ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠡᠬᠢᠯᠡᠪᠡ
ᠨᠡᠶᠢᠲᠡᠯᠡᠭᠰᠡᠨ ᠴᠠᠭ᠄
2021/9/30
     ᠸᠠᠨ ᠭᠠᠩ ᠪᠠᠶᠠᠷ ᠤᠨ ᠦᠭᠡ ᠬᠡᠯᠡᠵᠠᠢ     9 ᠰᠠᠷ᠎ᠠ ᠶᠢᠨ 28 ᠤ ᠡᠳᠤᠷ᠂ ︽ᠨᠡᠭᠦᠷᠡᠰᠦᠳᠦ᠋ᠷᠦᠭᠴᠢ ᠶᠢᠨ ᠭᠠᠳᠠᠬᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠥᠷᠬᠡᠬᠦ · ᠨᠡᠭᠦᠷᠡᠰᠦᠳᠦ᠋ᠷᠦᠭᠴᠢ ᠶᠢ ᠰᠠᠭᠠᠷᠮᠠᠬᠵᠢᠭᠤᠯᠬᠤ ᠬᠥᠮᠤᠨ ᠪᠣᠯᠤᠨ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠳᠤ ᠪᠠᠷ ᠪᠠᠶᠢᠭᠤᠯᠬᠤ︾ ᠪᠠᠷ ᠭᠤᠤᠯ ᠰᠡᠳᠤᠪ ᠢᠶᠠᠨ ᠪᠤᠯᠭᠠᠭᠰᠠᠨ ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠡᠬᠢᠯᠡᠪᠡ᠃    ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠸᠠᠨ ᠭᠠᠩ ᠸᠢᠳᠢᠣ᠋ ᠪᠠᠷ ᠪᠠᠶᠠᠷ ᠤᠨ ᠦᠭᠡ ᠬᠡᠯᠡᠵᠦ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠰᠦᠩ ᠴᠢᠩ ᠯᠢᠩ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠲᠡᠷᠢᠭᠦᠯᠡᠭᠴᠢ᠂ ᠳᠤᠮᠳᠠᠳᠤ ᠤᠯᠤᠰ ᠤᠨ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠲᠡᠷᠢᠭᠦᠯᠡᠭᠴᠢ ᠸᠠᠩ ᠵᠢᠶᠠ ᠷᠦᠢ ᠬᠤᠷᠠᠯ ᠳᠤ ᠣᠷᠣᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠳᠡᠳ᠋ ᠰᠠᠶᠢᠳ ᠵᠠᠩ ᠢᠦᠢ ᠳ᠋ᠦᠩ ᠡᠬᠢᠯᠡᠯᠲᠡ ᠶᠢᠨ ᠶᠣᠰᠣᠯᠠᠯ ᠢ ᠡᠷᠬᠢᠯᠡᠭᠰᠡᠨ ᠪᠥᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠠᠶᠢᠳ ᠸᠠᠩ ᡁᠢ ᠭᠠᠩ ᠤᠨ ᠢᠯᠡᠭᠡᠭᠰᠡᠨ ᠪᠠᠶᠠᠷ ᠤᠨ ᠦᠭᠡ ᠶᠢ ᠤᠩᠰᠢᠨ ᠨᠡᠶᠢᠳᠡᠯᠡᠵᠤ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠯᠢᠦ ᠳ᠋ᠦᠩ ᠱᠧᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠬᠠᠢ ᠶᠢᠨ ᠲᠠᠯᠠᠪᠠᠢ ᠳᠤ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ᠂ ᠤᠯᠤᠰ ᠤᠨ ᠡᠨᠧᠷᠭᠢ ᠶᠢᠨ ᠲᠣᠪᠴᠢᠶᠠᠨ ᠤ ᠶᠡᠷᠦᠩᠬᠡᠢ ᠢᠨᠵᠧᠨᠧᠷ ᠰᠢᠶᠠᠩ ᠬᠠᠢ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠸᠠᠨ ᠭᠠᠩ ᠸᠢᠳᠢᠣ᠋ ᠶᠠᠷᠢᠶᠠᠨ ᠳᠠᠭᠠᠨ᠂ ᠳᠤᠮᠳᠠᠳᠤ ᠤᠯᠤᠰ ᠪᠥᠬᠦ ᠪᠥᠮᠪᠥᠷᠴᠡᠭ ᠤᠨ ᠡᠯᠡᠰᠥᠷᠬᠡᠭᠵᠢᠯ ᠢ ᠰᠡᠷᠭᠡᠶᠢᠯᠡᠨ ᠵᠠᠰᠠᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ ᠢᠮᠠᠭᠲᠠ ︽ᠠᠮᠢ ᠠᠬᠤᠢ ᠶᠢ ᠤᠷᠢᠳ ᠢᠶᠠᠷ ᠪᠤᠳᠤᠯᠬᠢᠯᠠᠠ᠂ ᠪᠣᠬᠢᠷᠳᠤᠯ ᠦᠭᠡᠢ ᠪᠠᠷ ᠬᠦᠭᠵᠢᠬᠦᠯᠬᠦ︾ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠭᠠᠵᠠᠷ ᠰᠢᠷᠣᠢ ᠡᠯᠡᠰᠦᠷᠬᠡᠭᠵᠢᠬᠦ ᠪᠠ ᠲᠠᠴᠢᠷᠰᠢᠬᠤ ᠬᠠᠨᠳᠤᠰᠢ ᠡᠷᠭᠢᠯᠳᠡ ᠭᠠᠷᠴᠥ᠂ 10 ᠭᠠᠷᠤᠢ ᠵᠢᠯ ᠳᠠᠷᠠᠭᠠᠯᠠᠨ ︽ᠬᠤᠶᠠᠷ ᠢ ᠪᠠᠭᠠᠰᠬᠠᠬᠤ︾ ᠶᠢ ᠪᠠᠲᠤᠯᠠᠨ᠂ ︽ᠡᠯᠡᠰᠤ ᠤᠷᠤᠬᠰᠢᠯᠠᠵᠤ ᠬᠦᠮᠦᠨ ᠤᠬᠤᠷᠢᠬᠰᠠᠨ︾ ᠠᠴᠠ ︽ᠨᠤᠭᠤᠭᠠᠷᠠᠭᠤᠯᠤᠯᠲᠠ ᠤᠷᠤᠬᠰᠢᠯᠠᠵᠤ ᠡᠯᠡᠰᠥ ᠤᠬᠤᠷᠢᠬᠰᠠᠨ︾ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠥᠭᠰᠡᠨ ᠤ ᠬᠠᠮᠳᠤ ᠥᠪᠥᠷ ᠮᠤᠩᠭᠤᠯ ᠤᠨ ᠬᠥᠪᠴᠢ ᠶᠢᠨ ᠡᠯᠡᠰᠦ ᠵᠡᠷᠬᠡ ᠨᠢᠬᠡ ᠰᠢᠷᠢᠰ ᠨᠤᠮᠢᠨ ᠨᠤᠭᠤᠭᠠᠨ ᠭᠠᠶᠢᠬᠠᠮᠰᠢᠭ ᠢ ᠡᠬᠦᠳᠦᠭᠰᠡᠨ ᠪᠠᠶᠢᠨ᠎ᠠ ᠃ ᠢᠷᠡᠭᠡᠳᠦᠢ ᠳᠤ ᠬᠠᠨᠳᠤᠬᠤ ᠳᠠᠭᠠᠨ ᠰᠢᠨ᠎ᠡ ᠶᠢ ᠡᠭᠦᠳᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠬᠥᠪᠴᠢ ᠶᠢᠨ ᠡᠯᠡᠰᠦᠨ ᠤ ᠲᠤᠷᠰᠢᠯᠭ᠎ᠠ ᠶᠢ ᠳᠡᠯᠭᠡᠷᠡᠭᠦᠯᠬᠦ ᠶᠢ ᠲᠥᠷᠬᠡᠳᠬᠡᠬᠦ ᠬᠡᠷᠡᠭᠲᠡᠢ︔ ᠬᠠᠮᠵᠢᠯᠴᠠᠭᠠᠨ ᠤ ᠲᠣᠭᠲᠠᠯᠴᠠᠭ᠎ᠠ ᠶᠢ ᠰᠢᠯᠢᠳᠡᠭᠵᠢᠭᠦᠯᠤᠨ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠤᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃     ᠸᠠᠨ ᠭᠠᠩ ᠳᠡᠯᠡᠬᠡᠢ ᠨᠡᠶᠢᠳᠡ ᠪᠠᠷ ᠢᠶᠠᠨ ᠬᠠᠮᠳᠤ ᠪᠠᠷ ᠴᠢᠷᠮᠠᠶᠢᠵᠥ ᠭᠠᠵᠠᠷ ᠰᠢᠷᠣᠢ ᠶᠢᠨ ᠡᠯᠡᠰᠦᠷᠬᠡᠭᠵᠢᠯ ᠤᠨ ᠬᠦᠨᠳᠦ ᠬᠡᠴᠡᠭᠦᠦ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠵᠦᠢᠯ ᠢ ᠬᠠᠮᠳᠤ ᠪᠠᠷ ᠨᠠᠶᠢᠳᠠᠪᠤᠷᠢᠵᠢᠭᠤᠯᠵᠥ᠂ ᠡᠯᠡᠰᠥᠷᠬᠡᠭᠵᠢᠯ ᠢ ᠰᠡᠷᠬᠡᠶᠢᠯᠡᠨ ᠵᠠᠰᠠᠬᠤ ᠠᠬᠢᠴᠠ ᠶᠢ ᠡᠷᠡᠰ ᠭᠤᠶᠢᠪᠢᠰᠢ ᠥᠬᠡᠢ ᠪᠠᠷ ᠠᠬᠢᠭᠤᠯᠤᠨ᠂ ᠪᠦᠬᠦ ᠪᠥᠮᠪᠥᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠥᠷᠬᠦᠯᠵᠢᠯᠡᠬᠦ᠋ᠢᠴᠡ ᠬᠥᠭᠵᠢᠯᠲᠡ ᠶᠢ ᠠᠬᠢᠭᠤᠯᠬᠤ ᠶᠢᠨ ᠲᠥᠯᠥᠬᠡ ᠨᠡᠭᠦᠷᠡᠰᠦᠳᠦ᠋ᠷᠦᠭᠴᠢ ᠶᠢ ᠣᠷᠭᠢᠯ ᠬᠡᠮᠵᠢᠭᠳᠡᠯ ᠳᠤ ᠬᠥᠷᠬᠡᠬᠦ ᠪᠠ ᠨᠡᠭᠦᠷᠡᠰᠦᠳᠦ᠋ᠷᠦᠭᠴᠢ ᠶᠢ ᠰᠠᠭᠠᠷᠮᠬᠠᠵᠢᠭᠤᠯᠬᠤ ᠬᠠᠷᠠᠯᠳᠠ ᠶᠢ ᠡᠷᠳᠡᠭᠡᠨ ᠪᠡᠶᠡᠯᠡᠬᠦᠯᠬᠦ ᠶᠢ ᠲᠡᠮᠵᠢᠬᠦ ᠳᠤ ᠢᠳᠡᠪᠬᠢᠳᠠᠢ ᠴᠢᠷᠮᠠᠶᠢᠯᠭ᠎ᠠ ᠭᠠᠷᠭᠠᠬᠤ ᠶᠢ ᠤᠷᠢᠶᠠᠯᠠᠪᠠ᠃     ᠬᠤᠸᠠᠩ ᡁᠢ ᠴᠢᠶᠠᠩ ᠪᠠᠶᠠᠷ ᠤᠨ ᠦᠭᠡᠨ ᠳᠡᠭᠡᠨ᠂ ᠣᠢᠢᠷ᠎ᠠ ᠶᠢᠨ ᠵᠢᠯ ᠠᠴᠠ ᠨᠡᠭᠠᠰᠢ᠂ ᠥᠪᠥᠷ ᠮᠣᠩᠭᠤᠯ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠦᠬᠡ ᠤᠬᠳᠠᠷᠭᠤᠢ᠂ ᠬᠦᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠶ᠋ᠯᠡᠰ ᠢ ᠠᠮᠢ ᠠᠬᠤᠶᠢᠵᠢᠭᠤᠯᠬᠤ᠂ ᠠᠮᠢ ᠠᠬᠤᠶ ᠶᠢ ᠠᠵᠤ ᠦᠶ᠋ᠯᠡᠰᠵᠢᠬᠦᠯᠬᠦ ᠶᠢ ᠠᠬᠢᠭᠤᠯᠵᠤ᠂ ᠪᠣᠬᠢᠷᠲᠤᠯ ᠥᠬᠡᠶ ᠬᠥᠭᠵᠢᠯᠲᠡ ᠪᠠᠷ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠤᠯᠤᠰ ᠤᠨ ︽ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ︾ ᠬᠠᠷᠠᠯᠲᠠ ᠳᠤ ᠦᠶ᠋ᠯᠡᠴᠢᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠥᠭᠵᠢᠯᠲᠡ ᠪᠠ ᠠᠮᠢ ᠠᠬᠤᠶ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠶᠢᠲᠤᠷ ᠰᠠᠬᠢᠬᠤ ᠶᠢᠨ ᠬᠠᠮᠲᠤ ᠬᠠᠮᠢᠶ᠎ᠠ ᠪᠥᠬᠦᠶ ᠤᠯᠤᠰ ᠪᠠ ᠭᠠᠵᠠᠷ ᠣᠷᠣᠨ ᠯᠤᠭ᠎ᠠ ᠶᠢᠨ ᠬᠤᠭᠤᠷᠣᠨᠳᠣᠬᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠪᠠᠨ ᠴᠢᠩᠭᠠᠳᠬᠠᠵᠤ᠂ ᠰᠣᠯᠢᠯᠴᠠᠭᠠᠨ ᠤ ᠠᠷᠭ᠎ᠠ ᠵᠠᠮ ᠢᠶᠠᠨ ᠥᠷᠭᠡᠳᠬᠡᠵᠦ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠪᠥᠬᠦ ᠪᠥᠮᠪᠥᠷᠴᠡᠭ ᠤᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠰᠢᠨ᠎ᠡ ᠪᠠᠶᠢᠯᠳᠤᠬᠤ ᠪᠣᠳᠣᠯᠭ᠎ᠠ ᠶᠢ ᠵᠥᠪᠳᠡᠯᠴᠡᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠰᠢᠨ᠎ᠡ ᠲᠦᠰᠦᠯ ᠢ ᠬᠠᠮᠲᠤ ᠪᠠᠷ ᠨᠠᠶᠢᠷᠠᠭᠤᠯᠤᠨ ᠵᠤᠬᠢᠶᠠᠨ᠎ᠠ ᠭᠡᠵᠦ ᠢᠯᠡᠳᠭᠡᠪᠡ᠃     ᠣᠶᠢᠯᠠᠭᠠᠭᠰᠠᠨ ᠢᠶᠠᠷ᠂ ᠬᠥᠪᠴᠢ ᠶᠢᠨ ᠡᠯᠡᠰᠦ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠢ 2007 ᠣᠨ ᠳᠤ ᠡᠬᠢᠯᠡᠨ ᠡᠷᠬᠢᠯᠡᠭᠰᠡᠨ ᠠᠴᠠ ᠨᠠᠭᠠᠰᠢ ᠬᠤᠶᠠᠷ ᠵᠢᠯ ᠳᠤ ᠨᠢᠭᠡ ᠬᠤᠭᠤᠴᠠᠭ᠎ᠠ ᠡᠷᠬᠢᠯᠡᠵᠤ᠂ ᠤᠳᠤ ᠪᠣᠯᠲᠠᠯ᠎ᠠ ᠨᠢᠭᠡᠨᠲᠡ ᠲᠤᠯᠤᠭᠠᠨ ᠬᠤᠭᠤᠴᠠᠭ᠎ᠠ ᠡᠷᠬᠢᠯᠡᠵᠤ᠂ ᠳᠡᠯᠡᠬᠡᠢ ᠶᠢᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠰᠣᠯᠢᠯᠴᠠᠭ᠎ᠠ ᠬᠠᠮᠲᠤᠷᠠᠯᠴᠠᠭ᠎ᠠ ᠶᠢᠨ ᠴᠢᠬᠤᠯᠠ ᠲᠠᠪᠴᠠᠩ ᠪᠠ ᠦᠵᠡᠬᠦᠯᠬᠡ ᠶᠢᠨ ᠴᠤᠩᠬᠤᠪᠴᠢ ᠪᠤᠯᠵᠤ᠂ ᠪᠦᠬᠦ ᠪᠥᠮᠪᠥᠷᠴᠡᠭ ᠤᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠳᠤ ᠢᠳᠡᠪᠬᠢᠲᠡᠢ ᠪᠥᠭᠡᠳ ᠥᠪᠡᠷᠮᠢᠴᠡ ᠦᠢᠯᠡᠳᠦᠯ ᠦᠵᠡᠭᠦᠯᠵᠦ ᠪᠠᠶᠢᠨ᠎ᠠ᠃ ᠲᠤᠰ ᠬᠤᠭᠤᠴᠠᠭᠠᠨ ᠤ ᠬᠥᠪᠴᠢ ᠶᠢᠨ ᠡᠯᠡᠰᠦ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠨᠢ ︽ᠰᠦᠯᠵᠢᠶᠡᠨ ᠳᠡᠭᠡᠷᠡᠬᠢ + ᠪᠤᠳᠠᠳᠤ ᠴᠤᠬᠴᠠ︾ ᠶᠢ ᠤᠶᠠᠯᠳᠤᠭᠤᠯᠤᠭᠰᠠᠨ ᠬᠤᠷᠠᠯ ᠡᠷᠬᠢᠯᠡᠬᠦ ᠬᠡᠯᠪᠡᠷᠢ ᠪᠠᠷ ᠶᠠᠪᠤᠭᠳᠠᠵᠤ᠂ 20 ᠤᠯᠤᠰ ᠭᠠᠵᠠᠷ ᠣᠷᠣᠨ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠠᠴᠠ 400 ᠭᠠᠷᠤᠢ ᠤᠯᠤᠰ ᠲᠦᠷᠦ ᠶᠢᠨ ᠴᠢᠬᠤᠯᠠ ᠬᠥᠮᠦᠰ᠂ ᠡᠷᠳᠡᠮᠲᠡᠨ᠂ ᠠᠵᠤ ᠠᠬᠤᠶᠢᠯᠠᠯ ᠤᠨ ᠡᠲᠡᠭᠡᠳ ᠪᠣᠯᠤᠨ ᠮᠥᠩᠭᠦᠨ ᠭᠦᠢᠯᠭᠡᠭᠡᠨ ᠤ ᠡᠲᠡᠭᠡᠳ ᠤᠨ ᠲᠥᠯᠥᠭᠡᠯᠡᠭᠴᠢ ᠬᠥᠷᠤᠯᠴᠡᠨ ᠢᠷᠠᠵᠤ ᠶᠠᠷᠢᠶᠠᠨ ᠤ ᠲᠠᠪᠴᠠᠩ ᠳᠤ ᠣᠷᠣᠯᠴᠠᠪᠠ᠃     ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠬᠴᠢ ᠳᠠᠷᠤᠭ᠎ᠠ ᠳᠤ ᠬᠤᠢ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠣ ᠵᠠᠨ ᠱᠧᠩ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ 
ᠢᠷᠡᠯᠲᠡ᠄ ᠤᠷᠳᠤᠰ ᠮᠤᠩᠭᠤᠯ ᠰᠦᠯᠵᠢᠶ᠎ᠠ