ᠮᠠᠨ ᠤ ᠬᠤᠳᠠ 2021 ᠤᠨ ᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠠᠴᠠ ᠬᠤᠳᠠ ᠶᠢᠨ ᠠᠷᠠᠳ ᠲᠤ ᠮᠡᠳᠡᠭᠦᠯᠤᠯᠳᠡ ᠬᠢᠵᠤ ᠬᠤᠳᠠ ᠶᠢᠨ ᠠᠷᠠᠳ  ᠤᠨ ᠰᠠᠨᠠᠯ ᠢ ᠰᠤᠨᠤᠰᠴᠤ ᠬᠤᠳᠠ ᠶᠢᠨ ᠠᠷᠠᠳ ᠢᠶᠠᠷ ᠦᠨᠡᠯᠡᠯᠳᠡ ᠬᠢᠯᠭᠡᠬᠦ ᠠᠵᠢᠯᠯᠠᠭ᠎ᠠ ᠶᠢᠨ ᠬᠤᠶᠠᠳᠤᠭᠠᠷ ᠲᠠᠯᠠᠪᠠᠢ ᠲᠤᠰᠢᠶᠠᠯ ᠤᠨ ᠮᠡᠳᠡᠭᠦᠯᠤᠯᠳᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/1/18
    ᠦᠢᠷ᠎ᠠ ᠶᠢᠨ ᠡᠳᠤᠷ᠂  ᠮᠠᠨ ᠤ ᠬᠤᠳᠠ 2021 ᠤᠨ ᠤ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ  ᠠᠴᠠ ᠬᠤᠳᠠ ᠶᠢᠨ ᠠᠷᠠᠳ  ᠲᠤ ᠮᠡᠳᠡᠭᠦᠯᠤᠯᠳᠡ ᠬᠢᠵᠤ᠂  ᠬᠤᠳᠠ ᠶᠢᠨ ᠠᠷᠠᠳ ᠤᠨ ᠰᠠᠨᠠᠯ ᠢ ᠰᠤᠨᠤᠰᠴᠤ᠂  ᠬᠤᠳᠠ ᠶᠢᠨ ᠠᠷᠠᠳ ᠢᠶᠠᠷ ᠦᠨᠡᠯᠡᠯᠳᠡ ᠬᠢᠯᠭᠡᠬᠦ ᠠᠵᠢᠯᠯᠠᠭ᠎ᠠ ︵︿ᠭᠤᠷᠪᠡᠨ ᠠᠷᠠᠳ﹀ ᠤᠨ ᠠᠵᠢᠯᠯᠠᠭ᠎ᠠ ᠭᠡᠵᠤ ᠲᠤᠪᠴᠢᠯᠡᠨ᠎ᠡ︶ ᠶᠢᠨ ᠬᠤᠶᠠᠳᠤᠭᠠᠷ ᠲᠠᠯᠠᠪᠠᠢ ᠲᠤᠰᠢᠶᠠᠯ ᠤᠨ ᠮᠡᠳᠡᠭᠦᠯᠤᠯᠳᠡ ᠶᠢᠨ ᠬᠤᠷᠠᠯ ᠬᠢᠪᠡ᠃  ᠬᠤᠳᠠ ᠶᠢᠨ ᠲᠡᠳ᠋ ᠲᠠᠷᠤᠭ᠎ᠠ ᠮᠢᠶᠤᠤ ᠴᠸᠡᠭ ᠢᠤᠢ ᠮᠡᠳᠡᠭᠦᠯᠤᠯᠳᠡ ᠶᠢᠨ ᠬᠤᠷᠠᠯ ᠢ ᠡᠷᠬᠢᠯᠡᠪᠡ᠃      ᠮᠡᠳᠡᠭᠦᠯᠤᠯᠳᠡ ᠶᠢᠨ ᠬᠤᠷᠠᠯ ᠲᠡᠭᠡᠷ᠎ᠡ᠂  ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠡ᠂  ᠰᠢᠨᠵᠢᠯᠡᠬᠦ ᠤᠬᠠᠭᠠᠨ ᠮᠡᠷᠭᠡᠵᠢᠯ  ᠤᠨ ᠲᠤᠪᠴᠢᠶ᠎ᠡ᠂  ᠠᠵᠤ ᠦᠢᠯᠡᠳᠪᠤᠷᠢ ᠪᠡ ᠮᠡᠳᠡᠭᠡ ᠵᠠᠩᠬᠢᠵᠢᠯᠳᠡ ᠶᠢᠨ ᠲᠤᠪᠴᠢᠶ᠎ᠡ᠂  ᠠᠷᠠᠳ ᠤᠨ ᠶᠠᠪᠤᠳᠠᠯ ᠤᠨ ᠲᠤᠪᠴᠢᠶ᠎ᠡ᠂  ᠬᠠᠤᠯᠢ ᠴᠠᠭᠠᠵᠨ ᠶᠢᠨ ᠲᠤᠪᠴᠢᠶ᠎ᠡ᠂  ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠦᠪᠯᠡᠯ᠂  ᠵᠠᠬ᠎ᠠ ᠲᠡᠯᠭᠡᠭᠦᠷ ᠤᠨ ᠬᠢᠨᠡᠯᠳᠡ ᠬᠠᠮᠢᠶᠠᠷᠤᠯᠳᠡ ᠶᠢᠨ ᠲᠤᠪᠴᠢᠶ᠎ᠡ᠂  ᠡᠨᠧᠷᠬᠢ ᠶᠢᠨ ᠲᠤᠪᠴᠢᠶ᠎ᠡ᠂  ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠡ ᠵᠡᠷᠭᠡ 10 ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠠᠷᠢᠭᠤᠴᠠᠯᠭᠠᠳᠡᠨ ᠨᠦᠭᠦᠳ ᠲᠡᠰ ᠲᠠᠷᠠᠭᠠᠯᠠᠨ ᠲᠠᠶᠢᠰᠡᠨ ᠳᠤ ᠭᠠᠷᠴᠤ ᠲᠤᠰᠢᠶᠠᠯ ᠤᠨ ᠮᠡᠳᠡᠭᠦᠯᠤᠯᠳᠡ ᠬᠢᠵᠤ᠂  ᠡᠯ᠎ᠡ ᠰᠠᠯᠠᠭ᠎ᠠ ᠮᠦᠴᠢᠷ ᠤᠨ ᠬᠢᠨ 2021 ᠤᠨ ᠤ ᠠᠵᠢᠯ ᠤᠨ ᠭᠤᠤᠯᠳᠠᠯᠭ᠎ᠠ᠂  ᠬᠢᠯᠡᠰ ᠴᠡᠭ᠂ ᠬᠦᠴᠢᠷᠳᠡᠯ ᠢᠶᠠᠷ ᠬᠦᠷᠦᠯᠴᠡᠬᠦ ᠦᠭᠡᠢ ᠲᠠᠯ᠎ᠠ ᠶᠢᠨ ᠲᠤᠭᠤᠷᠢᠨ ᠳᠤ ᠬᠤᠳᠠ ᠶᠢᠨ ᠠᠷᠠᠳ ᠤᠨ ᠲᠦᠯᠦᠭᠡᠯᠡᠭᠴᠢᠳ ᠲᠤ ᠨᠠᠷᠢᠨ ᠲᠤᠳᠤᠷᠬᠠᠶᠢᠯᠠᠯᠳᠡ ᠬᠢᠵᠠᠢ᠃  ᠲᠤᠰᠢᠶᠠᠯ ᠤᠨ ᠮᠡᠳᠡᠭᠦᠯᠤᠯᠳᠡ ᠲᠠᠭᠤᠰᠤᠬᠰᠡᠨ  ᠤ ᠲᠠᠷᠠᠭ᠎ᠠ᠂  ᠰᠦᠯᠵᠢᠶᠠᠨ ᠲᠡᠭᠡᠷᠡᠬᠢ ᠠᠷᠠᠳᠴᠢᠯᠠᠯ ᠤᠨ ᠦᠨᠡᠯᠡᠯᠳᠡ ᠪᠡ ᠠᠵᠢᠯᠯᠠᠭ᠎ᠠ ᠶᠢᠨ ᠰᠠᠬᠢᠯᠭ᠎ᠠ ᠪᠠᠳᠤ ᠶᠢᠨ ᠪᠠᠶᠢᠳᠠᠯ  ᠤᠨ ᠲᠤᠬᠠᠢ ᠪᠠᠶᠢᠴᠠᠭᠠᠯᠳᠡ ᠬᠢᠪᠡ᠃        ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂  ᠡᠯ᠎ᠡ ᠬᠤᠰᠢᠭᠤ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃  ᠭᠤᠤᠯ ᠬᠤᠷᠠᠯ ᠤᠨ ᠲᠠᠯᠠᠪᠠᠢ ᠳᠤ 100 ᠬᠤᠳᠠ ᠶᠢᠨ ᠠᠷᠠᠳ ᠤᠨ ᠲᠦᠯᠦᠭᠡᠯᠡᠭᠴᠢ᠂ 9 ᠬᠤᠰᠢᠭᠤ ᠲᠤᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ 1400 ᠬᠤᠳᠠ ᠶᠢᠨ ᠠᠷᠠᠳ ᠤᠨ ᠲᠦᠯᠦᠭᠡᠯᠡᠭᠴᠢ ᠮᠡᠳᠡᠭᠦᠯᠤᠯᠳᠡ ᠶᠢᠨ ᠬᠤᠷᠠᠯ ᠳᠤ ᠤᠷᠤᠯᠴᠠᠪᠠ᠃  ᠬᠤᠳᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠤᠯᠤᠨ ᠬᠢᠨᠡᠨ ᠪᠠᠶᠢᠴᠠᠭᠠᠬᠤ ᠵᠦᠪᠯᠡᠯ᠂  ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠬᠤᠯᠪᠤᠬᠳᠠᠯ ᠪᠦᠭᠦᠢ ᠬᠠᠷᠢᠭᠤᠴᠠᠯᠭᠠᠳᠡᠨ ᠨᠦᠬᠦᠳ ᠭᠤᠤᠯ ᠬᠤᠷᠠᠯ ᠤᠨ ᠲᠠᠯᠠᠪᠠᠢ ᠳᠤ ᠮᠡᠳᠡᠭᠦᠯᠤᠯᠳᠡ ᠶᠢᠨ ᠬᠤᠷᠠᠯ ᠳᠤ ᠤᠷᠤᠯᠴᠠᠪᠠ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ