| 9 ᠰᠠᠷ᠎ᠠ ᠶᠢᠨ 28 ᠤ ᠡᠳᠦᠷ᠂ ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠨ ᠤ | ᠶᠠᠷᠢᠶᠠᠨ ᠤ ᠲᠠᠪᠴᠠᠩ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠰᠢᠨ᠎ᠡ ᠡᠨᠧᠷᠭᠢ ᠶᠢᠨ ᠳᠡᠭᠡᠳᠦ | ᠳᠡᠰ ᠤᠨ ᠪᠦᠭᠦᠳᠡ ᠬᠤᠷᠠᠯ ᠬᠤᠷᠠᠯᠳᠥᠪᠡ᠃ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠰᠥᠩ ᠴᠢᠩ ᠯᠢᠩ ᠰᠠᠭᠤᠷᠢ | ᠮᠥᠩᠭᠦᠨ ᠤ ᠨᠡᠶᠢᠭᠡᠮᠯᠢᠭ ᠤᠨ ᠲᠡᠷᠢᠭᠦᠯᠡᠭᠴᠢ᠂ ᠳᠤᠮᠳᠠᠳᠤ ᠤᠯᠤᠰ ᠤᠨ ᠨᠡᠶᠢᠳᠡ ᠶᠢᠨ ᠠᠰᠠᠷᠠᠮᠵᠢ ᠶᠢᠨ ᠨᠡᠶᠢᠬᠡᠮᠯᠢᠭ ᠤᠨ | ᠲᠡᠷᠢᠭᠦᠯᠡᠭᠴᠢ ᠸᠠᠩ ᠵᠢᠶᠠ ᠷᠦᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠴᠡᠴᠡᠭ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠣᠷᠣᠯᠠᠭᠴᠢ ᠳᠠᠷᠤᠭ᠎ᠠ ᠳᠤ ᠬᠤᠢ ᠯᠢᠶᠡᠩ ᠬᠤᠷᠠᠯ ᠳᠤ ᠣᠷᠣᠯᠴᠠᠭᠰᠠᠨ ᠤ ᠬᠠᠮᠳᠤ ᠶᠠᠷᠢᠶ᠎ᠠ ᠲᠠᠯᠪᠢᠵᠠᠢ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠣ ᠵᠠᠨ ᠱᠸᠡᠭ ᠵᠡᠷᠭᠡ ᠬᠤᠲᠠ ᠶᠢᠨ | ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠳ᠋ᠥ᠋ ᠬᠤᠢ ᠯᠢᠶᠡᠩ ᠶᠠᠷᠢᠶᠠᠨ ᠳᠠᠭᠠᠨ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠳᠥᠭᠦᠮ ᠲᠠᠨᠢᠯᠴᠠᠭᠤᠯᠪᠠ᠃ ᠲᠡᠷᠡ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠣᠷᠭᠢᠯ | ᠬᠡᠮᠵᠢᠭᠳᠡᠯ ᠳᠤ ᠬᠥᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠬᠦᠯᠬᠦ ᠪᠤᠯ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠬᠤᠶᠠᠷ ᠶᠡᠭᠡ ᠲᠠᠯ᠎ᠠ︾ ᠶᠢ ᠨᠢᠭᠡᠳᠦᠯᠲᠡᠢ | ᠲᠥᠯᠥᠪᠯᠡᠵᠦ᠂ ᠳᠤᠮᠳᠠᠳᠤ ᠤᠯᠤᠰ ᠤᠨ ᠦᠷᠭᠦᠯᠵᠢᠯᠡᠬᠦ᠋ᠢᠴᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠤᠰᠠᠳᠠ ᠲᠤᠷᠠᠳᠤᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠤᠭᠴᠠᠯᠠᠬᠤ ᠡᠬᠦᠷᠬᠡᠯᠡᠯ | ᠬᠠᠷᠢᠭᠤᠴᠠᠯᠭ᠎ᠠ ᠶᠢ ᠬᠠᠷᠠᠭᠤᠯᠵᠤ ᠪᠠᠶᠢᠨ᠎ᠠ᠃ ᠣᠷᠳᠣᠰ ᠨᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ︽ᠬᠤᠣᠰ | ᠨᠡᠭᠦᠷᠡᠰᠦᠳᠦ᠋ᠷᠦᠭᠴᠢ︾ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ | ᠬᠡᠯᠪᠡᠷᠢ ᠪᠠᠨ ᠬᠤᠪᠢᠷᠠᠭᠤᠯᠬᠤ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠡᠶᠢᠴᠢᠯᠠᠨ᠂ ᠪᠣᠬᠢᠷᠲᠤᠯ | ᠥᠬᠡᠢ ᠳᠣᠣᠷ᠎ᠠ ᠨᠡᠭᠦᠷᠡᠰᠦᠲᠥ᠋ᠷᠦᠭᠴᠢᠲᠦ ᠬᠥᠭᠵᠢᠯᠲᠡ ᠶᠢ ᠠᠬᠢᠭᠤᠯᠬᠤ ᠨᠢ ︽ᠤᠯᠤᠰ ᠤᠨ ᠶᠡᠭᠡ ᠶᠠᠪᠤᠳᠠᠯ︾ ᠢ | ᠠᠳᠬᠤᠬᠤ ᠪᠣᠳᠠᠲᠤ ᠠᠵᠢᠯᠯᠠᠭ᠎ᠠ᠂ ᠮᠥᠨ ᠴᠤ ᠭᠠᠵᠠᠷ ᠣᠷᠣᠨ ᠤ ᠴᠢᠨᠠᠷ ᠰᠠᠶᠢᠳᠢ ᠬᠥᠭᠵᠢᠯᠲᠡ ᠶᠢ ᠪᠡᠶᠡᠯᠡᠭᠦᠯᠬᠦ ᠶᠢᠨ | ᠵᠠᠶᠢᠯᠠᠰᠢ ᠥᠬᠡᠢ ᠰᠣᠩᠭᠤᠯᠲᠠ ᠮᠥᠨ ᠬᠡᠵᠥ ᠵᠢᠭᠠᠵᠥ ᠭᠠᠷᠭᠠᠪᠠ᠃ | ᠳ᠋ᠥ᠋ ᠬᠤᠢ ᠯᠢᠶᠡᠩ ᠣᠳᠣᠬᠠᠨ ᠳᠤ ᠣᠷᠳᠣᠰ ᠬᠤᠲᠠ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠳᠡ ᠶᠢ | ᠨᠠᠶᠢᠳᠠᠪᠤᠷᠢᠵᠢᠭᠤᠯᠤᠨ᠂ ᠰᠢᠨ᠎ᠡ ᠡᠨᠧᠷᠬᠢ ᠶᠢ ᠬᠥᠭᠵᠢᠭᠦᠯᠬᠦ ᠪᠤᠯ ᠨᠢᠬᠡᠨᠳᠡ ᠲᠥᠯᠥᠪᠰᠢᠷᠡᠭᠰᠡᠨ ᠵᠠᠶᠢᠯᠠᠰᠢ ᠥᠬᠡᠢ | ᠬᠠᠨᠳᠤᠰᠢ ᠪᠤᠯᠬᠤ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠬᠤᠲᠠ ᠠᠮᠢ | ᠠᠬᠤᠢ ᠶᠢ ᠤᠷᠢᠳ ᠢᠶᠠᠷ ᠪᠤᠳᠤᠯᠭᠢᠯᠠᠨ᠂ ᠪᠣᠬᠢᠷᠲᠤᠯ ᠥᠬᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠳᠠᠢ ᠬᠥᠭᠵᠢᠯᠲᠡ ᠶᠢᠨ ᠰᠢᠨ᠎ᠡ ᠵᠠᠮ ᠤᠨ ᠤᠷᠢᠳ ᠢᠶᠠᠷ ᠭᠡᠷᠡᠭᠵᠢᠭᠦᠯᠭᠦ ᠤᠷᠤᠨ ᠢ ᠪᠦᠳᠦᠭᠡᠨ ᠪᠠᠶᠢᠭᠤᠯᠬᠤ | ᠬᠠᠷᠠᠯᠲᠠ ᠶᠢᠨ ᠪᠠᠶᠢᠷᠢ ᠲᠤᠬᠳᠠᠭᠠᠯᠳᠠ ᠶᠢ ᠲᠣᠭᠲᠠᠭᠠᠨ᠂ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠬᠤ ᠶᠢ | ᠶᠡᠭᠡ ᠪᠠᠷ ᠬᠡᠷᠡᠭᠵᠢᠬᠦᠯᠵᠥ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠂ ᠰᠢᠶᠠᠨ ᠤ ᠤᠷᠤᠨ ᠪᠦᠰᠡ ᠶᠢᠨ | ᠠᠵᠤ ᠠᠬᠤᠢ ᠶᠢ ᠲᠡᠭᠢᠨ ᠢᠶᠠᠷ ᠨᠡᠮᠡᠭᠳᠡᠭᠦᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠴᠢᠨᠠᠷᠵᠢᠯ ᠢ | ᠳᠡᠭᠡᠭᠰᠢᠯᠡᠭᠦᠯᠬᠦ ︽ᠳᠥᠷᠪᠡᠨ ᠶᠡᠭᠡ ᠠᠵᠢᠯᠯᠠᠭ᠎ᠠ︾ ᠶᠢ ᠬᠦᠴᠦᠯᠡᠨ ᠪᠡᠶᠡᠯᠡᠭᠦᠯᠵᠦ᠂ ᠠᠵᠥ ᠠᠬᠤᠢ ᠨᠡᠩ ᠬᠦᠴᠦᠷᠬᠡᠭ᠂ | ᠬᠥᠳᠡᠯᠭᠡᠭᠴᠢ ᠬᠦᠴᠦᠨ ᠨᠡᠩ ᠭᠦᠢᠴᠡᠳ᠂ ᠠᠮᠢ ᠠᠬᠤᠢ ᠨᠡᠩ ᠰᠢᠯᠢᠳᠡᠭ᠂ ᠪᠤᠶᠠᠨ ᠭᠡᠰᠢᠭ ᠨᠡᠩ ᠵᠤᠵᠠᠭᠠᠨ | ᠤᠷᠳᠤᠰ ᠢ ᠴᠢᠷᠮᠠᠶᠢᠨ ᠪᠦᠳᠦᠭᠡᠨ ᠪᠠᠶᠢᠭᠤᠯᠬᠤ ᠪᠤᠯᠤᠨ᠎ᠠ᠃ ︽ᠬᠤᠤᠰ ᠨᠡᠭᠦᠷᠡᠰᠦᠳᠦ᠋ᠷᠦᠭᠴᠢ︾ ᠶᠢᠨ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ᠂ ᠵᠢᠷᠤᠭ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠥ᠂ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ ᠪᠠ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠨ᠂ ︽ᠬᠤᠣᠰ ᠨᠡᠭᠦᠷᠡᠰᠦᠳᠦ᠋ᠷᠦᠭᠴᠢ︾ ᠶᠢᠨ ᠬᠠᠷᠠᠯᠲᠠ ᠯᠤᠭ᠎ᠠ ᠵᠣᠬᠢᠴᠠᠯᠳᠤᠭᠰᠠᠨ ᠳᠦᠷᠢᠮ ᠤᠨ | ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ | ᠣᠢᠢᠯᠠᠭᠠᠭᠳᠠᠬᠤᠨ᠂ ᠠᠵᠢᠯᠯᠠᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭᠠᠨ ᠳᠤ | ᠭᠦᠨᠵᠡᠭᠡᠢ ᠠᠭᠤᠰᠤᠯᠴᠠᠭᠤᠯᠤᠨ᠎ᠠ ᠬᠡᠵᠥ ᠢᠯᠡᠷᠬᠡᠶᠢᠯᠡᠪᠡ᠃ | ᠬᠤᠷᠠᠯ ᠳᠤ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠶᠡᠷᠦᠩᠬᠡᠢ ᠢᠨᠵᠧᠨᠧᠷ ᠰᠢᠶᠡᠩ ᠬᠠᠢ ᠫᠢᠡᠭ᠂ | ᠰᠯᠤᠸᠠᠺᠢᠶᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠳ᠋ᠥ᠋ᠱᠡᠩ ᠪᠧᠢᠢᠯᠠ ᠂ ︽ᠨᠢᠭᠡ ᠪᠦᠰᠡ ᠨᠢᠭᠡ | ᠵᠠᠮ︾ ᠤᠨ ᠪᠣᠬᠢᠷᠲᠤᠯ ᠦᠭᠡᠢ ᠬᠥᠭᠵᠢᠯᠲᠡ ᠶᠢᠨ ᠣᠯᠠᠨ ᠤᠯᠤᠰ ᠤᠨ ᠰᠤᠳᠤᠯᠭᠠᠨ ᠤ ᠬᠦᠷᠢᠶᠡᠯᠡᠩ ᠤᠨ ᠬᠤᠯᠪᠤᠭᠠᠳᠤ | ᠲᠡᠷᠢᠭᠦᠯᠡᠭᠴᠢ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠣᠭᠤᠷᠢᠨ ᠤ ᠵᠠᠬᠢᠷᠭ᠎ᠠ ᠶᠢᠨ | ᠤᠤᠯ ᠤᠨ ᠭᠦᠢᠴᠡᠳᠬᠡᠭᠴᠢ ᠡᠷᠬᠢᠯᠡᠭᠴᠢ ᠠᠶᠢᠯᠢᠺ · ᠰᠤᠷᠬᠠᠢᠢᠮ᠂ ᠳᠤᠮᠳᠠᠳᠤ ᠤᠯᠤᠰ ᠤᠨ ᠣᠯᠠᠨ ᠨᠡᠶᠢᠲᠡ ᠶᠢᠨ | ᠭᠠᠳᠠᠭᠠᠳᠤ ᠬᠠᠷᠢᠯᠴᠠᠭᠠᠨ ᠤ ᠨᠡᠶᠢᠭᠡᠮᠯᠢᠭ ᠤᠨ ᠳᠠᠷᠤᠭ᠎ᠠ ᠡᠦ ᠬᠠᠢ ᠯᠦᠩ᠂ ᠳᠤᠮᠳᠠᠳᠤ ᠤᠯᠤᠰ ᠤᠨ ᠬᠥᠬᠡᠮᠦ᠋ᠷᠡᠨ ᠤ | ᠭᠤᠷᠪᠠᠯᠵᠢᠨ ᠬᠤᠶᠢᠭ ᠤᠨ ᠰᠢᠨ᠎ᠡ ᠡᠨᠧᠷᠭᠢ ᠶᠢᠨ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠲᠡᠳ᠋ ᠶᠡᠷᠤᠩᠬᠡᠢ ᠲᠠᠭᠠᠭᠠᠮᠠᠯ ᠵᠢᠴᠢ ᠶᠡᠷᠤᠩᠭᠡᠢ ᠠᠵᠥ ᠠᠬᠤᠢ ᠶᠢᠨ ᠢᠨᠵᠧᠨᠧᠷ ᠯᠢᠥ ᠽᠢ᠂ ᠳᠤᠮᠳᠠᠳᠤ | ᠤᠯᠤᠰ ᠤᠨ ᠭᠤᠸᠠᠩ ᠾᠧ ᠰᠢᠨ᠎ᠡ ᠡᠨᠧᠷᠭᠢ ᠶᠢᠨ ᠬᠤᠪᠢ ᠡᠵᠡᠮᠰᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ | ᠳᠠᠭᠠᠭᠠᠮᠠᠯ ᠵᠧᠩ ᠬᠠᠢ ᠮᠢᠩ᠂ ᠫᠦ᠋ ᠬᠤᠸᠠ ᠶᠦᠩ ᠳ᠋ᠣᠣ ᠳᠤᠮᠳᠠᠳᠤ ᠤᠯᠤᠰ ᠤᠨ ᠣᠷᠣᠨ ᠪᠦᠰᠡ ᠶᠢᠨ ᠠᠵᠤ | ᠠᠬᠤᠢ ᠶᠢᠨ ᠭᠤᠣᠯ ᠬᠠᠮᠢᠶᠠᠷᠤᠯᠳᠡ ᠶᠢᠨ ᠬᠤᠷᠰᠢᠭᠴᠢ ᠵᠠᠩ ᠯᠢ ᠵᠢᠶᠦ᠋ᠨ᠂ ᠯᠦᠸᠧ ᠵᠢᠢ ᠱᠠᠨ ᠰᠤᠳᠤᠯᠬᠤ | ᠭᠠᠵᠠᠷ ᠤᠨ ᠪᠠᠶᠢᠩᠭᠤ ᠶᠢᠨ ᠬᠡᠷᠡᠭ ᠮᠡᠳᠡᠭᠴᠢ ᠵᠢᠴᠢ ᠪᠡᠭᠡᠵᠢᠩ ᠤᠨ ᠲᠥᠯᠥᠭᠡᠯᠡᠭᠴᠢ ᠶᠢᠨ ᠭᠠᠵᠠᠷ ᠤᠨ ᠲᠡᠷᠢᠬᠦᠨ | ᠲᠥᠯᠥᠭᠡᠯᠡᠭᠴᠢ ᠵᠡᠩ ᠯᠢ ᠲᠢᠩ ᠲᠤᠰ ᠪᠥᠷᠢ ᠬᠤᠷᠠᠯ ᠤᠨ ᠠᠬᠤᠢ ᠲᠠᠯᠠᠪᠠᠢ ᠳᠤ ᠪᠤᠶᠤ ᠸᠢᠳᠢᠣ᠋ ᠪᠠᠷ ᠭᠤᠤᠯ | ᠰᠡᠳᠤᠪᠳᠤ ᠶᠠᠷᠢᠶ᠎ᠠ ᠲᠠᠯᠪᠢᠪᠠ᠃ | | | | | |