| | | ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠠᠩᠬᠢᠨ ᠬᠤᠰᠢᠭᠤᠨ ᠤ ᠬᠦᠬᠡᠮᠤᠳᠤ ᠪᠠᠯᠭᠠᠰᠤᠨ ᠤ ᠳ᠋ᠠ | ᠲᠤᠤ ᠽᠢ ᠲᠤᠰᠬᠤᠨ ᠳᠤ ᠪᠠᠶᠢᠴᠠᠭᠠᠨ ᠦᠵᠡᠵᠤ ᠪᠠᠶᠢᠭ᠎ᠠ ᠨᠢ | ᠤᠢᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠤᠷᠢᠳ ᠬᠤᠵᠢᠳ ᠬᠠᠳᠤᠨ ᠭᠤᠤᠯ ᠤᠨ | ᠤᠷᠳᠤᠰ ᠲᠠᠬᠢ ᠭᠡᠰᠡᠭ ᠤᠨ ᠵᠡᠭᠦᠨ ᠠᠴᠠ ᠪᠠᠷᠠᠭᠤᠨᠰᠢ ᠴᠢᠭᠯᠡᠯ ᠲᠠᠭᠠᠤ ᠵᠡᠭᠦᠨᠭᠠᠷ ᠬᠤᠰᠢᠭᠤ᠂ ᠲᠠᠯᠠᠳ ᠬᠤᠰᠢᠭᠤ᠂ | ᠬᠠᠨᠭ᠍ᠭᠢᠨ ᠬᠤᠰᠢᠭᠤᠨ ᠳᠤ ᠭᠦᠨᠵᠡᠭᠡᠶᠢᠷᠠᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ | ᠪᠠ ᠴᠢᠨᠠᠷ ᠰᠠᠶᠢᠳᠠᠢ ᠭᠦᠭᠵᠢᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠵᠤ ᠱᠠᠯᠠᠪᠳᠠᠭᠤᠯᠤᠨ ᠵᠢᠯᠤᠭᠤᠳᠴᠦ | ᠂ ᠤᠯᠤᠰ ᠲᠦᠷᠦ ᠶᠢᠨ ᠵᠤᠬᠰᠤᠴᠠ ᠪᠠᠨ ᠪᠠᠳᠤᠳᠬᠠᠨ᠂ ᠡᠯ᠎ᠠ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ | ᠬᠠᠳᠤᠨ ᠭᠤᠤᠯ ᠲᠠᠭᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠤᠷᠤᠨᠵᠢᠭᠤᠯᠤᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ | ᠪᠠ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠦᠷ᠎ᠠ ᠪᠦᠳᠦᠮᠵᠢ ᠶᠢ ᠤᠯᠬᠤ ᠶᠢ ᠠᠭᠢᠭᠤᠯᠬᠤ ᠭᠡᠷᠡᠭᠳᠡᠢ ᠭᠡᠵᠤ | ᠴᠢᠬᠤᠯᠠᠴᠢᠯᠠᠪᠠ᠃ | ᠯᠢ ᠯᠢ ᠵᠡᠭᠦᠨᠭᠠᠷ ᠬᠤᠰᠢᠭᠤᠨ ᠤ ᠯᠦᠡᠭ ᠺᠸᠦ ᠪᠠᠯᠭᠠᠰᠤᠨ ᠤ ᠳ᠋ᠠ ᠺᠸᠦ ᠶᠢᠨ ᠭᠡᠰᠡᠭ ᠤᠨ ᠭᠤᠤᠯ ᠤᠨ ᠡᠷᠭᠢ ᠳᠤ | ᠭᠦᠷᠴᠦ᠂ ᠱᠠᠨᠰᠢ ᠱᠠᠨ ᠰᠢ ᠦᠪᠤᠷ ᠮᠤᠩᠭᠤᠯ ᠭᠤᠷᠪᠠᠨ ᠮᠤᠵᠢ ᠤᠷᠤᠨ ᠤ ᠵᠠᠭᠠᠭ ᠤᠨ ᠬᠠᠳᠤᠨ ᠭᠤᠤᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠠᠵᠤ᠂ ᠬᠠᠳᠤᠨ | ᠭᠤᠤᠯ ᠤᠨ ᠤᠷᠤᠰᠬᠠᠯ ᠤᠨ ᠭᠡᠮᠵᠢᠶ᠎ᠠ᠂ ᠭᠤᠤᠯ ᠤᠨ ᠬᠠᠮᠢᠶᠠᠷᠤᠯᠳᠠ ᠵᠡᠷᠭᠡ ᠪᠠᠶᠢᠳᠠᠯ ᠢ ᠨᠠᠷᠢᠨ ᠤᠢᠢᠯᠠᠭᠠᠪᠡ᠃ ᠲᠠᠷᠠ | ᠠᠮᠢ ᠠᠬᠤᠢ ᠶᠢ ᠤᠷᠢᠳ ᠢᠶᠠᠷ ᠪᠤᠳᠤᠯᠭᠢᠯᠠᠨ᠂ ᠪᠤᠭᠢᠷᠳᠤᠯ ᠦᠭᠡᠢ ᠭᠦᠭᠵᠢᠯᠳᠠ ᠪᠠᠷ ᠤᠳᠤᠷᠢᠳᠤᠮᠵᠢ ᠪᠤᠯᠭᠠᠬᠤ ᠶᠢ | ᠪᠠᠷᠢᠮᠳᠠᠯᠠᠵᠤ᠂ ᠤᠰᠤᠨ ᠤ ᠡᠭᠢ ᠪᠠᠶᠠᠯᠢᠭ ᠢ ᠬᠠᠮᠠᠭᠠᠯᠠᠬᠤ᠂ ᠤᠰᠤᠨ ᠤ ᠪᠤᠭᠢᠷᠳᠤᠯ ᠢ ᠰᠡᠷᠭᠡᠶᠢᠯᠡᠨ ᠵᠠᠰᠠᠬᠤ᠂ | ᠤᠰᠤᠨ ᠤ ᠤᠷᠴᠢᠨ ᠲᠤᠭᠤᠷᠢᠨ ᠢ ᠵᠠᠰᠠᠬᠤ᠂ ᠤᠰᠤᠨ ᠤ ᠠᠮᠢ ᠠᠬᠤᠢ ᠶᠢ ᠰᠡᠷᠭᠦᠭᠡᠭᠦ ᠵᠡᠷᠭᠡ ᠭᠤᠤᠯᠳᠠᠯᠭ᠎ᠠ ᠲᠠᠢ | ᠡᠭᠦᠷᠭᠡ ᠶᠢᠨ ᠲᠤᠭᠤᠷᠢᠨ ᠳᠤ᠂ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠦ᠂ ᠨᠠᠭᠤᠷ ᠭᠤᠤᠯ ᠤᠨ ᠤᠰᠤᠨ ᠤ | ᠡᠷᠭᠢ ᠱᠤᠭᠤᠮ ᠤᠨ ᠬᠠᠮᠢᠶᠠᠷᠤᠯᠳᠠ ᠬᠠᠮᠠᠭᠠᠯᠠᠯᠳᠠ ᠶᠢ ᠴᠢᠩᠭᠠᠳᠬᠠᠨ᠂ ᠭᠤᠤᠯ ᠲᠠᠭᠠᠤ ︽ᠲᠦᠷᠪᠡᠨ ᠲᠤᠷ᠎ᠠ ᠪᠠᠷ | ᠦᠵᠡᠭᠳᠡᠯ ᠢ ᠴᠡᠪᠡᠷᠯᠡᠭᠦ︾ ᠶᠢ ᠦᠷᠭᠦᠯᠵᠢᠯᠡᠨ ᠠᠭᠢᠭᠤᠯᠵᠤ᠂ ᠬᠠᠳᠤᠨ ᠭᠤᠤᠯ ᠲᠠᠭᠠᠤ ᠠᠮᠢ ᠠᠬᠤᠢ ᠤᠷᠴᠢᠨ | ᠲᠤᠭᠤᠷᠢᠨ ᠢ ᠦᠨᠡᠨ ᠭᠦ ᠬᠠᠮᠠᠭᠠᠯᠠᠬᠤ ᠭᠡᠷᠡᠭᠳᠡᠢ ᠭᠡᠵᠤ ᠴᠢᠬᠤᠯᠠᠴᠢᠯᠠᠪᠠ᠃ ᠯᠢ ᠯᠢ ᠬᠠᠳᠤᠨ ᠭᠤᠤᠯ ᠲᠠᠭᠠᠤ ᠭᠦᠳᠡᠭᠡ | ᠲᠤᠰᠬᠤᠨ ᠢ ᠭᠦᠭᠵᠢᠭᠦᠯᠭᠦ ᠠᠵᠢᠯ ᠢ ᠦᠷᠨᠢᠭᠦᠯᠦᠭᠰᠡᠨ ᠪᠠᠶᠢᠳᠠᠯ ᠢ ᠲᠦᠢᠯ ᠢᠶᠠᠷ ᠴᠢᠬᠤᠯᠠᠴᠢᠯᠠᠵᠤ ᠪᠠᠶᠢᠯ᠎ᠠ᠃ ᠬᠠᠳᠤᠨ | ᠭᠤᠤᠯ ᠲᠠᠭᠠᠤ ᠲᠤᠭᠤᠷᠢᠨ ᠪᠠᠶᠢᠴᠠᠭᠠᠬᠤ ᠳᠠᠭᠠᠨ ᠲᠡᠷᠠ ᠵᠡᠭᠦᠨᠭᠠᠷ ᠬᠤᠰᠢᠭᠤᠨ ᠤ ᠮᠠ ᠵᠠ ᠲᠤᠰᠬᠤᠨ ᠳᠤ ᠭᠦᠷᠴᠦ᠂ | ᠭᠦᠳᠡᠭᠡ ᠲᠤᠰᠬᠤᠨ ᠤ ᠠᠵᠤ ᠦᠢᠯᠡᠰ ᠤᠨ ᠭᠦᠭᠵᠢᠯᠳᠠ ᠵᠢᠴᠢ ᠮᠠᠯᠴᠢᠨ ᠲᠠᠷᠢᠶᠠᠴᠢᠳ ᠢ ᠲᠠᠶᠢᠴᠢᠯᠠᠨ | ᠤᠷᠤᠯᠭ᠎ᠠ ᠶᠢ ᠨᠢ ᠨᠡᠮᠡᠭᠳᠡᠭᠦᠯᠭᠦ ᠵᠡᠷᠭᠡ ᠪᠠᠶᠢᠳᠠᠯ ᠢ ᠭᠦᠨᠵᠡᠭᠡᠢ ᠤᠢᠢᠯᠠᠭᠠᠪᠠ᠃ ᠲᠠᠷᠠ ᠭᠦᠳᠡᠭᠡ ᠲᠤᠰᠬᠤᠨ ᠢ | ᠭᠦᠭᠵᠢᠭᠦᠯᠭᠦ ᠭᠤᠤᠯ ᠠᠰᠠᠭᠤᠳᠠᠯ ᠪᠤᠯ ᠠᠵᠤ ᠦᠢᠯᠡᠰ ᠤᠨ ᠭᠦᠭᠵᠢᠯᠳᠠ ᠪᠤᠯᠤᠨ᠎ᠠ᠂ ᠬᠠᠳᠤᠨ ᠭᠤᠤᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢ ᠭᠦᠳᠡᠭᠡ ᠲᠤᠰᠬᠤᠨ ᠤ ᠭᠦᠭᠵᠢᠯᠳᠠ᠂ ᠰᠤᠶᠤᠯ ᠵᠤᠭᠠᠴᠠᠯ ᠲᠠᠢ | ᠨᠢᠭᠡᠳᠤᠯᠳᠠᠢ ᠲᠦᠯᠦᠪᠵᠢᠭᠦᠯᠵᠤ᠂ ︽ᠨᠢᠭᠡ ᠭᠠᠴᠠᠭ᠎ᠠ ᠲᠤᠰᠬᠤᠨ ᠳᠤ ᠨᠢᠭᠡ ᠨᠠᠷᠡᠳᠦ ᠲᠡᠮᠳᠡᠭᠳᠦ ᠲᠠᠢ ᠪᠠᠶᠢᠬᠤ︾ | ᠦᠪᠡᠷᠮᠢᠴᠠ ᠠᠵᠤ ᠦᠢᠯᠡᠰ ᠢ ᠶᠡᠭᠡ ᠪᠠᠷ ᠭᠦᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ | ᠲᠤᠬᠳᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠮᠠᠯᠴᠢᠨ ᠲᠠᠷᠢᠶᠠᠴᠢᠨ ᠪᠠ ᠠᠵᠤ ᠠᠬᠤᠢᠢᠯᠠᠯ ᠤᠨ | ᠠᠰᠢᠭ ᠲᠤᠰᠠ ᠶᠢᠨ ᠬᠤᠯᠪᠤᠭᠠᠳᠤ ᠲᠤᠬᠳᠠᠴᠠ ᠶᠢ ᠪᠠᠶᠢᠭᠤᠯᠤᠨ᠂ ᠮᠠᠯᠴᠢᠨ ᠲᠠᠷᠢᠶᠠᠴᠢᠳ ᠢ ᠬᠠᠪᠰᠤᠷᠤᠨ | ᠪᠤᠷᠤᠯᠠᠭᠤᠯᠭ᠎ᠠ ᠶᠢᠨ ᠵᠠᠮ ᠮᠦᠷ ᠢ ᠦᠷᠭᠡᠳᠭᠡᠵᠤ᠂ ᠠᠵᠤ ᠦᠢᠯᠡᠰ ᠤᠨ ᠭᠦᠭᠵᠢᠯᠳᠠ ᠪᠠᠷ ᠭᠦᠳᠡᠭᠡ ᠲᠤᠰᠬᠤᠨ ᠢ | ᠭᠦᠭᠵᠢᠭᠦᠯᠭᠦ ᠶᠢ ᠠᠭᠢᠭᠤᠯᠬᠤ ᠭᠡᠷᠡᠭᠳᠡᠢ ᠭᠡᠵᠤ ᠵᠢᠭᠠᠵᠤ ᠭᠠᠷᠭᠠᠪᠠ᠃ | ᠲᠠᠯᠠᠳ ᠬᠤᠰᠢᠭᠤᠨ ᠤ ᠪᠠᠷᠠᠭᠤᠨ ᠯᠢᠦ ᠭᠸᠦ ᠭᠦᠨᠳᠡᠢ ᠪᠠ ᠬᠠᠨᠭ᠍ᠭᠢᠨ ᠬᠤᠰᠢᠭᠤᠨ ᠤ ᠬᠠᠨᠭ᠍ᠭᠢᠨᠨᠠᠭᠤᠷ ᠤᠨ | ᠦᠶᠠᠷ ᠤᠨ ᠤᠰᠤ ᠶᠢ ᠬᠤᠷᠢᠶᠠᠬᠤ ᠪᠠ ᠳᠠᠳᠠᠷᠠᠭᠤᠯᠬᠤ ᠤᠷᠤᠨ᠂ ᠬᠠᠳᠤᠨ ᠭᠤᠤᠯ ᠤᠨ ᠦᠶᠡᠷ ᠢ ᠰᠡᠷᠬᠡᠶᠢᠯᠡᠬᠦ | ᠪᠠᠷᠢᠯᠭ᠎ᠠ ᠶᠢᠨ 208 ᠳᠠᠯᠳᠠ ᠭᠡᠮ ᠲᠠᠢ ᠭᠠᠵᠠᠷ᠂ ᠭᠦᠪᠴᠢ ᠶᠢᠨ ᠤᠰᠤᠨ ᠤ ᠠᠮᠢ ᠠᠬᠤᠢ ᠶᠢ ᠶᠡᠷᠦᠩᠭᠡᠶᠢᠯᠡᠨ | ᠵᠠᠰᠠᠬᠤ ᠪᠠᠷᠢᠯᠭ᠎ᠠ ᠶᠢᠨ ᠠᠬᠤᠢ ᠲᠠᠯᠠᠪᠠᠢ ᠳᠤ᠂ ᠯᠢ ᠯᠢ ᠬᠠᠳᠤᠨ ᠭᠤᠤᠯ ᠲᠠᠭᠠᠤ ᠤᠰᠤ ᠲᠠᠳᠠᠷᠠᠭᠤᠯᠬᠤ ᠤᠰᠤ | ᠭᠠᠳᠠᠬᠰᠢᠯᠠᠭᠤᠯᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ᠂ ᠠᠶᠤᠯ ᠲᠠᠢ ᠭᠡᠰᠡᠭ ᠢ ᠪᠠᠭᠢᠵᠢᠭᠦᠯᠭᠦ ᠪᠠᠷᠢᠯᠭ᠎ᠠ᠂ | ᠭᠤᠤᠯ ᠲᠠᠭᠠᠤ ᠶᠡᠷᠦᠩᠭᠡᠶᠢᠯᠡᠨ ᠵᠠᠰᠠᠬᠤ ᠠᠵᠢᠯ ᠵᠡᠷᠭᠡ ᠪᠠᠶᠢᠳᠠᠯ ᠢ ᠨᠠᠷᠢᠨ ᠨᠢᠮᠪᠠᠢ ᠤᠢᠢᠯᠠᠭᠠᠪᠠ᠃ ᠲᠡᠷᠠ ᠠᠭᠤᠯᠠ | ᠤᠰᠤ ᠤᠢ ᠮᠤᠳᠤ ᠲᠠᠷᠢᠶᠠᠨ ᠭᠠᠵᠠᠷ ᠨᠠᠭᠤᠷ ᠴᠦᠭᠦᠷᠤᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠶᠡᠷᠦᠩᠭᠡᠶᠢᠯᠡᠨ | ᠵᠠᠰᠠᠬᠤ᠂ ᠰᠢᠰᠲ᠋ᠧᠮ ᠲᠠᠢ ᠵᠠᠰᠠᠬᠤ᠂ ᠤᠭ ᠡᠭᠢ ᠠᠴᠠ ᠨᠢ ᠵᠠᠰᠠᠬᠤ ᠶᠢ ᠨᠢᠭᠡᠳᠤᠯᠳᠠᠢ ᠲᠦᠯᠦᠪᠵᠢᠭᠦᠯᠦᠨ ᠠᠭᠢᠭᠤᠯᠵᠤ | ᠂ ᠬᠠᠳᠤᠨ ᠭᠤᠤᠯ ᠳᠤ ᠤᠷᠤᠬᠤ ᠡᠯᠡᠰᠦ ᠰᠢᠪᠠᠷ ᠢ ᠪᠠᠭᠠᠰᠬᠠᠬᠤ ᠶᠢ ᠵᠠᠰᠠᠯᠳᠠ ᠶᠢᠨ ᠠᠵᠢᠯ ᠤᠨ ᠭᠤᠤᠯᠳᠠᠯᠭ᠎ᠠ | ᠪᠤᠯᠭᠠᠵᠤ᠂ ᠡᠯᠡᠰᠦ ᠮᠠᠩᠬ ᠠ ᠶᠢ ᠰᠡᠷᠭᠡᠶᠢᠯᠡᠨ ᠡᠯᠡᠰᠦ ᠮᠠᠩᠬ᠎ᠠ ᠶᠢ ᠵᠠᠰᠠᠬᠤ ᠶᠢ ᠠᠮᠢ ᠠᠬᠤᠢ ᠶᠢ ᠰᠡᠷᠭᠦᠭᠡᠨ᠂ ᠠᠵᠤ | ᠦᠢᠯᠡᠰ ᠢ ᠭᠦᠭᠵᠢᠭᠦᠯᠭᠦ ᠲᠠᠢ ᠤᠶᠠᠯᠳᠤᠭᠤᠯᠵᠤ᠂ ᠬᠠᠳᠤᠨ ᠭᠤᠤᠯ ᠲᠠᠭᠠᠤ ᠠᠮᠢ ᠠᠬᠤᠢ ᠶᠢᠨ ᠵᠠᠰᠠᠯᠳᠠ᠂ ᠦᠨᠳᠦᠷ | ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ᠂ ᠲᠠᠷᠢᠶᠠᠯᠠᠩ ᠤᠨ ᠪᠤᠭᠢᠷᠳᠤᠯ ᠤᠨ ᠵᠠᠰᠠᠯᠳᠠ ᠵᠢᠴᠢ | ᠠᠷᠪᠠᠨ ᠶᠡᠭᠡ ᠭᠦᠨᠳᠡᠢ ᠶᠢᠨ ᠶᠡᠷᠦᠩᠭᠡᠶᠢᠯᠡᠭᠰᠡᠨ ᠵᠠᠰᠠᠯᠳᠠ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠤᠯᠳᠠᠢ | ᠲᠦᠯᠦᠪᠵᠢᠭᠦᠯᠦᠨ ᠰᠠᠶᠢᠳᠤᠷ ᠠᠳᠬᠤᠵᠤ᠂ ᠬᠠᠳᠤᠨ ᠭᠤᠤᠯ ᠤᠨ ᠤᠰᠤᠨ ᠤ ᠡᠭᠢ ᠪᠠᠶᠠᠯᠢᠭ ᠢ ᠠᠰᠢᠬᠯᠠᠬᠤ | ᠠᠰᠢᠬᠯᠠᠮᠵᠢ ᠪᠠ ᠤᠰᠤᠨ ᠤ ᠤᠷᠤᠨ ᠪᠦ᠋ᠰᠡ ᠶᠢᠨ ᠠᠮᠢ ᠠᠬᠤᠢ ᠤᠷᠴᠢᠨ ᠲᠤᠭᠤᠷᠢᠨ ᠤ ᠴᠢᠨᠠᠷᠵᠢᠯ ᠢ ᠲᠠᠰᠤᠷᠠᠯᠳᠠ | ᠦᠭᠡᠢ ᠲᠡᠭᠡᠭᠰᠢᠯᠡᠭᠦᠯᠦᠨ᠂ ᠪᠤᠭᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠦᠳᠦᠭᠡᠨ ᠪᠠᠶᠢᠭᠤᠯᠵᠤ᠂ ᠬᠠᠳᠤᠨ | ᠭᠤᠤᠯ ᠢ ᠠᠷᠠᠳ ᠲᠦᠮᠠᠨ ᠳᠤ ᠵᠤᠯ ᠵᠢᠷᠭᠠᠯ ᠡᠳ᠋ᠯᠡᠬᠦᠯᠬᠦ ᠵᠢᠷᠭᠠᠯ ᠤᠨ ᠭᠤᠤᠯ ᠪᠤᠯᠭᠠᠬᠤ ᠭᠡᠷᠡᠭᠳᠡᠢ ᠭᠡᠵᠤ | ᠴᠢᠬᠤᠯᠠᠴᠢᠯᠠᠪᠠ᠃ | ᠭᠦᠭᠡᠮᠤᠳᠤ ᠪᠠᠯᠭᠠᠰᠤᠨ ᠤ ᠳ᠋ᠠ ᠲᠤᠤ ᠽᠢ ᠲᠤᠰᠬᠤᠨ ᠪᠤᠯ ᠬᠠᠳᠤᠨ ᠭᠤᠤᠯ ᠤᠨ ᠬᠤᠶᠢᠳᠤ ᠡᠷᠭᠢ ᠳᠤ | ᠪᠠᠶᠢᠷᠢᠯᠠᠵᠤ ᠪᠠᠶᠢᠭ᠎ᠠ ᠮᠦᠷᠳᠡᠭᠡᠨ ᠬᠠᠳᠤᠨ ᠭᠤᠤᠯ ᠤᠨ ᠲᠠᠩ ᠤᠨ ᠤᠷᠤᠨ ᠳᠤ ᠪᠠᠶᠢᠷᠢᠯᠠᠵᠤ ᠪᠠᠶᠢᠭ᠎ᠠ ᠮᠠᠨ ᠤ | ᠬᠤᠳᠠ ᠶᠢᠨ ᠴᠤᠷ ᠤᠨ ᠭᠠᠭᠴᠠ ᠵᠠᠰᠠᠭ ᠵᠠᠭᠢᠷᠭᠠᠨ ᠤ ᠲᠤᠰᠬᠤᠨ ᠪᠤᠯᠤᠨ᠎ᠠ᠂ ᠯᠢ ᠯᠢ ᠳ᠋ᠠ ᠲᠤᠤ ᠽᠢ ᠲᠤᠰᠬᠤᠨ ᠳᠤ | ᠭᠦᠷᠴᠦ ᠲᠤᠰᠬᠤᠨ ᠤ ᠠᠷᠠᠳ ᠤᠨ ᠠᠮᠢᠳᠤᠷᠠᠯ ᠤᠨ ᠪᠠᠶᠢᠳᠠᠯ ᠵᠢᠴᠢ ᠬᠠᠳᠤᠨ ᠭᠤᠤᠯ ᠤᠨ ᠦᠶᠠᠷ ᠢ ᠰᠡᠷᠭᠡᠶᠢᠯᠡᠭᠦ | ᠪᠠᠷᠢᠯᠭ᠎ᠠ᠂ ᠠᠶᠤᠯ ᠲᠠᠢ ᠭᠠᠵᠠᠷ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠪᠤᠳᠠᠳᠤ | ᠭᠠᠵᠠᠷ ᠲᠤᠨᠢ ᠪᠠᠶᠢᠴᠠᠭᠠᠨ ᠦᠵᠡᠪᠡ᠃ ᠲᠡᠷᠠ ᠤᠯᠤᠰ ᠤᠨ ᠬᠤᠯᠪᠤᠬᠳᠠᠯ ᠪᠦᠭᠦᠢ ᠲᠦᠷᠦ ᠶᠢᠨ ᠪᠤᠳᠤᠯᠭ᠎ᠠ ᠶᠢᠨ | ᠱᠠᠭᠠᠷᠳᠠᠯᠭ᠎ᠠ ᠶᠢ ᠨᠠᠷᠢᠨ ᠭᠢᠨᠠᠮᠠᠭᠠᠢ ᠰᠤᠳᠤᠯᠵᠤ᠂ ᠤᠯᠠᠨ ᠲᠦᠮᠠᠨ ᠤ ᠲᠤᠰ ᠪᠡᠶ᠎ᠠ ᠶᠢᠨ ᠠᠰᠢᠭ ᠲᠤᠰᠠ ᠶᠢ ᠭᠦᠢᠴᠡᠳ | ᠪᠤᠳᠤᠯᠭᠢᠯᠠᠨ᠂ ᠰᠢᠨᠵᠢᠯᠡᠭᠦ ᠤᠬᠠᠭᠠᠨᠴᠢ ᠪᠠᠷ ᠨᠤᠳᠠᠯᠠᠯᠳᠠ ᠭᠢᠵᠤ᠂ ᠵᠦᠢ ᠵᠤᠭᠢᠰᠳᠠᠢ ᠲᠦᠯᠦᠪᠵᠢᠭᠦᠯᠦᠨ᠂ ᠲᠦᠷᠦᠯ | ᠬᠤᠪᠢᠶᠠᠨ ᠠᠷᠭ᠎ᠠ ᠪᠤᠳᠤᠯᠭ᠎ᠠ ᠲᠤᠬᠳᠠᠭᠠᠵᠤ᠂ ᠲᠠᠩ ᠤᠨ ᠤᠷᠤᠨ ᠤ ᠰᠠᠭᠤᠭᠠᠯᠢ ᠠᠷᠠᠳ ᠢ ᠨᠡᠭᠦᠯᠭᠡᠨ ᠰᠢᠯᠵᠢᠭᠦᠯᠭᠦ | ᠠᠵᠢᠯ ᠢ ᠯᠠᠪᠳᠠᠭᠤᠨ ᠪᠠᠳᠤᠳᠠᠢ ᠰᠠᠶᠢᠳᠤᠷ ᠭᠢᠵᠤ᠂ ᠬᠠᠳᠤᠨ ᠭᠤᠤᠯ ᠤᠨ ᠠᠮᠤᠷ ᠲᠦᠪᠰᠢᠨ᠂ ᠠᠷᠠᠳ ᠤᠯᠠᠨ ᠤ | ᠠᠮᠤᠷ ᠳᠦᠪᠰᠢᠨ ᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃ | | |