ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠪᠣᠯᠤᠨ ᠲᠤᠰᠬᠠᠶ ᠲᠥᠯᠥᠪᠵᠢᠭᠦᠯᠭᠡ ᠳᠤ ᠲᠣᠭᠲᠠᠭᠠᠭᠰᠠᠨ ᠴᠢᠬᠤᠯᠠ | ᠶᠡᠭᠡ ᠲᠥᠷᠥᠯ ᠵᠦᠢᠯ ᠢ ᠲᠥᠷᠭᠡᠳᠬᠡᠨ ᠠᠬᠢᠭᠤᠯᠵᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠶ ᠪᠠᠶᠢᠷᠢᠯᠠᠭᠤᠯᠪᠠ | ᠡᠮ ᠤᠨ ᠵᠦᠢᠯ ᠪᠣᠯᠣᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ | ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ ᠥᠷᠨᠢᠭᠦᠯᠦᠨ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠬᠦ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 10 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ | ᠺᠧ ᠴᠢᠶᠠᠩ 1 ᠳ᠋ᠦ᠋ᠭᠡᠷ ᠰᠠᠷ᠎ᠠ ᠶᠢᠨ 10 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠪᠣᠯᠣᠨ ᠲᠤᠰᠬᠠᠶ ᠲᠥᠯᠥᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠲᠥᠷᠥᠯ | ᠵᠦᠢᠯ ᠢ ᠲᠥᠷᠭᠡᠳᠬᠡᠨ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠲᠤᠬᠠᠶ ᠪᠠᠶᠢᠷᠢᠯᠠᠭᠤᠯᠪᠠ︔ ᠡᠮ ᠤᠨ ᠵᠦᠢᠯ ᠪᠣᠯᠤᠨ ᠥᠨᠳᠥᠷ | ᠦᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ | ᠳᠦᠷᠢᠮᠵᠢᠭᠦᠯᠵᠦ ᠥᠷᠨᠢᠭᠦᠯᠦᠨ᠂ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠬᠦ ᠪᠠᠷ ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ | ᠭᠤᠣᠯᠳᠠᠯᠭ᠎ᠠ ᠲᠠᠢ ᠬᠠᠷᠢᠴᠠᠭᠤᠯᠵᠤ᠂ ᠤᠯᠤᠰ ᠤᠨ ᠳᠡᠰ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ | ᠪᠦᠲᠦᠮᠵᠢᠲᠡᠶ ᠪᠠᠷ ᠰᠠᠶᠢᠲᠤᠷ ᠬᠢᠵᠦ᠂ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ ᠲᠥᠷᠥ ᠶᠢᠨ ᠪᠣᠳᠣᠯᠭ᠎ᠠ | ᠪᠣᠯᠤᠨ ᠪᠣᠳᠠᠲᠠᠶ ᠲᠥᠷᠥᠯ ᠵᠦᠢᠯ ᠢ ᠳᠤᠷᠠᠳᠤᠨ ᠭᠠᠷᠭᠠᠬᠤ ᠬᠡᠷᠡᠭᠲᠡᠶ᠃ ᠣᠳᠣᠬᠠᠨ ᠳᠤ 44 ᠲᠤᠰᠬᠠᠶ ᠲᠥᠯᠥᠪᠵᠢᠭᠦᠯᠭᠡ ᠶᠢ ᠨᠢᠭᠡᠨᠲᠡ ᠦᠨᠳᠦᠰᠦᠨ ᠳᠤ ᠪᠠᠨ | ᠨᠠᠶᠢᠷᠠᠭᠤᠯᠤᠨ ᠳᠠᠭᠤᠰᠬᠠᠵᠤ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠢᠷᠡᠭᠡᠳᠦᠶ ᠶᠢ | ᠪᠣᠳᠣᠯᠬᠢᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠤᠰᠬᠠᠶ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠦᠴᠦᠲᠡᠶ ᠮᠥᠷᠲᠡᠭᠡᠨ ᠡᠮᠬᠢ ᠵᠢᠷᠤᠮ ᠲᠠᠢ | ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠠᠪᠠᠭ᠎ᠠ ᠳᠠᠪᠠᠵᠤ ᠪᠣᠭᠤᠮᠲᠠ ᠰᠢᠪᠲᠤᠯᠬᠤ ᠪᠠᠶᠢᠳᠠᠯ ᠳᠤ ᠣᠷᠣᠰᠢᠵᠤ ᠪᠠᠶᠢᠨ᠎ᠠ᠃ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ | ᠲᠠᠯᠪᠢᠵᠤ᠂ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠦᠨ᠂ ︽ᠪᠦᠬᠦᠨ ᠢ ᠬᠠᠮᠤᠷᠤᠭᠤᠯᠬᠤ︾ ᠦᠭᠡᠢ | ᠪᠠᠶᠢᠬᠤ ᠶᠢ ᠪᠠᠷᠢᠮᠲᠠᠯᠠᠵᠤ᠂ ᠬᠠᠮᠤᠭ ᠤᠨ ᠡᠴᠦᠰ ᠤᠨ ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠠᠨᠳᠤᠯᠭᠠᠲᠤ ᠴᠢᠨᠠᠷᠲᠠᠶ ᠪᠠᠷ ᠥᠷᠭᠡᠳᠬᠡᠬᠦ ᠬᠡᠷᠡᠭᠲᠡᠶ᠃ | ᠡᠨᠡ ᠨᠢ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠶᠢ ᠠᠷᠭᠠᠴᠠᠭᠠᠵᠤ᠂ ᠨᠢᠭᠡᠳᠦᠭᠡᠷ ᠤᠯᠠᠷᠢᠯ ᠪᠠ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ | ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ 102 ᠵᠦᠢᠯ ᠤᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠪᠠ ᠲᠤᠰᠬᠠᠶ ᠵᠦᠢᠯ ᠤᠨ | ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠠᠮᠤ ᠪᠤᠳᠠᠭ᠎ᠠ ᠪᠠ ᠡᠨᠧᠷᠭᠢ ᠶᠢᠨ | ᠰᠤᠷᠪᠤᠯᠵᠢ ᠶᠢᠨ ᠠᠮᠤᠷ ᠲᠦᠪᠰᠢᠨ᠂ ᠲᠡᠷᠢᠭᠦᠨ ᠤ ᠦᠢᠯᠡᠳᠬᠡᠯ ᠤᠨ ᠦᠢᠯᠡᠰ ᠪᠠ ᠳᠡᠭᠡᠳᠦ ᠲᠧᠭᠨᠢᠭ ᠮᠡᠷᠭᠡᠵᠢᠯ ᠤᠨ ᠠᠵᠤ ᠦᠢᠯᠡᠰ᠂ ᠵᠠᠮ ᠬᠠᠷᠢᠯᠴᠠᠭ᠎ᠠ ᠡᠳ᠋ | ᠪᠠᠷᠠᠭᠠᠨ ᠤ ᠭᠦᠢᠯᠭᠡᠭᠡ ᠪᠠ ᠲᠣᠣᠷ ᠰᠦᠯᠵᠢᠶ᠎ᠡ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ᠂ ᠬᠤᠳᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ | ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠡᠯᠡ ᠲᠣᠬᠢᠷᠠᠭᠤᠯᠬᠤ᠂ | ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠲᠥᠯᠥᠪᠵᠢᠭᠦᠯᠭᠡ ᠳᠤ ᠣᠷᠣᠭᠤᠯᠤᠭᠰᠠᠨ᠂ ᠨᠥᠬᠦᠴᠡᠯ | ᠪᠦᠷᠢᠳᠦᠭᠰᠡᠨ ᠲᠥᠷᠥᠯ ᠵᠦᠢᠯ ᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠳᠥᠭᠦᠮᠴᠢᠯᠡᠵᠦ᠂ ᠢᠯᠠᠩᠭᠤᠶ᠎ᠠ ᠡᠮᠦᠨᠡᠬᠢ ᠬᠤᠭᠤᠴᠠᠭᠠᠨ ᠳᠤ ᠨᠢᠭᠡᠨᠲᠡ ᠨᠤᠲᠠᠯᠠᠭᠠᠳ | ᠤᠯᠠᠨ ᠵᠢᠯ ᠪᠣᠯᠤᠭᠰᠠᠨ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠱᠠᠯᠠᠪᠳᠠᠨ ᠬᠡᠷᠡᠭᠵᠢᠭᠦᠯᠬᠦ ᠶᠢ ᠠᠬᠢᠭᠤᠯᠵᠤ᠂ ᠠᠵᠢᠯ ᠣᠯᠭᠤᠯᠲᠠ ᠪᠠᠷ | ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ ᠲᠦᠷ ᠴᠠᠭ ᠠᠵᠢᠯ ᠣᠯᠤᠭᠠᠳᠤᠶ ᠬᠡᠰᠡᠭ ᠬᠥᠯᠥᠰᠥᠨ ᠠᠵᠢᠯᠴᠢᠨ ᠢ ᠬᠢᠬᠦ ᠠᠵᠢᠯ ᠲᠠᠢ᠂ | ᠴᠠᠯᠢᠩ ᠣᠷᠣᠯᠭ᠎ᠠ ᠲᠠᠢ ᠪᠣᠯᠭᠠᠬᠤ ᠬᠡᠷᠡᠭᠲᠡᠶ᠃ ᠰᠢᠨ᠎ᠡ ᠪᠠᠷ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠪᠠᠭᠤᠷᠠᠭᠰᠠᠨ ᠭᠠᠵᠠᠷ | ᠣᠷᠣᠨ ᠢ ᠵᠢᠯᠣᠭᠤᠳᠤᠨ ᠠᠵᠢᠯ ᠢ ᠨᠢ ᠴᠢᠩᠭᠠᠳᠬᠠᠵᠤ᠂ ᠪᠡᠯᠡ ᠣᠷᠣᠭᠤᠯᠤᠯᠲᠠ ᠨᠢ ᠥᠭᠡᠳᠡ ᠦᠭᠡᠢ ᠪᠠᠶᠢᠳᠠᠯ ᠢ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠪᠠᠯᠠ | ᠮᠥᠩᠭᠦ ᠨᠢ ᠲᠥᠷᠥᠯ ᠵᠦᠢᠯ ᠢ ᠳᠠᠭᠠᠬᠤ ᠱᠠᠭᠠᠷᠳᠠᠯᠭ᠎ᠠ ᠶᠣᠰᠣᠭᠠᠷ᠂ ᠨᠢᠳᠤᠨᠤᠨ ᠤ ᠳᠥᠷᠪᠡᠳᠦᠭᠡᠷ ᠤᠯᠠᠷᠢᠯ ᠳᠤ ᠲᠠᠷᠬᠠᠭᠠᠭᠰᠠᠨ 1.2 ᠲᠦᠮᠡᠨ ᠳ᠋ᠦᠩᠰᠢᠭᠤᠷ | ᠲᠥᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠪᠣᠳᠠᠲᠠᠶ ᠲᠥᠷᠥᠯ ᠵᠦᠢᠯ ᠳᠤ | ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠨᠡ ᠵᠢᠯ ᠨᠢᠭᠡᠨᠲᠡ ᠪᠠᠭᠤᠯᠭᠠᠭᠰᠠᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠱᠠᠯᠠᠪᠳᠠᠨ | ᠲᠠᠷᠬᠠᠭᠠᠵᠤ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠰᠠᠶᠢᠲᠤᠷ ᠬᠡᠷᠡᠭᠯᠡᠨ᠂ ᠪᠠᠶᠢᠭᠤᠯᠵᠤ ᠪᠠᠶᠢᠭ᠎ᠠ ᠪᠠ ᠠᠯᠢ ᠲᠦᠷᠭᠡᠨ ᠢᠶᠠᠷ ᠠᠵᠢᠯ ᠢᠶᠠᠨ | ᠡᠬᠢᠯᠡᠭᠦᠯᠵᠦ ᠴᠢᠳᠠᠬᠤ ᠲᠥᠷᠥᠯ ᠵᠦᠢᠯ ᠢ ᠭᠤᠣᠯᠳᠠᠯᠭ᠎ᠠ ᠲᠠᠢ ᠪᠠᠷ ᠲᠣᠬᠢᠷᠠᠭᠤᠯᠵᠤ᠂ ᠨᠡᠩ ᠤᠯᠠᠨ ᠨᠡᠶᠢᠭᠡᠮ ᠤᠨ ᠪᠡᠯᠡ ᠣᠷᠣᠭᠤᠯᠤᠯᠲᠠ ᠶᠢ ᠲᠠᠶᠢᠴᠢᠯᠠᠨ᠂ ᠨᠢᠭᠡᠳᠦᠭᠡᠷ | ᠤᠯᠠᠷᠢᠯ ᠳᠤ ᠨᠡᠩ ᠤᠯᠠᠨ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠠᠯᠠᠯᠲᠠ ᠶᠢᠨ ᠲᠦᠷᠢᠮ᠂ ᠣᠷᠣᠨ ᠪᠦᠰᠡ ᠶᠢᠨ ᠦᠨᠡᠯᠡᠨ | ᠵᠢᠱᠢᠯᠲᠡ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠦᠯᠡᠳᠡᠭᠡᠯ ᠡᠳ᠋ ᠬᠥᠷᠥᠩᠭᠡ ᠶᠢ ᠴᠢᠯᠥᠭᠡᠲᠡᠶ ᠭᠦᠢᠯᠭᠡᠭᠡᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠡᠮ ᠤᠨ ᠵᠦᠢᠯ ᠪᠣᠯᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠥᠭᠡᠷᠡᠴᠢᠯᠡᠯᠲᠡ ᠶᠢ ᠲᠠᠰᠤᠷᠠᠯᠳᠡ ᠦᠭᠡᠢ ᠠᠬᠢᠭᠤᠯᠵᠤ᠂ ᠵᠠᠬ᠎ᠠ | ᠳᠡᠯᠭᠡᠭᠦᠷᠴᠢᠯᠡᠭᠰᠡᠨ ᠲᠣᠭᠲᠠᠴᠠ ᠪᠠᠷ ᠡᠮ ᠡᠮᠨᠡᠯᠭᠡ ᠶᠢᠨ ᠦᠨ᠎ᠡ ᠬᠠᠩᠰᠢ ᠬᠡᠳᠦ ᠥᠨᠳᠥᠷ ᠪᠠᠶᠢᠳᠠᠯ ᠢ ᠪᠦᠲᠦᠮᠵᠢᠲᠡᠢ ᠬᠢᠵᠠᠭᠠᠷᠯᠠᠵᠤ᠂ ᠨᠢᠳᠤᠨᠤᠨ ᠤ ᠵᠢᠯ ᠤᠨ ᠡᠴᠦᠰ | ᠪᠣᠯᠲᠠᠯ᠎ᠠ ᠡᠮᠴᠢᠯᠡᠭᠡᠨ ᠤ ᠳᠠᠭᠠᠳᠬᠠᠯ ᠪᠣᠯᠤᠨ ᠡᠪᠡᠳᠴᠢᠲᠡᠨ ᠤ ᠵᠠᠷᠤᠯᠭ᠎ᠠ ᠶᠢ ᠨᠡᠶᠢᠳᠡ 2600 ᠳ᠋ᠦᠩᠰᠢᠭᠤᠷ ᠲᠥᠭᠦᠷᠢᠭ ᠠᠷᠪᠢᠯᠠᠭᠰᠠᠨ ᠪᠥᠭᠡᠳ ᠡᠮ ᠡᠮᠨᠡᠯᠭᠡ ᠶᠢᠨ | ᠠᠵᠤ ᠠᠬᠤᠶᠢᠯᠠᠯ ᠤᠨ ᠨᠡᠩ ᠣᠯᠠᠨ ᠤᠶᠤᠨ ᠬᠦᠴᠦᠨ ᠢᠶᠠᠨ ᠦᠢᠯᠡᠳᠬᠦᠨ ᠢ ᠰᠤᠳᠤᠯᠤᠨ ᠨᠡᠭᠡᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠲᠠᠯᠪᠢᠬᠤ ᠶᠢ | ᠠᠬᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ | ᠳᠦᠷᠢᠮᠵᠢᠭᠦᠯᠬᠦ ᠶᠢᠨ ᠬᠠᠮᠲᠤ ᠬᠡᠪᠴᠢᠶ᠎ᠡ ᠶᠢ ᠲᠦᠷᠭᠡᠳᠬᠡᠨ ᠥᠷᠭᠡᠳᠬᠡᠵᠦ᠂ ᠡᠮ ᠡᠮᠨᠡᠯᠭᠡ ᠶᠢᠨ ᠦᠨ᠎ᠡ ᠬᠠᠩᠰᠢ ᠶᠢ ᠦᠷᠭᠦᠯᠵᠢᠯᠡᠨ ᠪᠠᠭᠤᠷᠠᠭᠤᠯᠵᠤ᠂ | ᠡᠪᠡᠳᠴᠢᠲᠡᠨ ᠳᠤ ᠠᠰᠢᠭ ᠬᠦᠷᠲᠡᠭᠡᠬᠦ ᠬᠡᠷᠡᠭᠲᠡᠶ᠃ ᠨᠢᠭᠡ ᠳᠤ᠂ ᠤᠳᠠᠭᠠᠨ ᠴᠢᠨᠠᠷᠲᠠᠶ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢᠶᠠᠷ ᠭᠤᠤᠯᠳᠠᠯᠭ᠎ᠠ | ᠪᠣᠯᠭᠠᠵᠤ᠂ ᠤᠯᠤᠰ ᠤᠨ ᠲᠠᠰ ᠳᠠᠪᠬᠤᠷᠭ᠎ᠠ ᠠᠴᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠭᠠᠵᠠᠷ | ᠣᠷᠣᠨ ᠤ ᠬᠢᠨ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠠᠴᠠ ᠭᠠᠳᠠᠨᠠᠬᠢ ᠡᠮ ᠤᠨ ᠵᠦᠢᠯ ᠢ ᠮᠤᠵᠢ ᠶᠢᠨ ᠱᠠᠲᠤᠨ ᠳᠤ ᠪᠤᠶᠤ ᠮᠤᠵᠢ ᠠᠯᠤᠰᠯᠠᠨ | ᠬᠤᠯᠪᠣᠭᠠᠯᠠᠵᠤ ᠬᠤᠳᠠᠯᠳᠤᠨ ᠠᠪᠬᠤ ᠠᠵᠢᠯ ᠢ ᠦᠷᠨᠢᠭᠦᠯᠬᠦ ᠬᠡᠷᠡᠭᠲᠡᠢ᠃ ᠡᠨᠡ ᠵᠢᠯ ᠤᠨ ᠡᠴᠦᠰ ᠠᠴᠠ ᠡᠮᠦᠨ᠎ᠡ᠂ ᠤᠯᠤᠰ ᠪᠠ ᠮᠤᠵᠢ ᠶᠢᠨ ᠱᠠᠲᠤᠨ ᠤ | ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠮᠤᠵᠢ ᠨᠢᠭᠡᠪᠦᠷᠢ ᠳᠤ ᠨᠡᠶᠢᠲᠡ 350 ᠠᠴᠠ ᠳᠡᠭᠡᠭᠰᠢ ᠪᠠᠶᠢᠯᠭᠠᠬᠤ ᠬᠡᠷᠡᠭᠲᠡᠢ᠃ ᠬᠤᠶᠠᠷ ᠲᠤ᠂ ᠥᠨᠳᠥᠷ | ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ ᠪᠦᠷᠬᠦᠴᠡ ᠶᠢ ᠠᠯᠬᠤᠮ ᠠᠯᠬᠤᠮ ᠢᠶᠠᠷ ᠥᠷᠭᠡᠳᠬᠡᠵᠦ᠂ | ᠣᠯᠠᠨ ᠲᠦᠮᠡᠨ ᠤ ᠠᠩᠬᠠᠷᠴᠤ ᠪᠠᠶᠢᠭ᠎ᠠ ᠶᠠᠰᠤᠨ ᠤ ᠰᠠᠯᠠᠭᠠᠨ ᠤ ᠬᠤᠷᠣᠭᠳᠠᠯ ᠮᠠᠲ᠋ᠧᠷᠢᠶᠠᠯ᠂ ᠡᠮ ᠤᠨ ᠪᠥᠮᠪᠥᠭᠡᠯᠢᠭ ᠤᠭᠤᠲᠠ᠂ ᠰᠠᠭᠤᠯᠭᠠᠬᠤ ᠰᠢᠳᠦ ᠵᠡᠷᠭᠡ ᠶᠢ ᠲᠣᠰ | ᠲᠣᠰ ᠤᠯᠤᠰ ᠪᠠ ᠮᠤᠵᠢ ᠶᠢᠨ ᠱᠠᠲᠤᠨ ᠤ ᠲᠠᠰ ᠳᠠᠪᠬᠤᠷᠭ᠎ᠠ ᠳᠤ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠬᠦ ᠬᠡᠷᠡᠭᠲᠡᠢ᠃ ᠭᠤᠷᠪᠠ ᠳᠤ᠂ | ᠰᠣᠩᠭᠤᠭᠳᠠᠭᠰᠠᠨ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠬᠠᠩᠭᠠᠬᠤ ᠶᠢ ᠪᠠᠲᠤᠯᠠᠵᠤ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠣᠩᠭᠤᠭᠳᠠᠭᠰᠠᠨ ᠦᠢᠯᠡᠳᠬᠦᠨ ᠤ ᠦᠨ᠎ᠡ ᠶᠢ ᠪᠠᠭᠤᠷᠠᠭᠤᠯᠬᠤ ᠠᠴᠠ ᠪᠢᠰᠢ ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠤᠭᠤᠳ ᠰᠣᠩᠭᠤᠭᠳᠠᠭᠰᠠᠨ ᠦᠢᠯᠡᠳᠬᠦᠨ ᠢ ᠵᠦᠶ ᠵᠣᠬᠢᠰᠲᠠᠶ ᠪᠠᠷ ᠡᠩ ᠲᠡᠷᠢᠭᠦᠨ ᠳᠤ ᠬᠡᠷᠡᠭᠯᠡᠬᠦ | ᠬᠡᠷᠡᠭᠲᠡᠶ᠃ ᠳᠥᠷᠪᠡ ᠳᠤ᠂ ᠲᠦᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠡᠮᠨᠡᠯᠭᠡ ᠶᠢᠨ ᠠᠵᠢᠯᠲᠠᠨ ᠤ | ᠣᠷᠣᠯᠭ᠎ᠠ ᠶᠢ ᠵᠦᠶ ᠵᠣᠬᠢᠰᠲᠠᠶ ᠳᠡᠭᠡᠭᠰᠢᠯᠡᠭᠦᠯᠵᠦ᠂ ᠢᠳᠡᠪᠬᠢᠵᠢᠯ ᠢ ᠨᠠᠩ ᠰᠠᠶᠢᠨ ᠳᠠᠶᠢᠴᠢᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |