​ ᠮᠠᠨ ᠤ ᠬᠤᠳᠠ ︿ᠭᠤᠷᠪᠡᠨ ᠠᠷᠠᠳ﹀ ᠤᠨ ᠠᠵᠢᠯᠯᠠᠭ᠎ᠠ ᠶᠢᠨ ᠭᠤᠷᠪᠠᠳᠤᠭᠠᠷ ᠲᠠᠯᠠᠪᠠᠢ ᠲᠤᠰᠢᠶᠠᠯ ᠤᠨ ᠮᠡᠳᠡᠭᠦᠯᠤᠯᠳᠡ ᠶᠢᠨ ᠬᠤᠷᠠᠯ ᠬᠢᠯ᠎ᠡ
ᠨᠡᠶᠢᠲᠡᠯᠡᠭᠰᠡᠨ ᠴᠠᠭ᠄
2022/1/18
    ᠦᠢᠷ᠎ᠠ ᠶᠢᠨ ᠡᠳᠤᠷ᠂  ᠮᠠᠨ ᠤ ᠬᠤᠳᠠ 2021 ᠤᠨ ᠤ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ  ᠠᠴᠠ ᠬᠤᠳᠠ ᠶᠢᠨ ᠠᠷᠠᠳ  ᠲᠤ ᠮᠡᠳᠡᠭᠦᠯᠤᠯᠳᠡ ᠬᠢᠵᠤ᠂  ᠬᠤᠳᠠ ᠶᠢᠨ ᠠᠷᠠᠳ ᠤᠨ ᠰᠠᠨᠠᠯ ᠢ ᠰᠤᠨᠤᠰᠴᠤ᠂  ᠬᠤᠳᠠ ᠶᠢᠨ ᠠᠷᠠᠳ ᠢᠶᠠᠷ ᠦᠨᠡᠯᠡᠯᠳᠡ ᠬᠢᠯᠭᠡᠬᠦ ᠠᠵᠢᠯᠯᠠᠭ᠎ᠠ ︵︿ᠭᠤᠷᠪᠡᠨ ᠠᠷᠠᠳ ﹀ ᠤᠨ ᠠᠵᠢᠯᠠᠯᠭ᠎ᠠ ᠭᠡᠵᠤ ᠲᠤᠪᠴᠢᠯᠡᠨ᠎ᠡ︶ ᠶᠢᠨ ᠭᠤᠷᠪᠠᠳᠤᠭᠠᠷ ᠲᠠᠯᠠᠪᠠᠢ ᠲᠤᠰᠢᠶᠠᠯ  ᠤᠨ ᠮᠡᠳᠡᠭᠦᠯᠤᠯᠳᠡ ᠶᠢᠨ ᠬᠤᠷᠠᠯ ᠬᠢᠪᠡ᠃  ᠬᠤᠳᠠ ᠶᠢᠨ ᠲᠡᠳ᠋ ᠲᠠᠷᠤᠭ᠎ᠠ ᠺᠦᠡᠭ ᠹᠢᠨ ᠹᠸᠢ ᠮᠡᠳᠡᠭᠦᠯᠤᠯᠳᠡ ᠶᠢᠨ ᠬᠤᠷᠠᠯ ᠢ ᠡᠷᠬᠢᠯᠡᠪᠡ᠃          ᠮᠡᠳᠡᠭᠦᠯᠤᠯᠳᠡ ᠶᠢᠨ ᠬᠤᠷᠠᠯ ᠲᠡᠭᠡᠷ᠎ᠡ ᠬᠤᠳᠠ ᠶᠢᠨ ᠵᠠᠰᠠᠭ ᠤᠨ ᠤᠷᠳᠤᠨ ᠤ ᠠᠯᠪᠡᠨ ᠭᠡᠷ᠂  ᠤᠢ ᠰᠢᠭᠤᠢ ᠪᠡ ᠨᠤᠳᠤᠭ ᠲᠡᠪᠢᠰᠭᠡᠷ ᠤᠨ ᠲᠤᠪᠴᠢᠶ᠎ᠡ᠂  ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ᠂  ᠬᠦᠮᠤᠨ ᠤ ᠬᠦᠴᠦᠨ ᠤ ᠡᠬᠢ ᠪᠠᠶᠠᠯᠢᠭ ᠪᠡ ᠨᠡᠶᠢᠭᠡᠮ ᠤᠨ ᠪᠠᠳᠤᠯᠠᠭ᠎ᠠ  ᠶᠢᠨ ᠲᠤᠪᠴᠢᠶ᠎ᠡ᠂  ᠤᠰᠤᠨ ᠠᠰᠢᠬᠯᠠᠯᠳᠡ  ᠶᠢᠨ ᠲᠤᠪᠴᠢᠶ᠎ᠡ᠂  ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠡ᠂  ᠬᠤᠳᠠᠯᠳᠤᠭᠠᠨ ᠤ ᠶᠠᠪᠤᠳᠠᠯ ᠤᠨ ᠲᠤᠪᠴᠢᠶ᠎ᠡ᠂  ᠰᠤᠶᠤᠯ ᠵᠤᠭᠠᠴᠠᠯ ᠤᠨ ᠲᠤᠪᠴᠢᠶ᠎ᠡ᠂ ᠴᠡᠷᠢᠭ ᠠᠴᠠ ᠬᠠᠯᠠᠬᠳᠡᠬᠰᠡᠳ ᠤᠨ ᠬᠡᠷᠡᠭ ᠶᠠᠪᠤᠳᠠᠯ ᠤᠨ ᠲᠤᠪᠴᠢᠶ᠎ᠡ᠂ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠢᠨᠡᠯᠳᠡ ᠬᠠᠮᠢᠶᠠᠷᠤᠯᠳᠡ ᠶᠢᠨ ᠵᠦᠪᠯᠡᠯ᠂  ᠮᠦᠡᠭᠭᠦᠨ ᠬᠦᠢᠯᠭᠡᠭᠡᠨ ᠤ ᠠᠯᠪᠡᠨ ᠭᠡᠷ᠂ ᠬᠦᠳᠡᠭᠡ ᠲᠤᠰᠬᠤᠨ ᠢ ᠬᠦᠭᠵᠢᠭᠦᠯᠬᠦ ᠲᠤᠪᠴᠢᠶ᠎ᠡ᠂  ᠰᠤᠷᠭᠠᠨ ᠬᠦᠮᠤᠵᠢᠯ ᠪᠡᠶ᠎ᠡ ᠶᠢᠨ ᠲᠠᠮᠢᠷ ᠤᠨ ᠲᠤᠪᠴᠢᠶ᠎ᠡ ᠵᠡᠷᠭᠡ 13 ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠠᠷᠢᠭᠤᠴᠠᠯᠭᠠᠳᠡᠨ ᠨᠦᠭᠦᠳ ᠲᠤᠰ ᠲᠠᠷᠠᠭᠠᠯᠠᠨ ᠲᠠᠶᠢᠰᠡᠨ ᠳᠤ ᠭᠠᠷᠴᠤ ᠲᠤᠰᠢᠶᠠᠯ ᠤᠨ ᠮᠡᠳᠡᠭᠦᠯᠤᠯᠳᠡ ᠬᠢᠪᠡ᠂  ᠡᠯ᠎ᠡ ᠰᠠᠯᠠᠭ᠎ᠠ ᠮᠦᠴᠢᠷ ᠤᠨ ᠬᠢᠨ 2021 ᠤᠨ ᠤ ᠠᠵᠢᠯ ᠤᠨ ᠭᠤᠤᠯᠳᠠᠯᠭ᠎ᠠ᠂  ᠬᠢᠯᠡᠰ ᠴᠡᠭ᠂  ᠬᠦᠴᠢᠷᠳᠡᠯ ᠵᠢᠴᠢ ᠬᠦᠷᠦᠯᠴᠡᠬᠦ ᠦᠭᠡᠢ ᠲᠠᠯ᠎ᠠ ᠶᠢᠨ ᠲᠤᠭᠤᠷᠢᠨ  ᠳᠤ ᠬᠤᠳᠠ ᠶᠢᠨ ᠠᠷᠠᠳ ᠤᠨ ᠲᠦᠯᠦᠭᠡᠯᠡᠭᠴᠢᠳ ᠲᠤ ᠨᠠᠷᠢᠨ ᠲᠤᠳᠤᠷᠬᠠᠶᠢᠯᠠᠯᠳᠡ ᠬᠢᠪᠡ᠃  ᠲᠤᠰᠢᠶᠠᠯ ᠤᠨ ᠮᠡᠳᠡᠭᠦᠯᠤᠯᠳᠡ ᠲᠠᠭᠤᠰᠤᠬᠰᠡᠨ ᠤ ᠲᠠᠷᠠᠭ᠎ᠠ᠂  ᠰᠦᠯᠵᠢᠶᠠᠨ ᠲᠡᠭᠡᠷᠡᠬᠢ ᠠᠷᠠᠳᠴᠢᠯᠠᠯ ᠤᠨ ᠦᠨᠡᠯᠡᠯᠳᠡ ᠪᠡ ᠠᠵᠢᠯᠯᠠᠭ᠎ᠠ ᠶᠢᠨ ᠰᠠᠬᠢᠯᠭ᠎ᠠ ᠪᠠᠳᠤ  ᠶᠢᠨ ᠪᠠᠶᠢᠳᠠᠯ ᠤᠨ ᠲᠤᠬᠠᠢ ᠪᠠᠶᠢᠴᠠᠭᠠᠯᠳᠡ ᠬᠢᠪᠡ᠃       ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂  ᠡᠯ᠎ᠡ ᠬᠤᠰᠢᠭᠤ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃  ᠭᠤᠤᠯ ᠬᠤᠷᠠᠯ ᠤᠨ ᠲᠠᠯᠠᠪᠠᠢ ᠳᠤ 100 ᠬᠤᠳᠠ ᠶᠢᠨ ᠠᠷᠠᠳ ᠤᠨ ᠲᠦᠯᠦᠭᠡᠯᠡᠭᠴᠢ᠂ 9  ᠬᠤᠰᠢᠭᠤ ᠲᠤᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ 1400 ᠬᠤᠳᠠ ᠶᠢᠨ ᠠᠷᠠᠳ ᠤᠨ ᠲᠦᠯᠦᠭᠡᠯᠡᠭᠴᠢ ᠮᠡᠳᠡᠭᠦᠯᠤᠯᠳᠡ ᠶᠢᠨ ᠬᠤᠷᠠᠯ ᠳᠤ ᠤᠷᠤᠯᠴᠠᠪᠠ᠃ ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠤᠯᠤᠨ ᠬᠢᠨᠡᠨ ᠪᠠᠶᠢᠴᠠᠭᠠᠬᠤ ᠵᠦᠪᠯᠡᠯ᠂  ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠬᠤᠯᠪᠤᠬᠳᠠᠯ ᠪᠦᠭᠦᠢ ᠬᠠᠷᠢᠭᠤᠴᠠᠯᠭᠠᠳᠡᠨ ᠨᠦᠬᠦᠳ ᠭᠤᠤᠯ ᠬᠤᠷᠠᠯ ᠤᠨ ᠲᠠᠯᠠᠪᠠᠢ ᠳᠤ ᠮᠡᠳᠡᠭᠦᠯᠤᠯᠳᠡ  ᠶᠢᠨ ᠬᠤᠷᠠᠯ ᠳᠤ ᠤᠷᠤᠯᠴᠠᠪᠡ᠃   
ᠢᠷᠡᠯᠲᠡ᠄ ᠤᠷᠳᠤᠰ ᠬᠤᠳᠠ ᠶᠢᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ