ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ‍ᠤ‌ᠬᠠᠮᠲᠤᠷᠠᠭᠰᠠᠨ ᠲᠣᠭᠯᠠᠯᠲᠠ ᠶᠢᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2021/9/3
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 31 ᠤ ᠴᠠᠬᠢᠯᠭᠠᠨ ᠮᠡᠳᠡᠭᠡ   ᠪᠠᠶᠠᠰᠬᠤᠯᠠᠩᠳᠤ ᠳᠠᠭᠤᠤ ᠪᠠᠨ ᠳᠠᠭᠤᠯᠠᠨ᠂ ᠵᠢᠷᠭᠠᠯᠲᠤ ᠠᠮᠢᠳᠤᠷᠠᠯ ᠢᠶᠠᠨ ᠮᠠᠭᠳᠠᠨ᠎ᠠ︔ ᠤᠷᠠᠨ ᠪᠦᠵᠢᠭ ᠢᠶᠠᠨ ᠪᠦᠵᠢᠭᠯᠡᠨ᠂ ᠣᠮᠤᠭ ᠵᠣᠷᠢᠭ ᠢᠶᠠᠨ ᠬᠠᠷᠠᠭᠤᠯᠤᠨ᠎ᠠ᠃ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ 31 ᠤ ᠤᠷᠤᠢ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ 3000 ᠰᠢᠬᠠᠮ ᠤᠯᠠᠨ ᠲᠦᠮᠡᠨ ᠲᠠᠢ ᠬᠠᠮᠲᠤ ᠦᠳᠡᠰᠢᠯᠡᠭᠡ ᠶᠢ ᠰᠣᠨᠢᠷᠬᠠᠪᠠ᠃     ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠦᠨ ᠤ ᠶᠣᠰᠣᠯᠠᠯ ᠤᠨ ᠲᠠᠩᠬᠢᠮ ᠳᠤ ᠳ᠋ᠧᠩ ᠤᠨ ᠬᠡᠷᠡᠯ ᠳᠤᠸᠠᠯᠠᠵᠤ᠂ ᠪᠠᠶᠠᠷ ᠬᠦᠷ ᠢᠶᠠᠷ ᠪᠢᠯᠬᠠᠨ᠎ᠠ᠃ 20 ᠴᠠᠭ ᠤᠨ ᠦᠶ᠎ᠡ ᠪᠠᠷ᠂ ᠰᠢ ᠶᠢᠨ ᠫᠢᠩ ᠨᠡᠷ ᠦᠳᠡᠰᠢᠯᠡᠭᠡ ᠶᠢᠨ ᠠᠬᠤᠢ ᠲᠠᠯᠠᠪᠠᠢ ᠳᠤ ᠤᠷᠤᠬᠤ ᠳᠤ ᠨᠢᠵᠢᠭᠢᠨᠡᠭᠰᠡᠨ ᠠᠯᠠᠭ᠎ᠠ ᠲᠠᠰᠢᠯᠳᠠ ᠶᠢᠨ ᠲᠠᠭᠤᠨ ᠲᠠᠯᠠᠪᠠᠢ ᠶᠢ ᠲᠤᠷᠬᠢᠭᠤᠯᠪᠠ᠃ ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠡᠪ ᠬᠠᠮᠳᠤ ᠨᠠᠮ ᠢᠶᠠᠨ ᠬᠦᠷᠢᠶᠡᠯᠡᠨ ᠲᠠᠭᠠᠨ᠎ᠠ︾ ᠭᠡᠬᠦ ᠬᠦᠭᠵᠢᠭᠦᠨ ᠵᠢᠪᠬᠤᠭᠠᠯᠢᠭ ᠡᠬᠢᠯᠡᠯᠳᠡ ᠶᠢᠨ ᠳᠠᠭᠤᠤ ᠪᠦᠵᠢᠭ ᠢᠶᠠᠷ ᠢᠶᠠᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠵᠠᠭᠤᠨ ᠵᠢᠯ ᠤᠨ ᠤᠢ ᠳᠤ ᠭᠦᠨ ᠵᠥᠩᠨᠡᠯ ᠳᠡᠪᠰᠢᠭᠦᠯᠵᠦ᠂ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ︽ᠪᠦᠯᠬᠦᠮᠳᠡᠨ ᠲᠡᠮᠡᠴᠡᠬᠦ ᠰᠢᠨ᠎ᠡ ᠠᠶᠠᠨ︾ ᠤ ᠬᠥᠰᠢᠭᠡ ᠶᠢ ᠰᠡᠬᠦᠪᠡ᠃ ᠦᠳᠡᠰᠢᠯᠡᠭᠡ ᠨᠢ ᠰᠢᠨ᠎ᠡ ᠵᠠᠮ ᠢ ᠨᠡᠭᠡᠭᠡᠭᠰᠡᠨ ᠨᠢ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠠᠨ ᠨᠢ᠂ ᠰᠢᠨ᠎ᠡ ᠠᠶᠠᠨ ᠢᠶᠠᠨ ᠡᠬᠢᠯᠡᠭᠦᠯᠦᠭᠰᠡᠨ ᠨᠢ ᠵᠡᠷᠭᠡ ᠭᠤᠷᠪᠠᠨ ᠪᠦᠯᠦᠭ ᠢᠶᠠᠷ ᠪᠦᠷᠢᠯᠳᠦᠪᠡ᠃ ᠢᠷᠠᠭᠤ ᠨᠠᠶᠢᠷᠠᠭᠳᠤ ᠵᠢᠷᠤᠭ ︽ᠴᠢᠰᠤ ᠮᠢᠬᠠᠨ ᠤ ᠪᠠᠷᠢᠯᠳᠤᠯᠭ᠎ᠠ︾᠂ ᠪᠥᠵᠢᠭ ︽ᠴᠠᠰᠤᠲᠤ ᠣᠷᠣᠨ ᠤ ᠳᠤᠯᠠᠭᠠᠨ ᠨᠠᠷᠠ︾ ᠂ ᠴᠦᠷᠭᠡᠯᠡᠭᠡ ᠳᠠᠭᠤᠤ ︽ᠠᠶ᠎ᠠ ᠳᠠᠭᠤᠤ ᠰᠢᠬ ᠤᠨ ᠰᠠᠷ᠎ᠠ︾᠂ ᠦᠵᠡᠭᠳᠡᠯᠲᠦ ᠳᠠᠭᠤᠤ ᠪᠥᠵᠢᠭ ︽ᠬᠥᠳᠡᠭᠡ ᠲᠣᠰᠬᠤᠨ ᠤ ᠡᠭᠦᠯᠡᠨ ᠠᠮᠢᠳᠤᠷᠠᠯ︾᠂ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ ᠪᠥᠵᠢᠭ ︽ᠬᠡᠷᠡᠯᠳᠤ ᠰᠤᠪᠤᠳ ᠳᠤᠮᠳᠠᠳᠤ ᠶᠢ ᠭᠡᠶᠢᠭᠦᠯᠦᠨ᠎ᠡ︾᠂ ᠳᠠᠭᠤᠤ ︽ᠵᠣᠯ ᠵᠢᠷᠭᠠᠯ ᠤᠨ ᠳᠠᠭᠤᠤ︾᠂ ᠪᠥᠵᠢᠭ ︽ᠠᠯᠤᠰ ᠤᠨ ᠠᠶᠠᠯᠠᠯ︾ ᠁ ᠢᠯᠡ ᠳᠤᠳᠤ ᠦᠨᠳᠦᠰᠦᠲᠡᠨ ᠤ ᠣᠨᠴᠠᠯᠢᠭ ᠲᠠᠢ᠂ ᠤᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠴᠠᠭ ᠦᠶ᠎ᠠ ᠶᠢᠨ ᠠᠭᠤᠷ ᠠᠮᠢᠰᠬᠤᠯ ᠢᠶᠠᠷ ᠦᠳᠭᠡᠨ᠂ ᠠᠯᠢ ᠤᠯᠠᠨ ᠭᠤᠶᠢᠳᠠ ᠰᠠᠶᠢᠬᠠᠨ ᠲᠣᠭᠯᠠᠯᠲᠠ ᠨᠢ ᠦᠳᠡᠰᠢᠯᠡᠭᠡ ᠶᠢᠨ ᠠᠬᠤᠢ ᠪᠠᠶᠢᠳᠠᠯ ᠢ ᠲᠠᠰᠤᠷᠠᠯᠲᠠ ᠦᠭᠡᠢ ᠬᠦᠭᠵᠢᠭᠡᠵᠦ ᠪᠠᠶᠢᠯ᠎ᠠ᠃ ᠪᠦᠬᠦᠢ ᠯᠡ ᠦᠳᠡᠰᠢᠯᠡᠭᠡ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠥᠭᠭᠦᠭᠰᠡᠨ ᠳᠣᠲᠣᠨᠣ ᠬᠠᠯᠠᠮᠵᠢᠯᠠᠯ ᠢ ᠬᠠᠯᠠᠭᠤᠨ ᠰᠡᠳᠭᠢᠯᠭᠡ ᠪᠠᠷ ᠮᠠᠭᠲᠠᠨ ᠳᠠᠭᠤᠯᠠᠵᠤ᠂ ᠳᠤᠮᠳᠠᠳᠤ ᠶᠢᠨ ᠰᠣᠶᠣᠯ ᠤᠨ ᠭᠤᠶᠢᠳᠠ ᠰᠠᠶᠢᠬᠠᠨ᠂ ᠡᠯᠪᠡᠭ ᠪᠠᠶᠠᠯᠢᠭ ᠠᠭᠤᠯᠤᠭᠳᠠᠬᠤᠨ ᠢ ᠠᠮᠢᠳᠤᠯᠢᠭ ᠢᠶᠠᠷ ᠢᠯᠡᠷᠡᠭᠦᠯᠵᠦ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠠᠨᠠᠷ ᠤᠨ ᠦᠷ᠎ᠡ ᠰᠢᠭ ᠪᠦᠯᠬᠦᠮᠳᠡᠨ ᠨᠢᠭᠲᠠᠷᠠᠵᠤ ᠬᠠᠮᠲᠤ ᠪᠠᠷ ᠪᠦᠯᠬᠦᠮᠳᠡᠨ ᠲᠡᠮᠡᠴᠡᠭᠰᠡᠨ ᠰᠦᠷᠯᠢᠭ ᠰᠠᠶᠢᠬᠠᠨ ᠬᠠᠭᠤᠳᠠᠰᠤ ᠶᠢ ᠠᠮᠢᠳᠤᠯᠢᠭ ᠢᠶᠠᠷ ᠵᠢᠷᠤᠭᠯᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢᠶᠠᠨ ᠪᠦᠲᠦᠭᠡᠨ ᠪᠠᠶᠢᠭᠤᠯᠬᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ᠂ ᠴᠤᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ ᠳᠠᠬᠢ ᠡᠷᠡᠰ ᠪᠠᠲᠤ ᠵᠣᠷᠢᠭ ᠪᠣᠯᠤᠨ ᠣᠮᠤᠭ ᠲᠡᠭᠦᠯᠳᠡᠷ ᠴᠤᠭ ᠵᠢᠪᠬᠤᠭ᠎ᠠ ᠶᠢ ᠭᠦᠢᠴᠡᠳ ᠲᠤᠰᠬᠠᠵᠤ᠂ ᠲᠠᠯᠠᠪᠠᠢ ᠳᠠᠶᠠᠭᠠᠷ ᠪᠠᠶᠢᠨ ᠲᠠᠬᠢᠨ ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠢᠪᠠ᠃ ᠬᠠᠮᠤᠭ ᠡᠴᠤᠰ ᠲᠤ᠂ ︽ᠡᠨᠡ ᠪᠣᠯ ᠮᠠᠨ ᠤ ᠰᠠᠶᠢᠨ ᠰᠠᠶᠢᠬᠠᠨ ᠭᠡᠷ ᠣᠷᠣᠨ︾ ᠭᠡᠬᠦ ᠤᠷᠭᠢᠯᠤᠮ᠎ᠠ ᠬᠦᠭ ᠠᠶᠠᠰ ᠪᠣᠯᠤᠨ ᠡᠯ᠎ᠡ ᠦᠨᠳᠦᠰᠦᠲᠡᠨ ᠤ ᠲᠣᠭᠯᠠᠭᠴᠢᠳ ᠤᠨ ᠪᠠᠶᠠᠷ ᠪᠠᠶᠠᠰᠬᠤᠯᠠᠩᠳᠤ ᠲᠠᠭᠤᠤ ᠬᠦᠭᠵᠢᠮ ᠤᠨ ᠲᠤᠮᠳᠠ ᠦᠳᠡᠰᠢᠯᠡᠭᠡ ᠥᠨᠳᠥᠷᠯᠡᠪᠡ᠃    ᠲᠣᠭᠯᠠᠯᠲᠠ ᠡᠬᠢᠯᠡᠬᠦ ᠠᠴᠠ ᠡᠮᠦᠨ᠎ᠡ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠲᠠᠳ ᠤᠨ ᠲᠥᠯᠥᠭᠡᠯᠡᠭᠴᠢ᠂ ᠵᠣᠬᠢᠶᠠᠨ ᠪᠠᠶᠢᠭᠤᠯᠬᠤ ᠺᠣᠮᠢᠰ ᠤᠨ ᠪᠦᠷᠢᠯᠳᠦᠬᠦᠨ᠂ 56 ᠦᠨᠳᠦᠰᠦᠲᠡᠨ ᠤ ᠦᠨᠳᠦᠰᠦᠨ ᠱᠠᠲᠤᠨ ᠤ ᠰᠢᠯᠢᠳᠡᠭ ᠨᠠᠮ ᠤᠨ ᠭᠡᠰᠢᠭᠦᠨ ᠤ ᠲᠥᠯᠥᠭᠡᠯᠡᠭᠴᠢ ᠨᠡᠷ ᠲᠠᠢ ᠠᠭᠤᠯᠵᠠᠭᠰᠠᠨ ᠪᠥᠭᠡᠳ ᠲᠡᠳᠡᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃     ᠳ᠋ᠢᠩ ᠰᠢᠤᠸᠠᠢ ᠰᠢᠶᠠᠩ᠂ ᠰᠦᠨ ᠴᠦᠨ ᠯᠠᠨ᠂ ᠵᠠᠩ ᠶᠢᠦ ᠰᠢᠶᠠ᠂ ᠬᠤᠸᠠᠩ ᠺᠦᠨ ᠮᠢᠩ᠂ ᠼᠠᠢ ᠴᠢ᠂ ᠶᠢᠦ ᠴᠢᠤᠸᠠᠨ᠂ ᠪᠠᠳᠮᠠᠫᠷᠠᠩᠯᠠᠢ᠂ ᠰᠢᠶᠤᠤ ᠵᠢᠶᠧ᠂ ᠮᠠ ᠪᠢᠶᠤᠤ᠂ ᠪᠠᠭᠠᠲᠤᠷ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠪᠠ᠃     ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠰᠣᠶᠣᠯ ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠤᠪᠴᠢᠶ᠎ᠡ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢ᠊ ᠡᠶ᠎ᠡ ᠪᠠ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠭᠤᠤᠯᠯᠠᠨ ᠡᠷᠬᠢᠯᠡᠪᠠ᠃ ᠬᠠᠮᠲᠤᠷᠠᠭᠰᠠᠨ ᠲᠤᠭᠯᠠᠯᠲᠠ ᠨᠢ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 24 ᠤ ᠡᠳᠦᠷ ᠪᠣᠯᠲᠠᠯ᠎ᠠ ᠶᠠᠪᠤᠭᠳᠠᠵᠤ᠂ ᠡᠨᠡ ᠬᠦ ᠬᠤᠭᠤᠴᠠᠭᠠᠨ ᠳᠤ ᠪᠦᠬᠦ ᠤᠯᠤᠰ ᠤᠨ ᠡᠯ᠎ᠡ ᠭᠠᠵᠠᠷ ᠠᠴᠠ ᠰᠢᠯᠢᠨ ᠰᠤᠩᠭᠤᠭᠰᠠᠨ 42 ᠵᠦᠴᠦᠭᠡ ᠶᠢ ᠲᠥᠪ ᠤᠨ ᠲᠧᠯᠸᠢᠰ ᠬᠤᠷᠢᠶᠠᠨ ᠤ ᠰᠦᠯᠵᠢᠶ᠎ᠡ ᠪᠣᠯᠤᠨ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠦᠯᠵᠢᠶᠡᠨ ᠳᠡᠭᠡᠷ᠎ᠠ ᠲᠡᠯᠭᠡᠨ ᠦᠵᠡᠭᠦᠯᠵᠦ ᠨᠡᠪᠲᠡᠷᠡᠭᠦᠯᠦᠨ᠎ᠠ᠃     
ᠢᠷᠡᠯᠲᠡ᠄ ᠤᠷᠳᠤᠰ ᠮᠤᠩᠭᠤᠯ ᠰᠦᠯᠵᠢᠶ᠎ᠡ