| 9 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠢᠶ᠎ᠠ ᠪᠠᠭᠰᠢ | ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ | ᠬᠦᠷᠴᠦ᠂ ᠡ᠊ᠩ ᠤᠨ ᠨᠠᠮ ᠤᠨ ᠭᠡᠰᠢᠭᠦᠨ ᠤ ᠬᠤᠪᠢ ᠪᠠᠷ ᠪᠥᠬᠦ ᠬᠤᠲᠠ ᠶᠢᠨ ᠠᠵᠢᠯ ᠤᠨ ᠪᠠᠶᠢᠷᠢᠨ ᠳᠤ ᠪᠠᠶᠢᠭ᠎ᠠ | ᠨᠠᠮ ᠤᠨ ᠭᠡᠰᠢᠭᠦᠳ ᠨᠡᠶᠢᠭᠡᠮ ᠲᠣᠭᠤᠷᠢᠭ ᠲᠤ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡ ᠶᠢ ᠳᠦᠪᠯᠡᠷᠡᠬᠦᠯᠦᠨ | ᠦᠷᠨᠢᠬᠦᠯᠬᠦ ᠠᠵᠢᠯᠯᠠᠭ᠎ᠠ ᠳᠤ ᠣᠷᠣᠯᠴᠠᠪᠠ᠃ ᠬᠤᠲᠠ ᠶᠢᠨ ᠤᠳᠤᠷᠢᠳᠤᠯᠭ᠎ᠠ ᠰᠤ᠋ ᠵᠥᠩ ᠱᠧᠩ᠂ ᠱᠧ ᠰᠢ ᠸᠧᠨ᠂ | ᠯᠢᠦ ᠰᠢᠶᠤᠤ ᠹᠧᠩ᠂ ᠵᠠᠩ ᠸᠧᠶ᠂ ᠭᠤᠤ ᠸᠧᠨ ᠾᠧ᠂ ᠮᠢᠶᠣᠣ ᠴᠧᠩ ᠢᠦᠶ᠂ ᠬᠤᠲᠠ ᠶᠢᠨ ᠰᠢᠭᠦᠬᠦ ᠬᠤᠷᠢᠶᠡᠨ ᠤ | ᠬᠤᠷᠢᠶᠠᠨ ᠳᠠᠷᠤᠭ᠎ᠠ ᠰᠤ᠋ ᠯᠢ ᠵᠢᠶᠦ᠋ᠨ᠂ ᠪᠠᠶᠢᠴᠠᠭᠠᠬᠤ ᠬᠤᠷᠢᠶᠡᠨ ᠤ ᠪᠠᠶᠢᠴᠠᠭᠠᠭᠴᠢ ᠳᠠᠷᠤᠭ᠎ᠠ ᠶᠠᠩ ᠱᠢ ᠯᠢᠨ᠂ | ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠬᠡᠳᠦ ᠰᠤᠷᠭᠠᠭᠤᠯᠢ ᠶᠢᠨ ᠤᠳᠤᠷᠢᠳᠤᠯᠭ᠎ᠠ ᠶᠢᠦ ᠵᠢᠶᠦ᠋ᠨ ᠴᠧᠩ᠂ | ᠲᠢᠶ᠋ᠸ ᠶᠦᠩ ᠨᠡᠷ ᠠᠵᠢᠯᠯᠠᠭ᠎ᠠ ᠳᠤ ᠤᠷᠤᠯᠴᠠᠪᠠ᠃ | ᠯᠢ ᠯᠢ ᠵᠡᠷᠭᠡ ᠬᠤᠳᠠ ᠶᠢᠨ ᠤᠳᠤᠷᠢᠳᠤᠯᠭ᠎ᠠ ᠬᠠᠷᠢᠶ᠎ᠠ ᠨᠡᠶᠢᠭᠡᠮ ᠲᠣᠭᠤᠷᠢᠭ ᠤᠨ ᠢᠶᠠᠨ ᠨᠡᠷ᠎ᠡ ᠮᠡᠳᠡᠬᠦᠯᠬᠦ | ᠭᠠᠵᠠᠷ ᠲᠤ ᠬᠦᠷᠴᠦ᠂ ᠨᠡᠷ᠎ᠡ ᠮᠡᠳᠡᠭᠦᠯᠬᠦ ᠬᠦᠰᠦᠨᠦᠭ ᠲᠤ ᠬᠤᠯᠪᠤᠭᠳᠠᠯ ᠪᠦᠬᠦᠢ ᠴᠢᠮᠡᠭᠡ ᠵᠠᠩᠭᠢ ᠪᠠᠨ ᠨᠠᠷᠢᠨ | ᠬᠢᠨᠠᠮᠠᠭᠠᠢ ᠲᠠᠭᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡ᠊ᠩᠨᠡᠭᠡ ᠪᠠᠨ ᠰᠣᠩᠭᠤᠬᠰᠠᠨ ᠤ ᠬᠠᠮᠳᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ︽ᠡᠪ ᠬᠠᠮᠲᠤ ᠨᠠᠮ ᠤᠨ | ᠭᠡᠰᠢᠭᠦᠨ ᠤ ᠡᠷᠦᠬᠡ︾ ᠶᠢᠨ ᠫᠠᠶᠢᠰᠠ ᠪᠠᠨ ᠭᠠᠷᠳᠠᠨ ᠠᠪᠤᠪᠠ᠃ ᠳᠠᠷᠠᠭ᠎ᠠ ᠨᠢ᠂ ᠬᠤᠳᠠ ᠶᠢᠨ ᠤᠳᠤᠷᠢᠳᠤᠯᠭ᠎ᠠ ᠨᠡᠷ | ᠠᠵᠢᠯᠯᠠᠭ᠎ᠠ ᠶᠢᠨ ᠰᠠᠮᠪᠠᠷ᠎ᠡ ᠳᠡᠭᠡᠷ᠎ᠡ ᠨᠡᠷ᠎ᠡ ᠪᠠᠨ ᠲᠥᠪ ᠴᠢᠩᠭ᠎ᠠ ᠪᠠᠷ ᠪᠢᠴᠢᠭᠰᠡᠨ ᠪᠥᠭᠡᠳ ᠠᠵᠢᠯᠲᠠᠨ ᠤ | ᠳᠠᠭᠠᠭᠤᠯᠭ᠎ᠠ ᠪᠠᠷ ᠬᠠᠷᠢᠭᠤᠴᠠᠬᠤ ᠭᠦᠷᠢᠶ᠎ᠠ ᠭᠡᠪᠴᠢᠶ᠎ᠠ᠂ ᠨᠡᠶᠢᠭᠡᠮ ᠲᠣᠭᠤᠷᠢᠭ ᠤᠨ ︽ᠰᠡᠳᠬᠢᠯ ᠢ ᠳᠤᠯᠠᠭᠠᠴᠠᠭᠤᠯᠬᠤ | ᠪᠣᠳᠠᠲᠤ ᠶᠠᠪᠤᠳᠠᠯ︾ ᠪᠣᠯᠤᠨ ᠰᠠᠭᠤᠭᠠᠯᠢ ᠠᠷᠠᠳ ᠤᠨ ︽ ᠥᠴᠦᠬᠡᠨ ᠬᠦᠰᠡᠯ︾ ᠢ ᠭᠦᠯᠢᠶᠠᠵᠤ ᠠᠪᠤᠪᠠ᠃ | ᠯᠢ ᠯᠢ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠳ ᠰᠠᠭᠤᠭ᠎ᠠ ᠭᠠᠵᠠᠷ ᠤᠨ ᠢᠶᠠᠨ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠢᠭᠤᠯᠤᠯᠲᠠ ᠳ᠋ᠤ᠋ ᠨᠡᠷ᠎ᠡ ᠮᠡᠳᠡᠭᠦᠯᠬᠦ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ︽ᠪᠢ ᠤᠯᠠᠨ ᠲᠦᠮᠡᠨ ᠳᠤ ᠪᠤᠳᠡᠳᠤ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ | ᠠᠷᠭ᠎ᠠ ᠬᠡᠮᠵᠢᠶ᠎ᠡ᠂ ᠮᠥᠨ ᠴᠦ ᠨᠠᠮ ᠪᠤᠯᠤᠨ ᠤᠯᠠᠨ ᠲᠦᠮᠡᠨ᠂ ᠺᠠᠳ᠋ᠷ ᠪᠤᠯᠤᠨ ᠤᠯᠠᠨ ᠲᠦᠮᠡᠨ ᠤ ᠬᠠᠷᠢᠴᠠᠭ᠎ᠠ ᠶᠢ | ᠨᠢᠭᠲᠠᠷᠠᠭᠤᠯᠬᠤ ᠬᠥᠭᠦᠷᠭᠡ ᠬᠤᠯᠪᠣᠭᠠᠰᠤ ᠪᠣᠯᠤᠨ᠎ᠠ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ | ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠨ᠂ ᠠᠵᠢᠯ ᠤᠨ ᠪᠠᠶᠢᠷᠢᠨ ᠳᠤ ᠪᠠᠶᠢᠭ᠎ᠠ ᠨᠠᠩ ᠣᠯᠠᠨ ᠨᠠᠮ ᠤᠨ | ᠭᠡᠰᠢᠭᠦᠳ ᠢ ᠳᠠᠶᠢᠴᠢᠯᠠᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠤ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠶ᠋ᠯᠡᠳᠦᠯᠭᠡᠵᠢᠭᠦᠯᠬᠦ | ᠬᠡᠷᠡᠭᠲᠡᠶ᠃ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ | ᠲᠡᠭᠦᠯᠳᠡᠷᠵᠢᠭᠦᠯᠦᠨ᠂ ᠠᠯᠪᠠᠨ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ | ᠲᠠᠶᠢᠴᠢᠨ ᠪᠠᠬᠢᠯᠡᠯᠲᠡ ᠪᠠ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ | ᠱᠠᠲᠤᠨ ᠤ ᠤᠯᠠᠨ ᠲᠦᠮᠡᠨ ᠤ ᠲᠤᠯᠭᠠᠮ ᠬᠦᠴᠢᠷ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠦᠨᠡᠨ ᠠᠴᠠ ᠵᠦᠪ ᠢ ᠡᠷᠢᠵᠤ ᠪᠣᠳᠠᠲᠠᠢ ᠶᠢ ᠡᠷᠬᠢᠮᠯᠡᠬᠦ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠰᠢᠯᠢᠳᠡᠭ | ᠰᠤᠷᠲᠠᠯ ᠢ ᠶᠡᠭᠡ ᠪᠠᠷ ᠪᠠᠳᠠᠷᠠᠭᠤᠯᠤᠨ᠂ ᠬᠡᠯᠪᠡᠷᠢᠴᠢ ᠦᠵᠡᠯ ᠢ ᠳᠠᠪᠴᠢᠵᠤ᠂ ᠪᠣᠳᠠᠲᠤ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠪᠣᠯ ᠤᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ | ᠺᠢᠯᠣᠮᠧᠲᠷ︾ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠨᠡᠶᠢᠭᠡᠮ ᠲᠣᠭᠤᠷᠢᠭ ᠤᠨ | ᠠᠵᠢᠯ ᠢ ᠬᠠᠯᠠᠮᠵᠢᠯᠠᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠠᠵᠢᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠨᠡᠶᠢᠭᠡᠮ ᠲᠣᠭᠤᠷᠢᠭ ᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠬᠦᠯᠵᠤ᠂ ᠨᠡᠶᠢᠭᠡᠮ ᠲᠣᠭᠤᠷᠢᠭ ᠤᠨ | ᠠᠵᠢᠯ ᠠᠴᠠ ᠤᠯᠤᠭᠰᠠᠨ ᠪᠣᠳᠠᠲᠤ ᠠᠰᠢᠭ ᠲᠤᠰᠠ ᠪᠠ ᠦᠷ᠎ᠡ ᠪᠦᠲᠦᠮᠵᠢ ᠶᠢ ᠣᠯᠠᠨ ᠲᠦᠮᠡᠨ ᠳᠤ ᠦᠨᠡᠨ ᠬᠦ | ᠮᠡᠳᠡᠷᠡᠭᠦᠯᠬᠦ ᠬᠡᠷᠡᠭᠲᠡᠶ ᠬᠡᠵᠤ ᠵᠢᠭᠠᠵᠤ ᠭᠠᠷᠭᠠᠪᠠ᠃ | ᠡᠨᠡ ᠭᠦ ᠬᠤᠭᠤᠴᠠᠭᠠᠨ ᠳᠤ᠂ ᠯᠢ ᠯᠢ ᠵᠡᠷᠭᠡ ᠬᠤᠳᠠ ᠶᠢᠨ ᠤᠳᠤᠷᠢᠳᠤᠯᠭ᠎ᠠ ᠰᠢᠩ ᠲᠠᠢ ᠶᠢᠨ ᠯᠠᠨ ᠱᠧᠩ ᠶᠤᠸᠠᠨ | ᠰᠠᠭᠤᠭᠠᠯᠢ ᠠᠷᠠᠳ ᠤᠨ ᠲᠣᠭᠤᠷᠢᠭ ᠲᠤ ᠬᠦᠷᠴᠤ᠂ ᠡᠪᠡᠰᠦ ᠤᠷᠭᠤᠮᠠᠯ ᠢ ᠬᠠᠶᠢᠴᠢᠯᠠᠨ ᠵᠠᠰᠠᠬᠤ᠂ ᠰᠠᠭᠤᠭᠠᠯᠢ | ᠠᠷᠠᠳ ᠤᠨ ᠲᠣᠭᠤᠷᠢᠭ ᠤᠨ ᠰᠣᠶᠣᠯ ᠤᠨ ᠬᠤᠩᠬᠢᠯ ᠢ ︽ᠵᠠᠰᠠᠨ ᠴᠢᠮᠡᠭᠯᠡᠬᠦ︾ ᠵᠡᠷᠬᠡ ᠰᠠᠶᠢᠨ ᠳᠤᠷ᠎ᠠ ᠶᠢᠨ | ᠠᠵᠢᠯᠯᠠᠭ᠎ᠠ ᠳᠤ ᠣᠷᠣᠯᠴᠠᠪᠠ᠃ | |