ᠴᠢᠳᠠᠮᠠᠭᠠᠢ ᠪᠠᠶᠢᠵᠤ᠂ ᠨᠢᠬᠡ | ᠨᠢᠬᠡ ᠳᠦᠷᠦᠯ ᠢᠶᠠᠷ ᠠᠬᠢᠭᠤᠯᠤᠨ ᠨᠢᠬᠡ ᠨᠢᠬᠡ ᠤᠴᠢᠷ ᠢᠶᠠᠷ ᠰᠢᠪᠳᠤᠯᠵᠤ᠂ ᠨᠢᠬᠡᠳ ᠨᠢᠬᠡ ᠪᠠᠷ ᠨᠠᠶᠢᠳᠠᠪᠤᠷᠢᠵᠢᠭᠤᠯᠤᠨ᠂ ᠨᠡᠩ ᠶᠡᠭᠡ ᠵᠤᠷᠢᠬ ᠰᠦᠰᠦ ᠪᠠᠷ | ᠬᠢᠵᠠᠭᠠᠷᠯᠡᠯ ᠢ ᠳᠡᠶᠢᠯᠤᠨ ᠬᠦᠴᠢᠷ ᠠᠰᠠᠭᠤᠳᠠᠯ ᠢ ᠰᠢᠢᠳᠪᠦᠷᠢᠯᠡᠵᠤ᠂ ᠨᠠᠮ ᠳᠠᠭᠠᠨ ᠤᠰᠤᠯᠳᠠᠬᠤ ᠦᠬᠡᠢ᠂ ᠠᠷᠡᠳ ᠳᠦᠮᠡᠨ ᠳᠤ ᠤᠰᠤᠯᠳᠠᠬᠤ ᠦᠬᠡᠢ᠂ ᠴᠠᠬ | ᠦᠶ᠎ᠡ ᠳᠤ ᠤᠰᠤᠯᠳᠠᠬᠤ ᠦᠬᠡᠢ ᠴᠣ ᠰᠢᠨ᠎ᠡ ᠠᠮᠵᠢᠯᠳᠠ ᠪᠦᠳᠦᠮᠵᠢ ᠶᠢ ᠡᠭᠦᠳᠦᠨ ᠪᠦᠳᠦᠭᠡᠬᠦ ᠬᠡᠷᠡᠭᠳᠡᠢ ᠬᠡᠵᠤ ᠴᠢᠬᠤᠯᠠᠴᠢᠯᠡᠪᠡ᠃ | ᠯᠢ ᠯᠢ ᠰᠠᠶᠢᠨ ᠰᠠᠶᠢᠬᠠᠨ ᠵᠢᠷᠤᠬ ᠳᠦᠰᠦᠪ ᠢ ᠠᠮᠢᠳᠤᠯᠢᠬ ᠦᠢᠯᠡᠳᠦᠯᠬᠡ ᠪᠤᠯᠭᠠᠨ ᠬᠤᠪᠢᠷᠠᠭᠤᠯᠬᠤ ᠳᠤ ᠬᠠᠮᠳᠤᠷᠠᠯ ᠬᠦᠴᠦᠨ ᠢ ᠦᠷᠬᠡᠨ ᠳᠡᠯᠬᠡᠷ | ᠨᠢᠬᠳᠠᠷᠠᠭᠤᠯᠵᠤ᠂ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠨ ᠤᠷᠤᠬᠰᠢᠯᠠᠬᠤ ᠬᠡᠷᠡᠭᠳᠡᠢ᠃ ᠨᠠᠮ ᠤᠨ ᠳᠦᠯᠦᠭᠡᠯᠡᠭᠴᠢᠳ ᠬᠤᠰᠢᠭᠤᠴᠢ ᠵᠢᠱᠢᠶᠡᠴᠢ | ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠳᠤᠬᠠᠢᠢᠯᠠᠬᠰᠠᠨ ᠠᠵᠢᠯ ᠳᠠᠭᠠᠨ ᠰᠠᠭᠤᠷᠢᠯᠡᠨ ᠳᠤᠰ ᠪᠡᠶ᠎ᠡ ᠶᠢᠨ ᠳᠠᠪᠠᠭᠤᠯᠢᠬ ᠢᠶᠠᠨ ᠪᠠᠳᠠᠷᠠᠭᠤᠯᠵᠤ᠂ ᠪᠤᠳᠠᠳᠠᠢ ᠠᠷᠭ᠎ᠠ | ᠠᠪᠴᠠᠯ ᠭᠠᠷᠭᠠᠵᠤ ᠪᠤᠳᠠᠳᠤ ᠶᠠᠪᠤᠳᠠᠯ ᠬᠢᠵᠤ᠂ ᠨᠠᠮ ᠤᠨ ᠳᠦᠯᠦᠭᠡᠯᠡᠭᠴᠢᠳ ᠤᠨ ᠬᠤᠷᠡᠯ ᠤᠨ ᠵᠤᠷᠢᠬ ᠰᠠᠨᠠᠭ᠎ᠠ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ | ᠠᠳᠬᠤᠬᠤ ᠬᠡᠷᠡᠭᠳᠡᠢ᠃ ᠨᠠᠮ ᠤᠨ ᠳᠦᠯᠦᠭᠡᠯᠡᠭᠴᠢᠳ ᠤᠨ ᠬᠤᠷᠡᠯ ᠤᠨ ᠵᠤᠷᠢᠬ ᠰᠠᠨᠠᠭ᠎ᠠ ᠶᠢ ᠤᠬᠠᠭᠤᠯᠳ ᠳᠠᠶᠢᠯᠪᠤᠷᠢᠯᠡᠬᠤ ᠶᠢ ᠢᠳᠡᠪᠬᠢᠳᠡᠢ ᠦᠷᠬᠡᠨ ᠳᠡᠯᠬᠡᠷ | ᠦᠷᠨᠢᠬᠦᠯᠵᠤ᠂ ᠶᠡᠭᠡ ᠬᠤᠷᠡᠯ ᠤᠨ ᠵᠤᠷᠢᠬ ᠰᠠᠨᠠᠭ᠎ᠠ ᠶᠢ ᠦᠨᠳᠦᠰᠦᠨ ᠱᠠᠳᠤᠨ ᠳᠤ ᠬᠦᠨᠵᠡᠬᠡᠶᠢᠷᠡᠬᠦᠯᠭᠦ᠂ ᠤᠯᠠᠨ ᠳᠦᠮᠡᠨ ᠤ ᠳᠤᠮᠳᠠ ᠬᠦᠨᠵᠡᠬᠡᠶᠢᠷᠡᠬᠦᠯᠭᠦ᠂ ᠡᠯ᠎ᠡ | ᠠᠵᠢᠯ ᠳᠦᠷᠦᠯ ᠳᠤ ᠬᠦᠨᠵᠡᠬᠡᠶᠢᠷᠡᠬᠦᠯᠭᠦ ᠶᠢ ᠠᠬᠢᠭᠤᠯᠤᠨ᠂ ᠶᠡᠭᠡ ᠬᠤᠷᠡᠯ ᠤᠨ ᠵᠤᠷᠢᠬ ᠰᠠᠨᠠᠭ᠎ᠠ ᠶᠢ ᠬᠠᠮᠳᠤ ᠪᠠᠷ ᠪᠦᠯᠬᠦᠮᠳᠡᠨ ᠳᠡᠮᠡᠴᠡᠬᠦ ᠦᠵᠡᠯ ᠰᠠᠨᠠᠭᠠᠨ ᠤ | ᠬᠠᠮᠳᠤ ᠶᠢᠨ ᠳᠠᠨᠢᠯᠳᠠ ᠪᠤᠯᠭᠠᠨ ᠬᠤᠪᠢᠷᠠᠭᠤᠯᠵᠤ᠂ ᠶᠡᠭᠡ ᠬᠤᠷᠡᠯ ᠠᠴᠠ ᠳᠤᠬᠳᠠᠭᠠᠬᠰᠠᠨ ᠬᠠᠷᠠᠯᠳᠡ ᠡᠬᠦᠷᠬᠡ ᠶᠢ ᠦᠨᠳᠦᠰᠦᠳᠡᠨ ᠨᠦᠭᠦᠳ ᠤᠨ ᠺᠠᠳ᠋ᠷ ᠤᠯᠠᠨ | ᠳᠦᠮᠡᠨ ᠤ ᠨᠢᠬᠡᠳᠦᠯᠳᠡᠢ ᠦᠢᠯᠡ ᠠᠵᠢᠯᠯᠠᠭ᠎ᠠ ᠪᠤᠯᠭᠠᠨ ᠬᠤᠪᠢᠷᠠᠭᠤᠯᠬᠤ ᠬᠡᠷᠡᠭᠳᠡᠢ ᠬᠡᠵᠤ ᠴᠢᠬᠤᠯᠠᠴᠢᠯᠡᠪᠡ᠃ | ᠯᠢ ᠯᠢ ᠬᠠᠮᠤᠬ ᠡᠴᠤᠰ ᠲᠤ᠂ ᠤᠷᠳᠤᠰ ᠨᠢ ᠳᠠᠬᠢᠨ ᠨᠢᠬᠡ ᠤᠳᠠᠭ᠎ᠠ ᠰᠢᠨ᠎ᠡ ᠳᠡᠦᠬᠡ ᠶᠢᠨ ᠡᠬᠢᠯᠡᠯᠳᠡ ᠳᠡᠬᠡᠷ᠎ᠡ ᠵᠤᠬᠰᠤᠯᠡ᠂ ᠴᠠᠬ ᠦᠶ᠎ᠡ ᠠᠴᠠ ᠪᠢᠳᠡᠨ ᠳᠤ | ᠢᠷᠠᠭᠤ ᠠᠯᠳᠠᠷ ᠲᠠᠢ ᠡᠬᠦᠷᠬᠡ ᠬᠠᠷᠢᠭᠤᠴᠠᠯᠭ᠎ᠠ ᠶᠢ ᠤᠯᠭᠤᠵᠤ᠂ ᠠᠷᠡᠳ ᠳᠦᠮᠡᠨ ᠪᠢᠳᠡᠨ ᠳᠤ ᠬᠦᠰᠡᠯ ᠨᠠᠶᠢᠳᠠᠯᠭ᠎ᠠ ᠳᠠᠯᠪᠢᠪᠠ᠂ ᠪᠢᠳᠡ ᠰᠢ ᠶᠢᠨ ᠫᠢᠡᠭ ᠨᠦᠬᠦᠷ ᠢᠶᠠᠷ | ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠡᠩ ᠨᠢᠬᠳᠡᠷᠡᠨ ᠪᠦᠯᠬᠦᠮᠳᠡᠵᠤ᠂ ᠨᠠᠮ ᠤᠨ ᠳᠦᠪ ᠬᠤᠷᠢᠶ᠎ᠡ ᠪᠠ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠡ᠂ ᠪᠦᠬᠦ ᠬᠤᠳᠠ ᠶᠢᠨ ᠦᠷᠬᠡᠨ ᠤᠯᠠᠨ ᠨᠠᠮ ᠤᠨ ᠬᠡᠰᠢᠬᠦᠨ ᠪᠠ | ᠦᠨᠳᠦᠰᠦᠳᠡᠨ ᠨᠦᠭᠦᠳ ᠤᠨ ᠠᠷᠡᠳ ᠳᠦᠮᠡᠨ ᠢ ᠪᠦᠯᠬᠦᠮᠳᠡᠬᠦᠯᠦᠨ ᠳᠠᠭᠠᠭᠤᠯᠵᠤ᠂ ᠰᠡᠳᠬᠢᠯ ᠨᠢᠬᠡᠳᠬᠡᠨ ᠬᠦᠴᠦ ᠪᠠᠨ ᠬᠠᠮᠳᠤᠳᠬᠠᠵᠤ᠂ ᠳᠠᠷᠪᠠᠭᠤᠯ ᠬᠡᠶᠢᠰᠬᠡᠨ | ᠠᠶᠠᠨ ᠳᠠᠭᠠᠨ ᠮᠤᠷᠳᠡᠵᠤ᠂ ᠤᠳᠤᠬᠢᠴᠢᠯᠠᠬᠰᠠᠨ ᠤᠷᠳᠤᠰ ᠤᠨ ᠪᠦᠳᠦᠬᠡᠨ ᠪᠠᠶᠢᠭᠤᠯᠤᠯᠳᠠ ᠶᠢᠨ ᠰᠠᠶᠢᠨ ᠰᠠᠶᠢᠬᠠᠨ ᠢᠷᠡᠬᠡᠳᠦᠢ ᠶᠢ ᠬᠠᠮᠳᠤ ᠪᠠᠷ ᠴᠤᠬᠴᠠᠯᠠᠰᠤᠭᠠᠢ ᠬᠡᠵᠤ | ᠴᠢᠬᠤᠯᠠᠴᠢᠯᠡᠪᠡ᠃ | ᠶᠡᠭᠡ ᠬᠤᠷᠡᠯ ᠳᠤ ᠰᠤᠯᠠ ᠤᠷᠤᠯᠴᠠᠬᠰᠠᠳ ᠳᠡᠬᠦᠰᠬᠦ ᠶᠤᠰᠤᠯᠠᠯ ᠳᠤ ᠤᠷᠤᠯᠴᠠᠪᠠ᠃ | ᠶᠡᠭᠡ ᠬᠤᠷᠡᠯ ︽ᠢᠨᠲ᠋ᠧᠷᠨᠠᠼᠢᠤᠨᠠᠯ ᠤᠨ ᠳᠠᠭᠤᠤ︾ ᠶᠢᠨ ᠠᠶᠠᠰ ᠤᠨ ᠳᠤᠮᠳᠠ ᠠᠮᠵᠢᠯᠳᠡ ᠲᠠᠢ ᠳᠡᠭᠦᠰᠪᠡ᠃ | | | | | |