| | ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠸ ᠸᠠᠩ ᠶᠠᠩ ᠸᠠᠩ ᠬᠤ᠋ ᠨᠢᠩ ᠵᠤᠤ ᠯᠧ ᠵᠶᠢ ᠬᠠᠨ ᠵᠧᠩ ᠸᠠᠩ ᠴᠢ ᠱᠠᠨ ᠬᠤᠷᠠᠯ ᠳᠤ ᠣᠷᠣᠯᠴᠠᠵᠠᠢ | | | | | 1 ᠰᠠᠷ᠎ᠠ ᠶᠢᠨ 11 ᠤ ᠡᠳᠦᠷ᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ | 11 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 11 ᠤ ᠴᠠᠬᠢᠯᠭᠠᠨ ᠮᠡᠳᠡᠭᠡ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠠᠩᠬᠢ 11 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠨᠠᠮ ᠤᠨ ᠲᠥᠪ ᠬᠤᠷᠢᠶ᠎ᠠ | ᠡᠨᠡ ᠤᠳᠠᠭ᠎ᠠ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢ ᠡᠷᠬᠢᠯᠡᠭᠰᠡᠨ ᠤ ᠵᠣᠷᠢᠯᠭ᠎ᠠ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠰᠢᠢᠳᠪᠦᠷᠢ ᠶᠢ ᠭᠦᠨᠵᠡᠭᠡᠢ ᠰᠤᠳᠤᠯᠤᠨ ᠤᠩᠰᠢᠬᠤ ᠪᠠ ᠣᠶᠢᠯᠠᠭᠠᠵᠥ᠂ ᠨᠠᠮ ᠤᠨ ᠲᠡᠦᠬᠡ ᠶᠢᠨ ᠳ᠋ᠦᠩᠨᠡᠯᠳᠡ᠂ | ᠰᠤᠷᠤᠯᠴᠠᠯᠭ᠎ᠠ᠂ ᠬᠦᠮᠦᠵᠢᠯ᠂ ᠤᠬᠠᠭᠤᠯᠭ᠎ᠠ ᠶᠢ ᠦᠷᠬᠦᠯᠵᠢᠯᠡᠨ ᠭᠦᠨᠵᠡᠭᠡᠶᠢᠷᠡᠭᠦᠯᠵᠥ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ | ᠰᠠᠶᠢᠲᠤᠷ ᠡᠵᠡᠮᠰᠢᠨ ᠬᠡᠷᠡᠭᠯᠡᠵᠥ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠥ᠂ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠤᠨ᠂ ᠪᠦᠯᠬᠦᠮᠳᠡᠯ | ᠨᠢᠭᠡᠳᠦᠯ ᠢ ᠴᠢᠩᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠳᠠᠶᠢᠴᠢᠯᠠᠵᠥ ᠪᠠᠶᠢᠭᠠᠳ ᠢᠲᠡᠭᠡᠯ ᠵᠣᠷᠢᠭ ᠢ ᠨᠢ ᠪᠠᠲᠤᠳᠬᠠᠨ᠂ ᠡᠷᠡᠯᠬᠡᠭ ᠢᠶᠠᠷ ᠤᠷᠤᠭᠰᠢᠯᠠᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠶᠢᠨ ᠳᠦᠯᠦᠬᠡ ᠶᠤᠮ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠺᠧ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠵᠦ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠵᠠᠨ ᠱᠸ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ | ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ | ᠰᠢ ᠶᠢᠨ ᠫᠢᠩ ᠶᠠᠷᠢᠶᠠᠨ ᠳᠠᠭᠠᠨ᠂ ᠨᠢᠭᠡ ᠦᠨᠳᠦᠰᠦᠲᠡᠨ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ ᠭᠡᠪᠡᠯ ᠴᠠᠭ ᠢᠮᠠᠭᠲᠠ ᠤᠨᠤᠯ ᠤᠨ ᠰᠡᠳᠭᠢᠬᠦᠢ | ᠦᠬᠡᠢ ᠪᠠᠶᠢᠵᠤ ᠪᠤᠯᠬᠤ ᠦᠬᠡᠢ᠂ ᠴᠠᠭ ᠢᠮᠠᠭᠲᠠ ᠵᠥᠪ ᠦᠵᠡᠯ ᠰᠠᠨᠠᠭᠠᠨ ᠤ ᠵᠢᠯᠤᠭᠤᠳᠤᠯᠭ᠎ᠠ ᠦᠬᠡᠢ ᠪᠠᠶᠢᠵᠥ ᠪᠤᠯᠬᠤ ᠦᠬᠡᠢ᠃ ᠳᠤᠮᠳᠠᠳᠤ ᠤᠯᠤᠰ ᠤᠨ ᠡᠪ | ᠬᠠᠮᠲᠤ ᠨᠠᠮ ᠶᠠᠭᠠᠬᠢᠭᠠᠳ ᠪᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠨᠢ ᠡᠴᠦᠰ ᠤᠨ ᠡᠴᠦᠰ ᠲᠡᠭᠡᠨ | ᠮᠠᠷᠺᠰ ᠤᠨ ᠦᠵᠡᠯ ᠰᠠᠶᠢᠨ ᠪᠠᠶᠢᠳᠠᠭ ᠠᠴᠠ ᠪᠣᠯᠤᠭᠰᠠᠨ ᠶᠤᠮ᠃ ᠮᠠᠷᠺᠰ ᠤᠨ ᠦᠵᠡᠯ ᠰᠠᠶᠢᠨ ᠪᠠᠶᠢᠬᠤ ᠶᠢᠨ ᠰᠢᠯᠲᠠᠭᠠᠨ ᠨᠢ ᠨᠠᠮ ᠠᠴᠠ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠶᠢᠨ ᠬᠠᠮᠲᠤ ᠲᠡᠭᠦᠨ ᠢᠶᠠᠷ ᠦᠢᠯᠡᠳᠦᠯᠭᠡ ᠶᠢ ᠵᠢᠯᠣᠭᠤᠳᠤᠭᠰᠠᠨ ᠳᠤ ᠪᠤᠢ᠃ ᠡᠨᠡ | ᠤᠳᠠᠭ᠎ᠠ ᠶᠢᠨ ᠪᠥᠬᠦᠳᠡ ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ ᠨᠠᠮ ᠠᠴᠠ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠥᠬᠡᠶ ᠠᠬᠢᠭᠤᠯᠤᠬᠰᠠᠨ ᠲᠤᠬᠠᠢ ᠪᠥᠬᠦ ᠲᠠᠯ᠎ᠠ ᠶᠢᠨ ᠳ᠋ᠦᠩᠨᠡᠯᠲᠡ ᠬᠢᠵᠡᠶ᠃ ᠵᠠᠭᠤᠨ ᠵᠢᠯ ᠤᠨ ᠲᠡᠮᠡᠴᠡᠯ ᠤᠨ | ᠶᠠᠪᠤᠴᠠ ᠳᠤᠮᠳᠠᠬᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ ᠵᠠᠳᠠᠯᠤᠨ ᠰᠤᠳᠤᠯᠵᠤ ᠳ᠋ᠦᠩᠨᠡᠬᠦ ᠶᠢ ᠴᠢᠬᠤᠯᠠᠴᠢᠯᠠᠬᠰᠠᠨ ᠨᠢ ᠪᠥᠬᠦᠳᠡ | ᠬᠤᠷᠠᠯ ᠤᠨ ᠰᠢᠶᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠡᠷᠬᠡᠪᠰᠢ ᠭᠦᠨᠵᠡᠭᠡᠶ ᠰᠤᠷᠤᠯᠴᠠᠵᠤ᠂ ᠪᠥᠬᠦ ᠲᠠᠯ᠎ᠠ ᠪᠠᠷ | ᠣᠶᠢᠯᠠᠭᠠᠬᠤ ᠬᠡᠷᠡᠭᠲᠡᠶ᠃ ᠮᠠᠷᠺᠰ ᠤᠨ ᠦᠵᠡᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠲᠠᠪᠰᠢᠯᠳᠠ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ | ᠡᠨᠡ ᠪᠣᠯ ᠪᠢᠳᠡᠨ ᠤ ᠶᠢᠷᠲᠢᠨᠴᠦ ᠶᠢ ᠲᠠᠨᠢᠬᠤ᠂ ᠵᠢᠮ᠎ᠡ ᠶᠣᠰᠣ ᠶᠢ ᠡᠵᠡᠮᠳᠡᠬᠦ᠂ ᠦᠨᠡᠨ ᠶᠣᠰᠣ ᠶᠢ ᠬᠥᠭᠡᠭᠡᠴᠡᠯᠳᠦᠬᠦ᠂ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ | ᠦᠵᠡᠯ ᠰᠠᠨᠠᠭᠠᠨ ᠤ ᠵᠡᠪᠰᠡᠭ ᠮᠥᠨ᠃ ᠡᠭᠦᠨ ᠤ ᠬᠠᠮᠲᠤ᠂ ᠮᠠᠷᠺᠰ ᠤᠨ ᠦᠵᠡᠯ ᠤᠨ ᠤᠨᠤᠯ ᠪᠣᠯ ᠨᠣᠮᠯᠠᠯ ᠪᠢᠰᠢ᠂ ᠬᠠᠷᠢᠨ ᠠᠵᠢᠯᠯᠠᠭᠠᠨ ᠤ ᠵᠦᠭᠯᠡᠭᠦᠷ ᠮᠥᠨ᠂ | ᠡᠷᠬᠡᠪᠰᠢ ᠦᠢᠯᠡᠳᠦᠯᠭᠡ ᠶᠢᠨ ᠬᠤᠪᠢᠷᠠᠯᠲᠠ ᠶᠢ ᠲᠠᠭᠠᠯᠳᠤᠨ ᠬᠥᠭᠵᠢᠬᠦ ᠬᠡᠷᠡᠭᠲᠡᠢ᠃ ᠮᠠᠷᠺᠰ ᠤᠨ ᠦᠵᠡᠯ ᠦᠢᠯᠡᠳᠦᠯᠭᠡ ᠶᠢᠨ ᠳᠤᠮᠳᠠ ᠦᠢᠯᠡᠳᠦᠯ ᠢᠶᠠᠨ ᠪᠠᠳᠠᠷᠠᠭᠤᠯᠵᠤ | ᠴᠢᠳᠠᠬᠤ ᠡᠰᠡᠬᠦ ᠶᠢᠨ ᠵᠠᠩᠭᠢᠯᠠᠭ᠎ᠠ ᠨᠢ ᠮᠠᠷᠺᠰ ᠤᠨ ᠦᠵᠡᠯ ᠤᠨ ᠦᠨᠳᠤᠰᠤᠨ ᠤᠬ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ ᠦᠶ᠎ᠡ ᠶᠢᠨ | ᠣᠨᠴᠠᠯᠢᠭ ᠲᠠᠢ ᠤᠶᠠᠯᠳᠤᠭᠤᠯᠵᠤ ᠴᠢᠳᠠᠬᠤ ᠡᠰᠡᠬᠦ ᠳᠤ ᠪᠤᠢ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠷᠲᠢᠨᠴᠦ ᠪᠣᠯᠤᠨ ᠳᠤᠮᠳᠠᠳᠤ ᠤᠯᠤᠰ ᠲᠤ᠂ ᠬᠡᠷᠪᠡ | ᠬᠠᠭᠤᠴᠢᠨ ᠢᠶᠠᠨ ᠦᠬᠦᠨ ᠪᠠᠷᠢᠮᠲᠠᠯᠠᠵᠤ᠂ ᠦᠵᠡᠯ ᠰᠠᠨᠠᠭ᠎ᠠ ᠨᠢ ᠬᠥᠰᠢᠭᠦᠷᠡᠵᠦ᠂ ᠤᠨᠤᠯ ᠤᠨ ᠰᠢᠨ᠎ᠡ ᠶᠢ ᠡᠭᠦᠳᠬᠦ ᠰᠥᠰᠥ ᠵᠣᠷᠢᠭ ᠦᠭᠡᠢ᠂ ᠳᠤᠮᠳᠠᠳᠤ ᠤᠯᠤᠰ ᠤᠨ | ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ | ᠥᠭᠴᠦ ᠳᠡᠶᠢᠯᠬᠦ ᠦᠭᠡᠢ ᠪᠣᠯ᠂ ᠨᠠᠮ ᠪᠣᠯᠤᠨ ᠤᠯᠤᠰ ᠤᠨ ᠠᠵᠢᠯ ᠦᠢᠯᠡᠰ ᠦᠷᠭᠦᠯᠵᠢᠯᠡᠨ ᠤᠷᠤᠭᠰᠢᠯᠠᠬᠤ ᠶᠢᠨ ᠠᠷᠭ᠎ᠠ ᠦᠭᠡᠢ ᠪᠣᠯᠬᠤ ᠪᠠᠷ ᠪᠠᠷᠠᠬᠤ ᠦᠭᠡᠢ | ᠮᠠᠷᠺᠰ ᠤᠨ ᠦᠵᠡᠯ ᠴᠦ ᠠᠮᠢᠵᠢᠷᠠᠯ ᠤᠨ ᠬᠦᠴᠦᠨ᠂ ᠢᠲᠡᠭᠡᠭᠦᠯᠬᠦ ᠬᠦᠴᠦᠨ ᠢᠶᠠᠨ ᠠᠯᠳᠠᠬᠤ ᠪᠣᠯᠤᠨ᠎ᠠ᠃ ᠤᠳᠤ ᠦᠶ᠎ᠡ ᠶᠢᠨ ᠳᠤᠮᠳᠠᠳᠤ ᠤᠯᠤᠰ ᠶᠠᠭ ᠬᠥᠮᠦᠨ | ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠠᠤᠭ᠎ᠠ ᠶᠡᠭᠡ ᠪᠥᠭᠡᠳ ᠥᠪᠡᠷᠮᠢᠴᠡ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠦᠡᠭᠭᠡᠷᠡᠬᠦᠯᠵᠤ ᠪᠠᠶᠢᠨ᠎ᠠ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠬᠦᠨᠳᠦ᠂ ᠵᠥᠷᠢᠴᠡᠯ ᠲᠦᠭᠰᠢᠭᠦᠷᠢ ᠥᠷᠢᠰᠥᠯᠳᠦᠭᠡᠨ ᠤ ᠤᠯᠠᠨ᠂ ᠲᠦᠷᠦ ᠶᠢ ᠵᠠᠰᠠᠵᠤ ᠵᠠᠰᠠᠭ ᠢ | ᠡᠷᠬᠢᠯᠡᠬᠦ ᠰᠢᠯᠭᠠᠯᠲᠠ ᠶᠢᠨ ᠤᠯᠠᠨ ᠪᠠᠶᠢᠭ᠎ᠠ ᠨᠢ ᠤᠷᠢᠳ ᠡᠮᠦᠨ᠎ᠡ ᠪᠠᠶᠢᠭ᠎ᠠ ᠦᠭᠡᠢ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠭᠦᠨᠵᠡᠭᠡᠢ ᠬᠤᠪᠢᠷᠠᠯᠲᠠ ᠤᠷᠢᠳ ᠡᠮᠤᠨ᠎ᠠ ᠪᠠᠶᠢᠭ᠎ᠠ ᠦᠭᠡᠢ᠂ ᠬᠠᠷᠢᠭᠤᠯᠲᠠ ᠥᠭᠬᠦ ᠴᠢᠬᠤᠯᠠᠲᠠᠢ ᠶᠡᠭᠡ ᠬᠡᠮᠵᠢᠶᠡᠨ ᠤ ᠤᠨᠤᠯ ᠤᠨ ᠪᠠ | ᠦᠢᠯᠡᠳᠦᠯᠭᠡ ᠶᠢᠨ ᠰᠡᠳᠦᠪ ᠢ ᠳᠤᠷᠠᠳᠴᠠᠢ᠃ ᠪᠢᠳᠡ ᠴᠠᠭ ᠦᠶ᠎ᠡ ᠶᠢᠨ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠬᠥᠮᠦᠨ ᠲᠥᠷᠥᠯᠬᠢᠲᠡᠨ ᠤ | ᠬᠥᠭᠵᠢᠯᠲᠡ ᠶᠢᠨ ᠡᠮᠦᠨ᠎ᠡ ᠡᠩᠨᠡᠭᠡᠨ ᠳᠤ ᠵᠣᠷᠢᠭᠲᠠᠢ ᠵᠣᠭᠰᠣᠵᠤ᠂ ᠠᠷᠠᠳ ᠲᠦᠮᠡᠨ ᠤ ᠰᠡᠳᠭᠢᠯ ᠤᠨ ᠲᠠᠭᠤᠨ ᠢ ᠰᠣᠨᠣᠰᠴᠤ᠂ ᠪᠣᠳᠠᠲᠤ ᠬᠡᠷᠡᠭᠴᠡᠭᠡ ᠳᠤ | ᠬᠠᠷᠢᠭᠤᠯᠲᠠ ᠥᠭᠴᠦ᠂ ᠦᠵᠡᠯ ᠰᠠᠨᠠᠭ᠎ᠠ ᠪᠠᠨ ᠴᠢᠯᠥᠭᠡᠯᠡᠵᠤ᠂ ᠦᠨᠡᠨ ᠠᠴᠠ ᠵᠥᠪ ᠢ ᠡᠷᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ | ᠂ ᠮᠠᠷᠺᠰ ᠤᠨ ᠦᠵᠡᠯ ᠢ ᠪᠠᠷᠢᠮᠲᠠᠯᠠᠬᠤ ᠪᠠ ᠮᠠᠷᠺᠰ ᠤᠨ ᠦᠵᠡᠯ ᠢ ᠬᠥᠭᠵᠢᠭᠦᠯᠬᠦ ᠶᠢ ᠨᠡᠩ ᠰᠠᠶᠢᠲᠤᠷ ᠨᠢᠭᠡᠳᠭᠡᠵᠦ᠂ ᠮᠠᠷᠺᠰ ᠤᠨ ᠦᠵᠡᠯ ᠤᠨ ︽ᠰᠤᠮᠤ︾ ᠪᠠᠷ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ︽ᠫᠠᠢ︾ ᠶᠢ ᠬᠠᠷᠪᠤᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ | ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠦᠷᠭᠦᠯᠵᠢᠯᠡᠨ ᠠᠬᠢᠭᠤᠯᠵᠤ᠂ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠪᠣᠯᠤᠨ ᠠᠷᠠᠳ ᠲᠦᠮᠡᠨ ᠤ ᠦᠢᠯᠡᠰ ᠵᠥᠪ ᠴᠢᠭᠯᠡᠯ ᠢᠶᠠᠷ ᠤᠷᠤᠭᠰᠢᠯᠠᠵᠤ ᠴᠢᠳᠠᠬᠤ ᠡᠰᠡᠬᠦ ᠨᠢ ᠪᠢᠳᠡᠨ ᠤ ᠨᠡᠶᠢᠭᠡᠮ ᠤᠨ ᠭᠤᠣᠯ | ᠵᠥᠷᠢᠴᠡᠯ ᠢ ᠣᠨᠣᠪᠴᠢᠲᠠᠢ ᠲᠠᠨᠢᠨ ᠡᠵᠡᠮᠳᠡᠵᠦ᠂ ᠭᠤᠣᠯ ᠡᠭᠦᠷᠭᠡ ᠶᠢ ᠲᠣᠭᠲᠠᠭᠠᠵᠤ ᠴᠢᠳᠠᠬᠤ ᠡᠰᠡᠬᠦ ᠪᠠᠷ ᠲᠤᠬᠳᠠᠭᠠᠭᠳᠠᠨᠡ᠃ ᠨᠡᠶᠢᠭᠡᠮ ᠤᠨ ᠭᠤᠣᠯ ᠵᠥᠷᠢᠴᠡᠯ ᠪᠠ | ᠭᠤᠣᠯ ᠡᠭᠦᠷᠭᠡ ᠶᠢ ᠣᠨᠣᠪᠴᠢᠲᠠᠢ ᠮᠠᠭᠠᠳᠯᠠᠪᠠᠯ ᠨᠠᠮ ᠪᠠ ᠠᠷᠠᠳ ᠲᠦᠮᠡᠨ ᠤ ᠦᠢᠯᠡᠰ ᠳᠠᠷᠤᠢ ᠤᠷᠤᠭᠰᠢᠲᠠᠢ ᠬᠥᠭᠵᠢᠵᠦ ᠴᠢᠳᠠᠨ᠎ᠠ᠂ ᠡᠰᠡ ᠲᠡᠭᠡᠪᠡᠯ ᠨᠠᠮ ᠪᠠ | ᠠᠷᠠᠳ ᠲᠦᠮᠡᠨ ᠤ ᠦᠢᠯᠡᠰ ᠳᠠᠷᠤᠢ ᠨᠤᠭᠤᠷᠠᠯ ᠪᠦᠳᠦᠷᠢᠯ ᠳᠤ ᠤᠴᠠᠷᠠᠬᠤ ᠪᠣᠯᠤᠨ᠎ᠠ ᠭᠡᠳᠡᠭ ᠢ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠢᠳᠡᠨ ᠳᠤ | ᠬᠡᠯᠡᠵᠦ ᠥᠭᠪᠠ᠃ ᠡᠨᠡ ᠤᠳᠠᠭ᠎ᠠ ᠶᠢᠨ ᠪᠦᠬᠦᠳᠡ ᠬᠤᠷᠠᠯ ᠤᠨ ᠰᠢᠢᠳᠪᠦᠷᠢ ᠳᠤ ᠨᠠᠮ ᠠᠴᠠ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ ᠴᠢᠳᠠᠮᠠᠭᠠᠢ | ᠠᠳᠬᠤᠵᠤ ᠪᠦᠬᠦ ᠲᠠᠯ᠎ᠠ ᠶᠢ ᠳᠠᠶᠢᠴᠢᠯᠠᠬᠰᠠᠨ ᠲᠠᠯ᠎ᠡ ᠪᠠᠷ ᠪᠦᠬᠦ ᠲᠠᠯ᠎ᠠ ᠶᠢᠨ ᠵᠠᠳᠠᠯᠤᠯᠲᠠ ᠬᠢᠪᠡ᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠠᠬᠢ | ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢᠨ ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ | ᠪᠦᠭᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠵᠠᠪᠠᠯ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ | ᠣᠶᠢᠯᠠᠭᠠᠬᠤ ᠬᠡᠷᠡᠭᠲᠡᠢ᠃ ᠨᠠᠷᠢᠨ ᠪᠤᠳᠤᠯᠢᠶᠠᠨᠲᠠᠢ ᠪᠠᠶᠢᠳᠠᠯ᠂ ᠨᠠᠷᠢᠨ ᠪᠤᠳᠤᠯᠢᠶᠠᠨᠲᠠᠢ ᠵᠥᠷᠢᠴᠡᠯ᠂ ᠨᠦᠰᠡᠷ ᠬᠦᠨᠳᠦ ᠡᠭᠦᠷᠭᠡ ᠶᠢᠨ ᠡᠮᠦᠨ᠎ᠡ᠂ ᠭᠤᠣᠯ ᠳᠡᠳ᠋ ᠭᠡᠵᠦ | ᠪᠠᠶᠢᠬᠤ ᠦᠭᠡᠢ᠂ ᠢᠯᠭᠠᠭ᠎ᠠ ᠦᠭᠡᠢ᠂ ᠰᠠᠶᠢᠨ ᠮᠠᠭᠤ ᠬᠡᠵᠦ ᠢᠯᠭᠠᠯ ᠦᠬᠡᠢ ᠨᠢᠬᠡᠯᠡ ᠠᠳᠬᠤᠪᠠᠯ ᠠᠵᠢᠯ ᠢᠶᠠᠨ ᠰᠠᠶᠢᠳᠤᠷ ᠬᠢᠵᠦ ᠴᠢᠳᠠᠬᠤ ᠦᠭᠡᠢ ᠶᠤᠮ᠃ ᠪᠢᠳᠡ | ᠪᠦᠬᠦ ᠲᠠᠯ᠎ᠠ ᠶᠢᠨ ᠦᠵᠡᠯᠲᠡ ᠲᠠᠢ ᠪᠠᠶᠢᠵᠤ᠂ ᠡᠯ᠎ᠡ ᠵᠦᠢᠯ ᠤᠨ ᠵᠥᠷᠢᠴᠡᠯ ᠤᠨ ᠲᠤᠬᠠᠢ ᠳᠤᠳᠤᠷ᠎ᠡ ᠪᠠᠨ ᠲᠤᠭ᠎ᠠ ᠲᠠᠢ ᠪᠠᠶᠢᠬᠤ ᠶᠢᠨ ᠬᠠᠮᠲᠤ ᠪᠠᠰᠠ ᠭᠤᠣᠯ ᠵᠥᠷᠢᠴᠡᠯ | ᠪᠠ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠭᠤᠣᠯ ᠵᠥᠷᠢᠴᠡᠯ ᠪᠠ ᠵᠥᠷᠢᠴᠡᠯ ᠤᠨ ᠭᠤᠤᠯ ᠲᠠᠯ᠎ᠠ ᠶᠢ ᠤᠷᠢᠳ ᠢᠶᠠᠷ ᠰᠢᠢᠳᠪᠦᠷᠢᠯᠡᠵᠦ᠂ ᠡᠭᠦᠨ ᠢᠶᠠᠷ | ᠪᠤᠰᠤᠳ ᠵᠥᠷᠢᠴᠡᠯ ᠢ ᠰᠢᠢᠳᠪᠦᠷᠢᠯᠡᠬᠦ ᠶᠢ ᠲᠠᠶᠢᠴᠢᠯᠠᠨ᠂ ᠪᠦᠬᠦᠯᠢ ᠴᠣᠭᠴᠠ ᠪᠠᠷ ᠨᠢ ᠠᠬᠢᠭᠤᠯᠬᠤ ᠳᠤᠮᠳᠠ ᠭᠤᠣᠯᠳᠠᠯᠭ᠎ᠠ ᠲᠠᠢ ᠰᠢᠪᠲᠤᠯᠤᠯᠲᠠ ᠶᠢ ᠪᠡᠶᠡᠯᠡᠭᠦᠯᠵᠦ᠂ | ᠭᠤᠣᠯᠳᠠᠯᠭ᠎ᠠ ᠲᠠᠢ ᠰᠢᠪᠲᠤᠯᠤᠯᠲᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠤ ᠪᠦᠬᠦᠯᠢ ᠴᠣᠭᠴᠠ ᠶᠢᠨ ᠦᠰᠦᠷᠦᠯᠲᠡ ᠶᠢ ᠲᠠᠶᠢᠴᠢᠯᠠᠨ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠲᠡᠶᠢᠰᠢ ᠲᠠᠰᠤᠷᠠᠯᠳᠠ ᠦᠭᠡᠢ | ᠤᠷᠤᠭᠰᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠪᠣᠯ ᠨᠢᠭᠡ ᠲᠦᠷᠦ ᠶᠢᠨ ᠨᠠᠮ᠂ ᠨᠢᠭᠡ ᠤᠯᠤᠰ ᠤᠨ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠃ | ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠣᠨᠣᠪᠴᠢᠲᠠᠢ ᠮᠠᠭᠠᠳᠯᠠᠵᠤ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠠᠨᠠᠭᠠᠴᠢᠯᠠᠭᠠᠲᠤ ᠪᠠᠶᠢᠷᠢ ᠶᠢ ᠣᠯᠪᠠᠯ ᠨᠠᠮ ᠪᠠ ᠠᠷᠠᠳ ᠲᠦᠮᠡᠨ ᠤ ᠦᠢᠯᠡᠰ ᠳᠠᠷᠤᠢ ᠮᠠᠰᠢ ᠶᠡᠭᠡ ᠬᠦᠰᠡᠯ ᠡᠷᠡᠮᠡᠯᠵᠡᠯ ᠲᠠᠢ | ᠪᠣᠯᠬᠤ ᠶᠤᠮ᠃ ᠵᠠᠭᠤᠨ ᠵᠢᠯ ᠤᠨ ᠲᠤᠷᠰᠢ᠂ ᠨᠠᠮ ᠶᠡᠷᠦ ᠨᠢ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠡᠦᠬᠡᠨ | ᠠᠰᠠᠭᠤᠳᠠᠯ ᠢ ᠪᠠᠶᠢᠯᠳᠤᠬᠤ ᠪᠤᠳᠤᠯᠭ᠎ᠠ ᠶᠢᠨ ᠲᠠᠯ᠎ᠠ ᠠᠴᠠ ᠲᠠᠨᠢᠵᠤ᠂ ᠵᠠᠳᠠᠯᠵᠦ᠂ ᠮᠠᠭᠠᠳᠯᠠᠵᠤ᠂ ᠵᠥᠪ ᠣᠨᠣᠪᠴᠢᠲᠠᠢ ᠤᠯᠤᠰ ᠲᠦᠷᠦ ᠶᠢᠨ ᠪᠠᠶᠢᠯᠳᠤᠬᠤ | ᠪᠤᠳᠤᠯᠭ᠎ᠠ ᠶᠢᠨ ᠠᠷᠭ᠎ᠠ ᠪᠤᠳᠤᠯᠭ᠎ᠠ ᠶᠢ ᠲᠣᠭᠲᠠᠭᠠᠵᠤ ᠴᠢᠳᠠᠳᠠᠭ᠂ ᠡᠨᠡ ᠪᠣᠯ ᠨᠠᠮ ᠤᠨ ᠲᠤᠭ᠎ᠠ ᠲᠣᠮᠰᠢ ᠦᠭᠡᠢ ᠤᠯᠠᠨ ᠠᠶᠤᠯ ᠲᠦᠭᠰᠢᠭᠦᠷᠢ ᠥᠷᠢᠰᠥᠯᠳᠦᠭᠡᠨ ᠢ | ᠢᠯᠠᠨ ᠳᠠᠪᠠᠵᠤ᠂ ᠢᠯᠠᠯᠲᠠ ᠠᠴᠠ ᠢᠯᠠᠯᠲᠠ ᠲᠠᠶᠢᠰᠢ ᠲᠠᠰᠤᠷᠠᠯᠳᠠ ᠦᠭᠡᠢ ᠤᠷᠤᠭᠰᠢᠯᠠᠬᠰᠠᠨ ᠤ ᠬᠦᠴᠦᠲᠡᠢ ᠪᠠᠲᠤᠯᠠᠭ᠎ᠠ ᠮᠥᠨ᠃ ᠡᠨᠡ ᠤᠳᠠᠭ᠎ᠠ ᠶᠢᠨ ᠪᠥᠬᠦᠳᠡ | ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ ᠨᠠᠮ ᠠᠴᠠ ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢᠨ ᠠᠰᠠᠭᠤᠳᠠᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢ ᠲᠠᠰᠤᠷᠠᠯᠲᠠ ᠥᠬᠡᠶ ᠳᠤᠷᠠᠳᠤᠨ ᠭᠠᠷᠭᠠᠬᠰᠠᠨ ᠢ | ᠪᠦᠬᠦ ᠲᠠᠯ᠎ᠠ ᠪᠠᠷ ᠳ᠋ᠦᠩᠨᠡᠪᠡ᠃ ᠵᠠᠭᠤᠨ ᠵᠢᠯ ᠤᠨ ᠲᠡᠮᠡᠴᠡᠯ ᠤᠨ ᠶᠠᠪᠤᠴᠠ ᠳᠤᠮᠳᠠᠬᠢ ᠪᠠᠶᠢᠯᠳᠤᠬᠤ ᠪᠤᠳᠤᠯᠭ᠎ᠠ ᠠᠷᠭ᠎ᠠ ᠪᠤᠳᠤᠯᠭ᠎ᠠ ᠶᠢᠨ ᠲᠤᠬᠠᠢ ᠨᠠᠮ ᠤᠨ ᠰᠤᠳᠤᠯᠭᠠᠨ | ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ ᠪᠦᠬᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ | ᠮᠥᠨ᠂ ᠪᠢᠳᠡ ᠵᠠᠪᠠᠯ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠪᠣᠯ ᠪᠦᠬᠦ ᠲᠠᠯ᠎ᠠ᠂ ᠠᠯᠤᠰ ᠬᠡᠳᠦ᠂ ᠶᠡᠭᠡ | ᠪᠠᠶᠢᠳᠠᠯ ᠤᠨ ᠲᠠᠯ᠎ᠠ ᠠᠴᠠ ᠮᠠᠭᠠᠳᠯᠠᠯᠲᠠ ᠪᠠ ᠰᠢᠢᠳᠪᠦᠷᠢᠲᠦ ᠪᠤᠳᠤᠯᠭ᠎ᠠ ᠭᠠᠷᠭᠠᠳᠠᠭ᠃ ᠪᠢᠳᠠ ᠪᠣᠯ ᠨᠢᠭᠡᠨ ᠲᠤᠮᠦ ᠨᠠᠮ ᠮᠥᠨ᠂ ᠨᠢᠭᠡᠨ ᠲᠤᠮᠦ ᠤᠯᠤᠰ ᠢ | ᠤᠳᠤᠷᠢᠳᠴᠤ᠂ ᠠᠭᠤᠤ ᠶᠡᠭᠡ ᠦᠢᠯᠡᠰ ᠢ ᠪᠦᠲᠦᠭᠡᠵᠦ ᠪᠠᠶᠢᠳᠠᠭ᠂ ᠪᠠᠶᠢᠯᠳᠤᠬᠤ ᠪᠤᠳᠦᠯᠭ᠎ᠠ ᠶᠢᠨ ᠰᠡᠳᠭᠢᠬᠦᠢ ᠲᠠᠢ ᠪᠠᠶᠢᠬᠤ ᠳᠠᠭᠠᠨ ᠴᠢᠳᠠᠮᠠᠭᠠᠢ᠂ ᠪᠠᠶᠢᠯᠳᠤᠬᠤ | ᠪᠤᠳᠦᠯᠭ᠎ᠠ ᠶᠢᠨ ᠲᠠᠯ᠎ᠠ ᠠᠴᠠ ᠠᠰᠠᠭᠤᠳᠠᠯ ᠢ ᠦᠵᠡᠵᠦ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠬᠤ ᠭᠡᠷᠡᠭᠲᠡᠢ᠃ ᠵᠥᠪ ᠪᠠᠶᠢᠯᠳᠤᠬᠤ ᠪᠣᠳᠣᠯᠭ᠎ᠠ ᠶᠢ | ᠵᠥᠪ ᠠᠷᠭ᠎ᠠ ᠪᠣᠳᠣᠯᠭ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠭ᠎ᠠ ᠪᠤᠳᠤᠯᠭ᠎ᠠ ᠪᠣᠯ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ ᠪᠠᠶᠢᠯᠳᠤᠬᠤ | ᠪᠤᠳᠤᠯᠭ᠎ᠠ ᠳᠤ ᠦᠢᠯᠡᠴᠢᠯᠡᠳᠡᠭ᠃ ᠪᠠᠶᠢᠯᠳᠤᠬᠤ ᠪᠤᠳᠤᠯᠭ᠎ᠠ ᠪᠠ ᠠᠷᠭ᠎ᠠ ᠪᠤᠳᠤᠯᠭ᠎ᠠ ᠪᠣᠯ ᠬᠤᠪᠢᠰᠤᠩᠭᠤᠢ ᠨᠢᠭᠡᠳᠦᠯ ᠤᠨ ᠬᠠᠷᠢᠴᠠᠭ᠎ᠠ ᠮᠥᠨ᠂ ᠪᠠᠶᠢᠯᠳᠤᠬᠤ | ᠪᠤᠳᠤᠯᠭ᠎ᠠ ᠶᠢᠨ ᠡᠷᠡᠰ ᠪᠠᠲᠤ ᠴᠢᠨᠠᠷ ᠪᠠ ᠠᠷᠭ᠎ᠠ ᠪᠤᠳᠤᠯᠭ᠎ᠠ ᠶᠢᠨ ᠠᠮᠢᠳᠤᠯᠢᠭ ᠴᠢᠨᠠᠷ ᠢ ᠤᠶᠠᠯᠳᠤᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠠᠵᠢᠯ ᠤᠨ ᠰᠡᠳᠭᠢᠴᠡ᠂ ᠠᠵᠢᠯ ᠤᠨ ᠪᠠᠶᠢᠷᠢᠯᠠᠭᠤᠯᠤᠯᠲᠠ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠳᠤ᠂ | ᠤᠬᠠᠮᠰᠠᠷ ᠠᠴᠠ ᠪᠠᠨ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠭᠡᠯᠪᠡᠶᠢᠬᠦᠦ ᠪᠠᠨ ᠴᠠᠭ | ᠲᠤᠬᠠᠢ ᠳᠤᠨᠢ ᠵᠠᠯᠠᠷᠠᠭᠤᠯᠵᠤ᠂ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠡᠷᠬᠡᠪᠰᠢ ᠨᠥᠬᠦᠴᠡᠯ | ᠦᠭᠡᠢ ᠪᠠᠷ ᠬᠡᠷᠡᠭᠵᠢᠭᠦᠯᠵᠦ᠂ ᠬᠡᠯᠪᠡᠶᠢᠬᠦ ᠦᠭᠡᠢ᠂ ᠬᠤᠪᠢᠷᠠᠬᠤ ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ | ᠃ | ᠰᠢ ᠶᠢᠨ ᠫᠢᠩ᠂ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠨᠠᠮ ᠠᠴᠠ ᠠᠷᠠᠳ ᠲᠦᠮᠡᠨ ᠢ ᠤᠳᠤᠷᠢᠳᠤᠨ ᠠᠯᠢ ᠤᠯᠠᠨ ᠠᠭᠤᠤ ᠶᠡᠭᠡ ᠠᠮᠵᠢᠯᠲᠠ | ᠪᠦᠲᠦᠮᠵᠢ ᠣᠯᠵᠤ᠂ ᠠᠯᠢ ᠤᠯᠠᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠳᠠᠪᠲᠠᠭᠳᠠᠨ ᠪᠣᠯᠪᠠᠰᠤᠷᠠᠭᠠᠳ ᠮᠥᠨ ᠬᠦ ᠴᠤᠭ ᠵᠢᠪᠬᠤᠭ᠎ᠠ | ᠪᠠᠳᠠᠷᠠᠩᠭᠤᠢ ᠪᠠᠶᠢᠳᠠᠭ᠂ ᠠᠷᠠᠳ ᠤᠯᠠᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠭᠰᠠᠨ ᠤ ᠰᠢᠯᠲᠠᠭᠠᠨ ᠭᠡᠪᠡᠯ᠂ ᠨᠠᠮ ᠠᠴᠠ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠣᠷᠣᠰᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠢᠮᠠᠭᠲᠠ ᠲᠡᠷᠢᠭᠦᠨ ᠤ | ᠴᠢᠨᠠᠷ ᠪᠠ ᠴᠡᠪᠡᠷ ᠴᠢᠨᠠᠷ ᠢᠶᠠᠨ ᠪᠠᠲᠤᠯᠠᠵᠤ᠂ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢᠶᠠᠨ ᠲᠠᠰᠤᠷᠠᠯᠳᠡ ᠦᠭᠡᠢ ᠴᠢᠩᠭᠠᠳᠬᠠᠵᠤ᠂ | ᠮᠠᠷᠺᠰ ᠤᠨ ᠦᠵᠡᠯ ᠤᠨ ᠲᠦᠷᠦ ᠶᠢᠨ ᠨᠠᠮ ᠤᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠭᠰᠠᠨ ᠳᠤ ᠪᠤᠢ᠃ ᠡᠨᠡ ᠤᠳᠠᠭ᠎ᠠ ᠶᠢᠨ ᠪᠥᠬᠦᠳᠡ ᠬᠤᠷᠠᠯ ᠤᠨ | ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ ᠨᠠᠮ ᠠᠴᠠ ᠨᠠᠮ ᠢ ᠬᠠᠮᠢᠶᠠᠷᠴᠤ ᠨᠠᠮ ᠢ ᠵᠠᠰᠠᠬᠤ᠂ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠲᠠᠰᠤᠷᠠᠯᠲᠠ ᠥᠬᠡᠶ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠳᠤ ᠪᠥᠬᠦ ᠲᠠᠯ᠎ᠠ ᠶᠢᠨ ᠳ᠋ᠦᠩᠨᠡᠯᠲᠡ ᠬᠢᠪᠠ᠃ ᠨᠠᠮ ᠤᠨ ᠵᠠᠭᠤᠨ ᠵᠢᠯ ᠤᠨ | ᠲᠡᠮᠡᠴᠡᠯ ᠤᠨ ᠲᠡᠤᠬᠡᠨ ᠶᠠᠪᠤᠴᠠ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ | ᠪᠦᠬᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠡᠷᠬᠡᠪᠰᠢ ᠭᠦᠨᠵᠡᠭᠡᠢ ᠰᠤᠷᠤᠯᠴᠠᠵᠤ᠂ ᠪᠦᠬᠦ | ᠲᠠᠯ᠎ᠠ ᠪᠠᠷ ᠣᠶᠢᠯᠠᠭᠠᠬᠤ ᠬᠡᠷᠡᠭᠲᠡᠢ᠃ ᠲᠡᠦᠬᠡᠨ ᠰᠢᠨ᠎ᠡ ᠨᠥᠬᠦᠴᠡᠯ ᠳᠣᠣᠷ᠎ᠠ᠂ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠤᠤᠷ ᠴᠢᠨᠠᠷ ᠢ ᠡᠭᠦᠷᠢᠳᠡ | ᠬᠠᠳᠠᠭᠠᠯᠠᠬᠤ ᠶᠢᠨ ᠵᠠᠩᠭᠢᠯᠠᠭ᠎ᠠ ᠨᠢ ᠮᠦᠨ ᠬᠦ ᠮᠠᠨ ᠤ ᠨᠠᠮ ᠤᠨ ᠥᠪᠡᠷ ᠤᠨ ᠪᠡᠶ᠎ᠡ ᠳᠡᠭᠡᠨ ᠲᠦᠰᠢᠭᠯᠡᠬᠦ ᠳᠤ ᠪᠠᠶᠢᠨ᠎ᠠ᠃ ᠬᠡᠨ ᠤ ᠲᠥᠯᠥᠭᠡ ᠲᠦᠷᠦ ᠪᠠᠷᠢᠬᠤ᠂ ᠬᠡᠨ ᠤ | ᠲᠥᠯᠥᠭᠡ ᠡᠷᠬᠡ ᠬᠡᠷᠡᠭᠯᠡᠬᠦ᠂ ᠬᠡᠨ ᠳᠤ ᠠᠰᠢᠭ ᠲᠤᠰᠠ ᠣᠯᠭᠤᠬᠤ ᠡᠨᠡ ᠬᠦ ᠦᠨᠳᠦᠰᠦᠨ ᠠᠰᠠᠭᠤᠳᠠᠯ ᠳᠡᠭᠡᠷ᠎ᠡ᠂ ᠪᠢᠳᠡ ᠲᠠᠷᠢᠬᠢ ᠲᠣᠯᠣᠭᠠᠢ ᠪᠠᠨ ᠣᠨᠴᠠᠭᠠᠢ ᠰᠡᠷᠭᠡᠭ | ᠪᠠᠶᠢᠯᠭᠠᠵᠤ᠂ ᠵᠣᠭᠰᠣᠯᠲᠠ ᠪᠠᠨ ᠣᠨᠴᠠᠭᠠᠢ ᠪᠠᠲᠤ ᠪᠣᠯᠭᠠᠬᠤ ᠬᠡᠷᠡᠭᠲᠡᠢ᠃ ᠪᠦᠬᠦ ᠨᠠᠮ ᠤᠨ ᠨᠥᠬᠦᠳ ᠴᠥᠮ ᠶᠡᠭᠡ ᠶᠤᠰᠤ ᠶᠢ ᠮᠡᠳᠡᠵᠦ᠂ ᠨᠡᠶᠢᠲᠡ ᠶᠢᠨ ᠶᠤᠰᠤ ᠶᠢ | ᠰᠠᠬᠢᠵᠤ᠂ ᠬᠤᠪᠢ ᠶᠢᠨ ᠶᠤᠰᠤ ᠶᠢ ᠴᠢᠩᠳᠠᠯᠠᠨ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠴᠡᠪᠡᠷ ᠴᠢᠬᠡᠴᠢ ᠪᠠᠷ ᠠᠵᠢᠯ ᠬᠢᠵᠦ᠂ ᠪᠡᠶ᠎ᠡ ᠪᠠᠨ ᠪᠠᠷᠢᠵᠤ ᠨᠡᠶᠢᠲᠡ ᠶᠢᠨ | ᠲᠥᠯᠥᠭᠡ ᠵᠢᠳᠬᠦᠨ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂ ᠲᠦᠪ ᠭᠤᠤᠯᠴᠢ ᠠᠷᠢᠭᠤᠨ ᠴᠢᠭᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ | ᠬᠠᠳᠠᠭᠠᠯᠠᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢᠨ ᠵᠠᠩᠭᠢᠯᠠᠭ᠎ᠠ ᠨᠢ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠠ ᠬᠢᠲᠤᠭᠠᠨ | ᠢᠷ ᠢᠶᠠᠨ ᠳᠣᠲᠣᠭᠰᠢ ᠬᠠᠨᠳᠤᠭᠤᠯᠬᠤ ᠰᠥᠰᠥ ᠵᠣᠷᠢᠭ ᠲᠠᠢ ᠪᠠᠶᠢᠬᠤ ᠬᠡᠷᠡᠭᠲᠡᠢ᠃ ᠤᠳᠤᠬᠠᠨ ᠳᠤ᠂ ᠢᠯᠵᠠᠷᠡᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ | ᠢᠯᠠᠯᠲᠠ ᠣᠯᠤᠭᠰᠠᠨ ᠪᠥᠭᠡᠳ ᠪᠦᠬᠦ ᠲᠠᠯ᠎ᠠ ᠪᠠᠷ ᠪᠠᠬᠢᠵᠢᠪᠡ᠂ ᠭᠡᠪᠡᠴᠦ ᠪᠦᠬᠦ ᠨᠠᠮ ᠤᠨ ᠨᠥᠬᠦᠳ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ | ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠪᠠᠶᠢᠬᠤ ᠤᠯᠤᠰ ᠲᠦᠷᠦ ᠶᠢᠨ ᠤᠬᠠᠮᠰᠠᠷ ᠢᠶᠠᠨ | ᠴᠢᠩᠭᠠᠳᠬᠠᠵᠤ᠂ ᠨᠢᠭᠡᠨᠳᠡ ᠴᠢᠩᠭ᠎ᠠ ᠬᠠᠲᠠᠭᠤ ᠪᠤᠯᠤᠭᠰᠠᠨ ᠭᠡᠬᠦ ᠬᠠᠯᠠᠰᠢᠷᠠᠬᠤ ᠰᠡᠳᠭᠢᠯᠭᠡ ᠡᠭᠦᠰᠴᠦ ᠶᠠᠭᠠᠬᠢᠭᠰᠠᠨ ᠴᠤ ᠪᠣᠯᠬᠤ ᠦᠭᠡᠢ᠃ ᠨᠠᠮ ᠤᠨ ᠰᠤᠷᠲᠠᠯ | ᠴᠢᠬᠡᠴᠢ ᠵᠠᠰᠠᠬ ᠤᠨ ᠪᠠᠶᠢᠭᠤᠯᠤᠯᠳᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠬᠡᠵᠢᠶᠡᠳᠡ ᠵᠤᠬᠰᠤᠰᠢ ᠦᠭᠡᠢ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ | ᠂ ᠲᠡᠮᠦᠷ ᠪᠠᠷᠢᠪᠠᠯ ᠤᠷᠤᠮ ᠲᠠᠢ᠂ ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ ᠪᠠᠶᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠨᠠᠮ ᠤᠨ ᠰᠤᠷᠲᠠᠯ ᠴᠢᠬᠡᠴᠢ | ᠵᠠᠰᠠᠬ ᠤᠨ ᠪᠠᠶᠢᠭᠤᠯᠤᠯᠳᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠨᠡ ᠬᠦ ᠪᠤᠭᠤᠮᠳᠠ ᠰᠢᠪᠳᠤᠯᠬᠤ ᠲᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠲᠠᠶᠢᠨ ᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠬᠡᠨ ᠬᠥᠮᠦᠨ ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠳᠠᠯ᠎ᠠ ᠪᠠᠷ ᠠᠰᠠᠭᠤᠳᠠᠯ ᠭᠠᠷᠭᠠᠭᠰᠠᠨ ᠴᠤ ᠨᠠᠮ ᠤᠨ | ᠰᠠᠬᠢᠯᠭ᠎ᠠ ᠤᠯᠤᠰ ᠤᠨ ᠬᠠᠤᠯᠢ ᠶᠠᠭᠠᠬᠢᠭᠰᠠᠨ ᠴᠤ ᠠᠭᠤᠴᠢᠯᠠᠬᠤ ᠦᠭᠡᠢ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠲᠡᠤᠬᠡᠨ ᠶᠠᠪᠤᠴᠠ ᠳᠤ ᠨᠠᠮ ᠠᠴᠠ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠬᠢᠬᠦ ᠶᠢ ᠴᠢᠬᠤᠯᠠᠴᠢᠯᠠᠬᠰᠠᠨ ᠲᠠᠯ᠎ᠡ ᠪᠠᠷ ᠪᠥᠬᠦ ᠲᠠᠯ᠎ᠠ ᠶᠢᠨ ᠳ᠋ᠦᠩᠨᠡᠯᠲᠡ ᠬᠢᠵᠦ᠂ ᠪᠥᠬᠦ ᠨᠠᠮ ᠢᠶᠠᠷ ᠢᠶᠠᠨ ᠪᠣᠳᠠᠰᠴᠢ | ᠲᠡᠦᠬᠡ ᠶᠢᠨ ᠦᠵᠡᠯᠲᠡ ᠪᠣᠯᠤᠨ ᠵᠥᠪ ᠣᠨᠣᠪᠴᠢᠲᠠᠶ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠳᠤᠮᠳᠠ ᠠᠴᠠ | ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠶ ᠲᠠᠨᠢᠵᠤ᠂ ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ | ᠠᠮᠵᠢᠯᠲᠠ ᠣᠯᠵᠤ ᠴᠢᠳᠠᠬᠤ ᠶᠢ ᠲᠣᠳᠣᠷᠬᠠᠶ ᠣᠶᠢᠯᠠᠭᠠᠬᠤ ᠶᠢᠨ ᠤᠯᠠᠮ ᠢᠶᠠᠷ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠡᠷᠡᠰ ᠪᠠᠲᠤ᠂ ᠨᠠᠩ | ᠤᠬᠠᠮᠰᠠᠷ ᠠᠴᠠ ᠪᠠᠨ ᠦᠶᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠠᠩ ᠰᠠᠶᠢᠲᠤᠷ ᠪᠠᠷᠢᠮᠲᠠᠯᠠᠨ | ᠬᠥᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠨᠡ ᠪᠣᠯ ᠵᠢᠷᠭᠤᠳᠤᠭᠠᠷ ᠪᠦᠬᠦᠳᠠ ᠬᠤᠷᠠᠯ ᠠᠴᠠ ᠳᠤᠷᠠᠳᠤᠨ ᠭᠠᠷᠭᠠᠭᠰᠠᠨ ᠴᠢᠬᠤᠯᠠ ᠤᠯᠤᠰ ᠲᠦᠷᠦ ᠶᠢᠨ | ᠡᠭᠦᠷᠭᠡ ᠮᠥᠨ᠂ ᠪᠢᠳᠠ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠭᠤᠷᠪᠠᠳᠡᠬᠢ ᠲᠡᠦᠬᠡ ᠶᠢᠨ ᠰᠢᠢᠳᠪᠦᠷᠢ ᠨᠢ | ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢᠨ ᠲᠤᠬᠠᠢ ᠰᠢᠨ᠎ᠡ ᠲᠠᠨᠢᠯᠲᠠ ᠶᠢ ᠢᠯᠡᠷᠡᠭᠦᠯᠪᠠ᠂ ᠡᠨᠡ ᠲᠠᠯ᠎ᠠ ᠪᠠᠷ ᠨᠡᠩ ᠭᠦᠨᠵᠡᠭᠡᠢ ᠰᠤᠷᠤᠯᠴᠠᠨ | ᠣᠶᠢᠯᠠᠭᠠᠵᠤ ᠭᠡᠷᠡᠭᠲᠡᠢ᠂ ᠡᠨᠡ ᠨᠢ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠨᠡᠩ ᠰᠠᠶᠢᠲᠤᠷ | ᠲᠠᠨᠢᠵᠤ ᠡᠵᠡᠮᠰᠢᠬᠦ ᠳᠤ ᠠᠰᠢᠭᠲᠠᠢ ᠶᠤᠮ᠃ ᠡᠨᠡ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ | ᠬᠢᠨᠠᠮᠠᠭᠠᠢ ᠳ᠋ᠦᠩᠨᠡᠵᠦ᠂ ᠪᠠᠶᠢᠩᠭᠤᠵᠢᠭᠰᠠᠠ ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ ᠲᠣᠭᠲᠠᠴᠠ ᠶᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠪᠦᠬᠦ ᠨᠠᠮ ᠢᠶᠠᠷ ᠢᠶᠠᠨ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ | ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠭᠦᠯᠭᠦ ᠶᠢ | ᠴᠢᠨᠠᠭᠰᠢᠳᠠ ᠪᠡᠶᠡᠯᠡᠭᠦᠯᠵᠦ᠂ ᠪᠦᠬᠦ ᠨᠠᠮ ᠤᠨ ᠨᠥᠬᠦᠳ ᠤᠨ ᠨᠠᠮ ᠤᠨ ᠲᠡᠦᠬᠡ ᠶᠢ ᠰᠤᠷᠤᠯᠴᠠᠵᠦ᠂ ᠦᠵᠡᠯ ᠰᠠᠨᠠᠭ᠎ᠠ ᠪᠠᠨ ᠰᠡᠩᠭᠡᠷᠡᠬᠦᠯᠵᠤ᠂ ᠪᠣᠳᠠᠲᠠᠢ ᠶᠠᠪᠤᠳᠠᠯ ᠬᠢᠵᠦ | ᠂ ᠰᠢᠨ᠎ᠡ ᠪᠠᠶᠢᠳᠠᠯ ᠢ ᠡᠭᠦᠳᠴᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠨᠡᠩ ᠰᠠᠶᠢᠨ ᠵᠡᠪᠰᠡᠭᠯᠡᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠦᠮᠦᠵᠢᠬᠦᠯᠦᠨ ᠵᠢᠯᠤᠭᠤᠳᠬᠤ ᠬᠡᠷᠡᠭᠲᠡᠢ᠃ ᠪᠥᠬᠦᠳᠡ | ᠬᠤᠷᠠᠯ ᠤᠨ ᠰᠢᠶᠳᠪᠦᠷᠢ ᠶᠢ ᠲᠡᠷᠡ ᠬᠡᠪ ᠢᠶᠠᠷ ᠨᠢ ᠰᠤᠷᠤᠯᠴᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠰᠤᠷᠤᠯᠴᠠᠨ | ᠣᠶᠢᠯᠠᠭᠠᠵᠤ ᠲᠤᠭᠤᠷᠠᠳᠠᠯ᠎ᠡ ᠮᠡᠳᠡᠵᠤ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ ᠪᠠᠷᠢᠮᠲᠠᠯᠠᠯ ᠲᠡᠮᠡᠴᠡᠯ ᠢ ᠰᠤᠷᠤᠯᠴᠠᠨ ᠣᠶᠢᠯᠠᠭᠠᠵᠤ | ᠲᠤᠭᠤᠷᠠᠳᠠᠯ᠎ᠡ ᠮᠡᠳᠡᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠪᠠ ᠲᠡᠦᠬᠡᠨ ᠲᠤᠷᠰᠢᠯᠭ᠎ᠠ ᠶᠢ ᠰᠤᠷᠤᠯᠴᠠᠨ ᠣᠶᠢᠯᠠᠭᠠᠵᠤ | ᠲᠤᠭᠤᠷᠠᠳᠠᠯ᠎ᠡ ᠮᠡᠳᠡᠵᠤ᠂ ᠲᠡᠦᠬᠡ ᠪᠠᠷ ᠲᠣᠯᠢ ᠪᠣᠯᠭᠠᠵᠤ ᠢᠷᠡᠭᠡᠳᠦᠶ ᠶᠢ ᠨᠡᠭᠡᠭᠡᠬᠦ ᠴᠢᠬᠤᠯᠠ ᠱᠠᠭᠠᠷᠳᠠᠯᠭ᠎ᠠ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠬᠦ | ᠬᠡᠷᠡᠭᠲᠡᠶ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠦᠷᠢᠮ ᠢ ᠰᠠᠶᠢᠲᠤᠷ ᠬᠡᠷᠡᠭᠯᠡᠵᠦ | ᠂ ᠤᠳᠤᠷᠢᠳᠬᠤ ᠪᠠᠭ᠂ ᠤᠳᠤᠷᠢᠳᠬᠤ ᠺᠠᠳ᠋ᠷ ᠲᠦᠷᠦᠭᠦᠯᠡᠨ ᠨᠠᠮ ᠤᠨ ᠲᠡᠦᠬᠡ ᠶᠢ ᠰᠤᠷᠤᠯᠴᠠᠬᠤ᠂ ᠦᠷᠭᠦᠯᠵᠢ ᠨᠠᠮ ᠤᠨ ᠲᠡᠦᠬᠡ ᠶᠢ ᠰᠤᠷᠤᠯᠴᠠᠬᠤ ᠶᠢ ᠠᠬᠢᠭᠤᠯᠬᠤ | ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ ᠦᠷᠭᠦᠯᠵᠢᠯᠡᠨ ᠨᠠᠮ ᠤᠨ ᠰᠤᠷᠭᠠᠭᠤᠯᠢ ︵ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠣᠯᠭᠠᠬᠤ ᠬᠡᠷᠡᠭᠲᠡᠢ᠃ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠡᠨᠡ ᠬᠦ ᠠᠷᠭ᠎ᠠ ᠵᠠᠮ ᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ ᠵᠢᠭᠠᠬᠤ ᠮᠠᠲ᠋ᠧᠷᠢᠶᠠᠯ | ᠂ ᠬᠢᠴᠢᠶᠡᠯ ᠤᠨ ᠲᠠᠩᠬᠢᠮ ᠳᠤ ᠤᠷᠤᠭᠤᠯᠵᠤ᠂ ᠲᠠᠷᠢᠬᠢ ᠲᠣᠯᠣᠭᠠᠢ ᠳᠠᠭᠠᠨ ᠬᠠᠲᠠᠩᠰᠢᠭᠤᠯᠬᠤ ᠶᠢ ᠠᠬᠢᠭᠤᠯᠵᠤ᠂ ᠨᠠᠮ ᠤᠨ ᠲᠡᠦᠬᠡ ᠪᠠᠷ ᠶᠣᠰᠣ ᠰᠤᠷᠲᠠᠬᠤᠨ ᠢᠶᠠᠷ | ᠬᠥᠮᠦᠨ ᠢ ᠬᠥᠮᠦᠵᠢᠭᠦᠯᠬᠦ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ | ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ | ᠰᠤᠷᠲᠠᠬᠤᠨ ᠤ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠪᠠᠶᠢᠭᠠᠳ ᠨᠡᠩ ᠰᠠᠶᠢᠠ ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠬᠤ᠂ | ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠬᠤ ᠪᠣᠯᠭᠠᠬᠤ ᠬᠡᠷᠡᠭᠲᠡᠢ᠃ ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ | ᠠᠵᠢᠯᠯᠠᠭ᠎ᠠ ᠪᠠᠷ ᠪᠦᠷᠢᠯᠳᠦᠭᠰᠡᠨ ᠰᠠᠶᠢᠨ ᠰᠠᠶᠢᠬᠠᠨ ᠲᠣᠭᠲᠠᠴᠠ ᠶᠢ ᠰᠠᠶᠢᠲᠤᠷ ᠠᠰᠢᠭᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ᠂ ᠺᠠᠳ᠋ᠷ ᠤᠨ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠠᠷ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ | ᠨᠢ ᠰᠢᠢᠳᠪᠦᠷᠢᠯᠡᠨ ᠥᠭᠴᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ | ᠭᠠᠷᠭᠠᠪᠠ᠃ | ᠯᠢ ᠺᠧ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠵᠦ ᠴᠠᠭ ᠦᠶᠡᠴᠢᠯᠡᠬᠦ ᠶᠢ ᠠᠬᠢᠭᠤᠯᠬᠤ᠂ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ ᠵᠥᠪ ᠡᠵᠡᠮᠰᠢᠬᠦ᠂ ᠪᠠᠶᠢᠯᠳᠤᠬᠤ | ᠪᠤᠳᠤᠯᠭ᠎ᠠ ᠠᠷᠭ᠎ᠠ ᠪᠤᠳᠤᠯᠭ᠎ᠠ ᠶᠢ ᠴᠢᠬᠤᠯᠠᠴᠢᠯᠠᠬᠤ ᠠᠰᠠᠭᠤᠳᠠᠯ᠂ ᠨᠠᠮ ᠤᠨ ᠮᠠᠷᠺᠰ ᠤᠨ ᠦᠵᠡᠯ ᠤᠨ ᠲᠥᠷᠥ ᠶᠢᠨ ᠨᠠᠮ ᠤᠨ ᠤᠤᠷ ᠴᠢᠨᠠᠷ ᠢ ᠡᠭᠦᠷᠢᠳᠡ ᠬᠠᠳᠠᠭᠠᠯᠠᠬᠤ | ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠦ ᠤᠷᠲᠤ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠵᠡᠷᠭᠡ ᠲᠠᠪᠤᠨ ᠠᠰᠠᠭᠤᠳᠠᠯ ᠢ | ᠠᠬᠢᠭᠤᠯᠬᠤ ᠲᠤᠬᠠᠶ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ | ᠬᠤᠷᠠᠯ ᠤᠨ ᠰᠢᠢᠳᠪᠦᠷᠢ ᠶᠢ ᠭᠦᠨᠵᠡᠭᠡᠢ ᠰᠤᠳᠤᠯᠤᠨ ᠤᠩᠰᠢᠵᠤ ᠣᠶᠢᠯᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ | ᠡᠵᠡᠮᠳᠡᠨ ᠬᠡᠷᠡᠭᠯᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠠ᠂ ᠨᠠᠮ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠤᠨᠤᠯ ᠤᠨ ᠴᠢᠨᠠᠷ᠂ | ᠵᠢᠯᠣᠭᠤᠳᠬᠤ ᠴᠢᠨᠠᠷ ᠲᠠᠢ ᠪᠠᠶᠢᠵᠦ᠂ ᠪᠥᠬᠦ ᠨᠠᠮ ᠤᠨ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ | ᠴᠢᠨᠠᠬᠰᠢᠳᠠ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ | ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ | ᠡᠬᠢᠯᠡᠬᠦ ᠶᠣᠰᠣᠯᠠᠯ ᠳᠤ ᠣᠷᠣᠯᠴᠠᠵᠠᠢ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ | ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠭᠤᠣᠯ | ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠡᠯ᠎ᠡ ᠶᠡᠭᠡ ᠨᠢᠭᠡᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠬᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ | ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠦᠬᠦᠳ ᠰᠤᠷᠤᠯᠭ᠎ᠠ ᠡᠬᠢᠯᠡᠬᠦ | ᠶᠣᠰᠣᠯᠠᠯ ᠳᠤ ᠰᠤᠯᠠ ᠣᠷᠣᠯᠴᠠᠵᠠᠢ᠃ | |