ᠬᠤᠸᠠ ᠮᠤᠳᠤ ᠲᠤᠰᠬᠤᠨ ᠤ 52 ᠡᠷᠦᠭᠡ ᠪᠤᠭᠢᠷᠳᠦᠯ ᠦᠭᠡᠢ ᠲᠤᠤᠷ᠎ᠡ ᠨᠡᠭᠦᠷᠡᠰᠦᠳᠦ᠋ᠷᠦᠭᠴᠢᠳᠤ ᠰᠢᠨ᠎ᠡ ᠠᠮᠢᠳᠤᠷᠡᠯ ᠢ ᠡᠳ᠋ᠯᠡᠨ᠎ᠡ
ᠨᠡᠶᠢᠲᠡᠯᠡᠭᠰᠡᠨ ᠴᠠᠭ᠄
2022/1/18
     ᠤᠢᠢᠷᠠᠳᠬᠠᠨ᠂ ᠹᠠᠨᠭ᠌ ᠶᠢᠨ ᠪᠤᠤ᠂ ᠬᠤᠤ ᠡᠯ ᠡᡁᠸᠤ ᠱᠸᠡᠭ᠂ ᠯᠢ ᠯᠠᠢ ᠹᠦ᠋ ᠭᠤᠷᠪᠡᠨ ᠡᠷᠦᠭᠡ ᠶᠢᠨ ᠭᠡᠷ ᠤᠨ ᠤᠷᠤᠢ ᠲᠡᠭᠡᠷ᠎ᠡ ᠪᠠᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠲᠦᠭᠦᠭᠡᠷᠦᠮᠵᠢ ᠤᠬᠰᠠᠷᠡᠨ ᠴᠠᠭᠢᠯᠭᠠᠨ ᠲᠤᠤᠷ ᠲᠤ ᠨᠡᠶᠢᠯᠡᠭᠦᠯᠦᠨ ᠴᠠᠭᠢᠯᠭᠠᠨ ᠭᠠᠷᠭᠠᠬᠤ ᠶᠢ ᠲᠠᠭᠠᠯᠳᠤᠨ᠂ ᠽᠠᠨᠳᠠᠨᠵᠤᠤ ᠰᠤᠮᠤᠨ ᠤ ᠬᠤᠸᠠ ᠮᠤᠳᠤ ᠲᠤᠰᠬᠤᠨ ᠤ 52 ᠡᠷᠦᠭᠡ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠲᠦᠭᠦᠭᠡᠷᠦᠮᠵᠢ ᠤᠬᠰᠠᠷᠡᠨ ᠴᠠᠭᠢᠯᠭᠠᠨ ᠲᠤᠤᠷ ᠲᠤ ᠨᠡᠶᠢᠯᠡᠭᠦᠯᠦᠨ ᠴᠠᠭᠢᠯᠭᠠᠨ ᠭᠠᠷᠭᠠᠬᠤ ᠪᠤᠯᠵᠤ᠂ ᠵᠢᠯ ᠤᠨ ᠤᠷᠤᠯᠭ᠎ᠠ ᠨᠢ 50 ᠭᠠᠷᠤᠢ ᠲᠦᠮᠡᠨ ᠲᠦᠭᠦᠷᠢᠭ ᠲᠤ ᠭᠦᠷᠴᠤ᠂ ᠲᠤᠰ ᠲᠤᠰᠬᠤᠨ ᠤ 80% ᠶᠢᠨ ᠲᠤᠰᠬᠤᠨ ᠤ ᠠᠷᠠᠳ ᠴᠠᠭᠢᠯᠭᠠᠨ ᠢᠶᠠᠷ ᠲᠤᠯᠠᠭᠠᠯᠠᠭ᠎ᠠ ᠬᠠᠨᠭ᠍ᠭᠠᠵᠤ ᠲᠤᠯᠠᠭᠠᠯᠠᠬᠤ ᠪᠤᠯᠵᠡᠢ᠃ ᠭᠡᠷᠡᠯ ᠴᠡᠨᠡᠭ ᠤᠨ ᠰᠢᠨ᠎ᠡ ᠡᠨᠧᠷᠭᠢ ᠨᠢ ᠪᠤᠭᠢᠷᠳᠦᠯ ᠦᠭᠡᠢ ᠲᠤᠤᠷ᠎ᠡ ᠨᠡᠭᠦᠷᠡᠰᠦᠳᠦ᠋ᠷᠦᠭᠴᠢᠳᠤ ᠰᠢᠨ᠎ᠡ ᠠᠮᠢᠳᠤᠷᠡᠯ ᠢ ᠡᠭᠢᠯᠡᠭᠦᠯᠦᠨ᠂ ᠲᠤᠰᠬᠤᠨ ᠤ ᠠᠷᠠᠳ ᠤᠨ ᠤᠷᠤᠯᠭ᠎ᠠ ᠪᠠᠨ ᠨᠡᠮᠡᠭᠳᠡᠭᠦᠯᠭᠦ ᠰᠢᠨ᠎ᠡ ᠵᠡᠮ ᠮᠦᠷ ᠪᠤᠯᠵᠤ ᠪᠠᠶᠢᠨ᠎ᠡ᠃       ︽ᠡᠨᠡ ᠵᠢᠯ ᠤᠨ 9 ᠰᠠᠷ᠎ᠡ ᠳᠤ᠂ ᠮᠡᠨ ᠤ ᠬᠢᠨ 28 ᠺᠢᠯᠤᠸᠠᠲ ᠤᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠲᠦᠭᠦᠭᠡᠷᠦᠮᠵᠢ ᠤᠬᠰᠠᠷᠡᠵᠤ ᠨᠢᠭᠡᠨᠳᠡ ᠴᠠᠭᠢᠯᠭᠠᠨ ᠲᠤᠤᠷ ᠲᠤ ᠨᠡᠶᠢᠯᠡᠭᠦᠯᠦᠨ ᠴᠠᠭᠢᠯᠭᠠᠨ ᠭᠠᠷᠭᠠᠬᠤ ᠪᠤᠯᠵᠠᠢ᠃ ᠵᠢᠯ ᠪᠦᠷᠢ ᠴᠠᠭᠢᠯᠭᠠᠨ ᠬᠤᠳᠠᠯᠳᠤᠭᠠᠳ 7000 ᠭᠠᠷᠤᠢ ᠲᠦᠭᠦᠷᠢᠭ ᠤᠨ ᠤᠷᠤᠯᠭ᠎ᠠ ᠤᠯᠴᠢᠬᠠᠨ᠎ᠡ᠂ ᠤᠳᠤᠬᠠᠨ ᠳᠤ ᠭᠡᠷᠡᠯ ᠴᠡᠨᠡᠭ ᠢᠶᠠᠷ ᠴᠠᠭᠢᠯᠭᠠᠨ ᠭᠠᠷᠭᠠᠭᠠᠳ ᠵᠤᠭᠤᠰ ᠬᠤᠨᠵᠢᠬᠤ ᠪᠤᠯᠤᠬᠰᠡᠨ ᠮᠦᠷᠳᠡᠭᠡᠨ ᠴᠠᠭᠢᠯᠭᠠᠨ ᠢᠶᠠᠷ ᠨᠡᠭᠦᠷᠡᠰᠤ ᠶᠢ ᠤᠷᠤᠯᠠᠭᠤᠯᠵᠤ ᠲᠤᠯᠠᠭᠠᠯᠠᠭ᠎ᠠ ᠭᠢᠵᠤ ᠠᠮᠢᠳᠤᠷᠡᠯ ᠢᠶᠠᠨ ᠦᠭᠡᠳᠡᠯᠡᠭᠦᠯᠵᠤ ᠶᠠᠪᠤᠨ᠎ᠡ︾ ᠭᠡᠵᠤ ᠲᠤᠰᠬᠤᠨ ᠤ ᠨᠠᠮ ᠤᠨ ᠡᠭᠦᠷ ᠤᠨ ᠱᠦᠵᠢ ᠬᠤᠤ ᠶᠦᠨ ᠯᠧ ᠢᠨᠢᠶᠡᠮᠰᠦᠭᠯᠡᠨ ᠶᠠᠷᠢᠨ᠎ᠡ᠃         ᠲᠤᠰᠬᠤᠨ ᠤ ᠠᠷᠠᠳ ᠶᠠᠩ ᠡᠦ ᠵᠢᠶᠡ ᠶᠢᠨ ᠬᠢᠨ 200 ᠭᠠᠷᠤᠢ ᠢᠮᠠᠭ᠎ᠠ ᠲᠡᠵᠢᠭᠡᠵᠤ ᠪᠤᠢ᠂ ᠲᠡᠷᠡ ᠭᠦᠦ ᠲᠠᠢ ᠪᠠᠨ ᠬᠤᠶᠠᠷ ᠠᠶᠢᠯ ᠢᠶᠠᠷ ᠢᠶᠠᠨ ᠫᠸᠡᠭ ᠬᠠᠰᠢᠶᠡᠨ ᠳᠠᠭᠠᠨ 50 ᠭᠠᠷᠤᠢ ᠺᠢᠯᠤᠸᠠᠲ ᠤᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠲᠦᠭᠦᠭᠡᠷᠦᠮᠵᠢ ᠤᠬᠰᠠᠷᠡᠨ᠂ ᠵᠢᠯ ᠤᠨ 10000 ᠭᠠᠷᠤᠢ ᠲᠦᠭᠦᠷᠢᠭ ᠤᠨ ᠤᠷᠤᠯᠭ᠎ᠠ ᠡᠭᠦᠳᠴᠡᠢ᠃ ︽ᠦᠡᠭᠭᠡᠷᠡᠭᠰᠡᠨ ᠳᠤ ᠦᠷᠯᠦᠭᠡ ᠦᠳᠡᠰᠢ ᠪᠤᠯᠭᠠᠨ ᠤᠳᠤᠭ᠎ᠠ ᠮᠠᠨᠡᠨ ᠤ ᠳᠤᠮᠳᠠ ᠠᠮᠢᠳᠤᠷᠠᠵᠤ ᠪᠠᠶᠢᠭᠰᠠᠨ ᠪᠤᠯ ᠤᠳᠤ ᠲᠤᠯᠠᠭᠠᠨ ᠲᠡᠪᠡᠳᠡᠢ ᠡᠪᠤᠯᠵᠢᠭᠦ ᠪᠤᠯᠤᠯ᠎ᠠ᠂ ᠴᠠᠭᠢᠯᠭᠠᠨ ᠢᠶᠠᠷ ᠲᠤᠯᠠᠭᠠᠯᠠᠬᠤ ᠨᠢ ᠨᠡᠭᠡᠷᠡᠨ ᠰᠠᠶᠢᠨ᠂ ᠮᠠᠨ ᠤ ᠬᠢᠨ ᠴᠤ ︿ᠬᠤᠤᠰ ᠨᠡᠭᠦᠷᠡᠰᠦᠳᠦ᠋ᠷᠦᠭᠴᠢ﹀ ᠶᠢᠨ ᠬᠠᠷᠡᠯᠳᠡ ᠳᠤ ᠬᠤᠪᠢ ᠨᠠᠮᠠᠷᠢ ᠦᠵᠡᠭᠦᠯᠵᠤ ᠪᠤᠢ︾ ᠭᠡᠵᠤ ᠶᠠᠩ ᠡᠦ ᠵᠢᠶᠡ ᠶᠦᠮᠦᠷᠯᠢᠭ ᠭᠡᠯᠡᠨ᠎ᠡ᠃       ︽ᠬᠤᠸᠠ ᠮᠤᠳᠤ ᠲᠤᠰᠬᠤᠨ ᠤ 52 ᠡᠷᠦᠭᠡ ᠶᠢᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠲᠦᠭᠦᠭᠡᠷᠦᠮᠵᠢ ᠶᠢᠨ ᠰᠦᠢᠳᠭᠡᠯ ᠢ ᠪᠦᠭᠦᠨ ᠢ ᠪᠠᠩᠭᠢ ᠠᠴᠠ ᠵᠢᠭᠡᠯᠡᠯᠭᠡ ᠠᠪᠴᠤ ᠤᠬᠰᠠᠷᠡᠵᠡᠢ᠂ ᠭᠡᠷ᠎ᠡ ᠶᠢᠨ ᠬᠤᠭᠤᠴᠠᠭ᠎ᠠ ᠨᠢ 25 ᠵᠢᠯ᠂ ᠤᠷᠤᠭᠤᠯᠤᠬᠰᠡᠨ ᠪᠡᠯᠡ ᠮᠦᠡᠭᠭᠦ ᠪᠠᠨ 10 ᠵᠢᠯ ᠳᠤ ᠪᠤᠴᠠᠭᠠᠭᠠᠳ ᠠᠪᠴᠢᠬᠠᠨ᠎ᠠ᠃ ᠭᠡᠷᠡᠭᠯᠡᠭᠰᠡᠨ ᠴᠠᠭᠢᠯᠭᠠᠨ ᠢᠶᠠᠨ ᠨᠡᠶᠢᠳᠡ ᠶᠢᠨ ᠴᠠᠭᠢᠯᠭᠠᠨ ᠲᠤᠤᠷ ᠲᠤ ᠤᠷᠤᠭᠤᠯᠵᠤ᠂ ᠴᠠᠭᠢᠯᠭᠠᠨ ᠭᠠᠷᠭᠠᠪᠡᠯ ᠠᠰᠢᠭ ᠤᠷᠤᠯᠭ᠎ᠠ ᠲᠠᠢ᠂ ᠬᠤᠸᠠ ᠮᠤᠳᠤ ᠲᠤᠰᠬᠤᠨ ᠤ 52 ᠡᠷᠦᠭᠡ ᠶᠢᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠤᠷᠤᠯᠭ᠎ᠠ ᠠᠴᠠ ᠦᠵᠡᠪᠡᠯ᠂ ᠡᠷᠦᠭᠡ ᠲᠤᠮᠳᠡᠴᠢ ᠶᠢᠨ ᠵᠢᠯ ᠪᠦᠷᠢ ᠶᠢᠨ ᠤᠷᠤᠯᠭ᠎ᠠ 9000 ᠭᠠᠷᠤᠢ ᠲᠦᠭᠦᠷᠢᠭ ᠲᠤ ᠭᠦᠷᠴᠤ᠂ ᠬᠤᠶᠢᠰᠢᠳᠡ ᠡᠭᠦᠨ ᠢ ᠤᠷᠤᠯᠭ᠎ᠠ ᠶᠢ ᠨᠢ ᠨᠡᠮᠡᠭᠳᠡᠭᠦᠯᠵᠤ ᠴᠢᠨᠡᠭᠡᠯᠢᠭᠵᠢᠭᠦᠯᠭᠦ ᠤᠷᠳᠤ ᠬᠤᠭᠤᠴᠠᠭᠠᠨ ᠤ ᠠᠵᠤ ᠦᠢᠯᠡᠰ ᠪᠤᠯᠭᠠᠬᠤ ᠪᠠᠷ ᠪᠠᠶᠢᠨ᠎ᠡ︾ ᠭᠡᠵᠤ ᠽᠠᠨᠳᠠᠨᠵᠤᠤ ᠰᠤᠮᠦᠨ ᠤ ᠰᠤᠮᠤᠨ ᠲᠠᠷᠤᠭ᠎ᠠ ᠨᠠᠮᠤᠭᠤᠬᠠᠨ ᠲᠠᠨᠢᠯᠴᠠᠭᠤᠯᠤᠨ᠎ᠡ᠃    ᠲᠡᠯᠡᠳ ᠬᠤᠰᠢᠭᠤᠨ ᠤ ᠲᠡᠳ᠋ ᠬᠤᠰᠢᠭᠤᠨ ᠲᠠᠷᠤᠭ᠎ᠠ ᠪᠠᠢ ᠭᠦᠸᠧ ᠳ᠋ᠦᠡᠭ ᠰᠤᠷᠪᠤᠯᠵᠢᠯᠠᠭᠴᠢ ᠳᠤ᠄ ︽ᠬᠤᠤᠰ ᠨᠡᠭᠦᠷᠡᠰᠦᠳᠦ᠋ᠷᠦᠭᠴᠢ︾ ᠶᠢᠨ ᠬᠠᠷᠡᠯᠳᠡ ᠶᠢ ᠪᠠᠶᠠᠯᠡᠭᠦᠯᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠲᠠᠭᠤᠷᠢᠶᠡᠯ ᠦᠵᠡᠭᠦᠯᠭᠦ ᠤᠷᠤᠨ ᠤ ᠪᠦᠳᠦᠭᠡᠨ ᠪᠠᠶᠢᠭᠤᠯᠤᠯᠳᠡ ᠳᠤ ᠭᠦᠴᠦᠨ ᠨᠡᠮᠡᠷᠢᠯᠡᠭᠦ ᠶᠢᠨ ᠲᠦᠯᠦᠭᠡ᠂ ᠲᠡᠯᠡᠳ ᠬᠤᠰᠢᠭᠤ ᠡᠨᠡ ᠵᠢᠯ ᠤᠨ 6 ᠰᠠᠷ᠎ᠡ ᠳᠤ᠂ ᠬᠤᠸᠠ ᠮᠤᠳᠤ ᠲᠤᠰᠬᠤᠨ ᠳᠤ ︽ᠲᠠᠷᠬᠠᠯᠳᠡ ᠶᠢᠨ ᠮᠠᠶ᠋ᠢᠭ ᠤᠨ ᠭᠡᠷᠡᠯ ᠴᠡᠨᠡᠭ + ᠦᠵᠡᠰᠭᠦᠯᠡᠩᠳᠤ ᠭᠦᠳᠡᠭᠡ ᠲᠤᠰᠬᠤᠨ︾ ᠤ ᠪᠦᠳᠦᠭᠡᠨ ᠪᠠᠶᠢᠭᠤᠯᠤᠯᠳᠡ ᠶᠢᠨ ᠲᠤᠷᠰᠢᠯᠳᠡ ᠶᠢᠨ ᠴᠡᠭ ᠢ ᠭᠡᠷᠡᠭᠵᠢᠭᠦᠯᠦᠭᠡᠳ ᠨᠠᠯᠢᠶᠡᠳ ᠰᠠᠶᠢᠨ ᠥᠷ᠎ᠡ ᠠᠰᠢᠭ ᠢ ᠤᠯᠵᠡᠢ᠃ ᠲᠠᠷᠠᠭᠠᠴᠢ ᠶᠢᠨ ᠠᠯᠬᠤᠮ ᠳᠤ᠂ ᠪᠦᠭᠦ ᠬᠤᠰᠢᠭᠤᠨ ᠤ 132 ᠭᠠᠴᠠᠭ᠎ᠠ ᠲᠤᠰᠬᠤᠨ ᠳᠤ ᠠᠭᠠᠵᠢᠮ ᠢᠶᠠᠷ ᠲᠦᠭᠡᠮᠡᠯᠵᠢᠭᠦᠯᠦᠨ᠎ᠡ ᠭᠡᠵᠤ ᠪᠠᠶᠢᠯ᠎ᠠ᠃  
ᠢᠷᠡᠯᠲᠡ᠄ ᠤᠷᠳᠤᠰ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ