ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠦ ᠴᠢᠬᠤᠯᠠᠴᠢᠯᠠᠭᠰᠠᠨ ᠨᠢ᠄ ᠴᠢᠩᠭ᠎ᠠ ᠪᠠᠶᠢᠬᠤ ᠭᠤᠣᠯ ᠬᠥᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠯᠢ ᠺᠧ ᠴᠢᠶᠠᠩ ᠯᠢ ᠵᠠᠨ ᠱᠣ᠋ ᠸᠠᠩ ᠶᠠᠩ ᠸᠠᠩ ᠬᠣ᠋ ᠨᠢᠩ ᠬᠠᠨ ᠵᠧᠩ ᠬᠤᠷᠠᠯ ᠳᠤ ᠣᠷᠣᠯᠴᠠᠵᠤ ᠵᠤᠤ ᠯᠧ ᠵᠶᠢ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/1/20
   ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 18 ᠤ ᠴᠠᠬᠢᠯᠭᠠᠨ ᠮᠡᠳᠡᠭᠡ    ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 18 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠴᠢᠩᠭ᠎ᠠ ᠪᠠᠶᠢᠬᠤ ᠭᠤᠣᠯ ᠬᠥᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠤᠭᠲᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠯᠢᠪᠠ ᠢᠯᠵᠠᠷᠠᠯ ᠪᠠ ᠲᠥᠪ ᠪᠤᠰᠤ ᠰᠤᠷᠲᠠᠯ ᠢ ᠵᠠᠯᠠᠷᠠᠭᠤᠯᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ ᠳᠡᠭᠡᠳᠤ ᠱᠠᠳᠤ ᠨᠢ ᠳᠣᠣᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠢᠭᠰᠡᠨ ᠠᠭᠤᠤ ᠶᠡᠭᠡ ᠬᠤᠪᠢᠰᠬᠠᠯ ᠢᠶᠠᠷ ᠨᠡᠶᠢᠭᠡᠮ ᠤᠨ ᠠᠭᠤᠤ ᠶᠡᠭᠡ ᠬᠤᠪᠢᠰᠬᠠᠯ ᠢ ᠬᠥᠲᠥᠯᠥᠨ ᠳᠠᠭᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠣ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠤᠤ ᠯᠧ ᠵᠶᠢ ᠬᠤᠷᠠᠯ ᠢ ᠡᠷᠬᠢᠯᠡᠪᠡ᠃     ᠰᠢ ᠶᠢᠨ ᠫᠢᠩ᠂ 2021 ᠤᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠤᠨ᠎ᠠ᠃ ᠨᠠᠮ ᠤᠨ ᠲᠥᠪ ᠬᠤᠷᠢᠶ᠎ᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠵᠤ᠂ ᠰᠢᠨ᠎ᠡ ᠠᠶᠠᠨ ᠳᠠᠭᠠᠨ ᠮᠤᠷᠳᠠᠬᠤ ᠳᠤ ᠬᠦᠴᠦᠲᠡᠶ ᠤᠯᠤᠰ ᠲᠥᠷᠥ ᠶᠢᠨ ᠪᠠᠲᠤᠯᠠᠭ᠎ᠠ ᠬᠠᠩᠭᠠᠪᠠ᠃ ᠡᠨᠡ ᠵᠢᠯ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠷᠪᠠᠳᠤᠭᠠᠷ ᠵᠢᠯ ᠪᠣᠯᠤᠨ᠎ᠠ᠂ ᠠᠷᠪᠠᠨ ᠵᠢᠯ ᠴᠦᠬᠦᠷᠡᠰᠢ ᠦᠭᠡᠢ ᠴᠢᠷᠮᠠᠶᠢᠵᠤ᠂ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠰᠥᠰᠥ ᠵᠣᠷᠢᠭ ᠪᠣᠯᠤᠨ ᠲᠣᠭᠲᠠᠯ ᠬᠦᠴᠦᠨ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠤᠯᠠᠨ ᠵᠢᠯ ᠤᠨ ᠲᠤᠷᠰᠢ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠮᠠᠭᠤ ᠵᠠᠩᠰᠢᠯ ᠢ ᠬᠤᠷᠢᠭᠯᠠᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠠᠷᠬᠠᠭ ᠭᠡᠮ ᠢ ᠰᠢᠢᠳᠪᠦᠷᠢᠯᠡᠵᠦ᠂ ᠨᠠᠮ᠂ ᠤᠯᠤᠰ᠂ ᠴᠡᠷᠢᠭ ᠠᠩᠬᠢ ᠶᠢᠨ ᠳᠣᠲᠣᠭᠠᠳᠤ ᠳᠤ ᠣᠷᠣᠰᠢᠵᠤ ᠪᠠᠶᠢᠭᠰᠠᠨ ᠬᠦᠨᠳᠦ ᠨᠣᠴᠢᠲᠠᠢ ᠬᠡᠮ ᠰᠣᠭᠤᠭ ᠢ ᠠᠷᠢᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠠᠭᠤᠵᠢᠮ ᠰᠤᠯᠠ ᠵᠥᠭᠡᠯᠡᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠲᠦᠰᠢᠭᠯᠡᠨ ᠲᠡᠦᠬᠡᠨ ᠦᠶᠡᠯᠡᠯ ᠤᠨ ᠬᠤᠭᠤᠴᠠᠭ᠎ᠠ ᠠᠴᠠ ᠲᠠᠪᠠᠨ ᠭᠠᠷᠤᠭᠰᠠᠨ ᠠᠮᠵᠢᠯᠲᠠ ᠲᠠᠢ ᠠᠷᠭ᠎ᠠ ᠵᠠᠮ ᠢ ᠬᠠᠶᠢᠨ ᠰᠦᠪᠡᠭᠴᠢᠯᠡᠵᠤ ᠨᠡᠭᠡᠭᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠡᠦᠬᠡᠲᠦ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ ᠣᠯᠵᠤ᠂ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠨᠥᠯᠥᠭᠡ ᠭᠠᠷᠴᠤ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ      ᠰᠢ ᠶᠢᠨ ᠫᠢᠩ᠂ ᠵᠠᠭᠤᠨ ᠵᠢᠯ ᠤᠨ ᠲᠤᠷᠰᠢ᠂ ᠮᠠᠨ ᠤ ᠨᠠᠮ ᠭᠠᠳᠠᠨ᠎ᠠ ᠪᠠᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠲᠦᠰᠢᠭᠯᠡᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠳᠣᠲᠣᠭᠠᠳᠤ ᠳᠠᠭᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠵᠣᠷᠢᠭᠲᠠᠢ ᠪᠠᠷ ᠦᠨᠡᠨ ᠶᠣᠰᠣ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠵᠣᠷᠢᠭᠲᠠᠢ ᠪᠠᠷ ᠬᠢᠳᠤᠭᠠᠨ ᠢᠷ ᠢᠶᠠᠨ ᠳᠣᠲᠣᠭᠰᠢ ᠬᠠᠨᠳᠤᠭᠤᠯᠵᠤ᠂ ᠵᠣᠷᠢᠭᠲᠠᠢ ᠪᠠᠷ ᠶᠠᠰᠤ ᠪᠠᠨ ᠬᠤᠰᠤᠨ ᠬᠤᠣᠷ ᠢᠶᠠᠨ ᠠᠷᠢᠯᠭᠠᠵᠤ᠂ ᠨᠠᠮ ᠤᠨ ᠥᠨᠢ ᠤᠳᠠᠭᠠᠨ ᠬᠥᠭᠵᠢᠨ ᠮᠠᠨᠳᠤᠵᠤ᠂ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠬᠤ ᠶᠢ ᠪᠠᠲᠤᠯᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠭᠤᠤ ᠶᠡᠭᠡ ᠦᠢᠯᠡᠳᠦᠯᠭᠡ ᠮᠥᠨ᠂ ᠵᠠᠭᠤᠨ ᠵᠢᠯ ᠤᠨ ᠲᠤᠮᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠷᠬᠡᠪᠰᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ ᠵᠢᠯᠤᠭᠤᠳᠤᠮᠵᠢ ᠪᠤᠯᠭᠠᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠤᠯᠤᠰ ᠲᠦᠷᠦ ᠶᠢᠨ ᠦᠨᠳᠦᠰᠦᠨ ᠴᠢᠭᠯᠡᠯ ᠢ ᠪᠠᠲᠤ ᠰᠠᠬᠢᠬᠤ ᠬᠡᠷᠡᠭᠲᠡᠢ︔ ᠡᠷᠬᠡᠪᠰᠢ ᠦᠵᠡᠯ ᠰᠠᠨᠠᠭᠠᠨ ᠤ ᠪᠠᠶᠢᠭᠤᠯᠤᠯᠲᠠ ᠪᠠᠷ ᠨᠠᠮ ᠤᠨ ᠰᠠᠭᠤᠷᠢ ᠴᠢᠨᠠᠷᠲᠠᠢ ᠪᠠᠶᠢᠭᠤᠯᠤᠯᠲᠠ ᠪᠣᠯᠭᠠᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠦᠵᠡᠯ ᠰᠠᠨᠠᠭᠠᠨ ᠤ ᠬᠤᠷᠴᠠ ᠵᠡᠪᠰᠡᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠡᠷᠬᠡᠪᠰᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠢᠩᠭ᠎ᠠ ᠰᠠᠬᠢᠯᠭ᠎ᠠ ᠪᠠᠲᠤ ᠪᠠᠷ ᠰᠤᠷᠲᠠᠯ ᠢ ᠴᠡᠭᠴᠡᠯᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠦᠲᠦᠮᠵᠢᠲᠡᠢ ᠠᠷᠭ᠎ᠠ ᠵᠠᠮ ᠢ ᠪᠠᠶᠠᠯᠢᠭᠵᠢᠭᠤᠯᠬᠤ ᠬᠡᠷᠡᠭᠲᠡᠢ︔ ᠡᠷᠬᠡᠪᠰᠢ ᠠᠶᠤᠩᠭ᠎ᠠ ᠴᠠᠬᠢᠯᠭᠠᠨ ᠨᠢᠵᠢᠭᠢᠨᠡᠬᠦ ᠰᠦᠷ ᠬᠦᠴᠦᠨ ᠢᠶᠠᠷ ᠢᠯᠵᠠᠷᠠᠯ ᠢ ᠡᠰᠡᠷᠭᠦᠴᠡᠵᠦ ᠬᠠᠷᠭᠢᠰ ᠬᠦᠴᠦᠨ ᠢ ᠵᠠᠯᠬᠠᠭᠠᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ︔ ᠡᠷᠬᠡᠪᠰᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠬᠦᠴᠦᠨ ᠨᠢᠭᠲᠠᠷᠠᠭᠤᠯᠬᠤ ᠬᠦᠴᠦᠨ ᠢ ᠴᠢᠩᠭᠠᠳᠬᠠᠬᠤ ᠶᠢ ᠪᠠᠷᠢᠮᠲᠠᠯᠠᠵᠤ᠂ ᠵᠣᠷᠢᠭᠲᠠᠢ ᠪᠦᠭᠡᠳ ᠴᠢᠳᠠᠮᠠᠭᠠᠢ ᠲᠡᠮᠡᠴᠡᠬᠦ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠡᠷᠬᠡᠪᠰᠢ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠲᠦᠷᠢᠮ ᠵᠢᠷᠤᠮᠵᠢᠯ ᠤᠨ ᠰᠢᠰᠲ᠋ᠧᠮ ᠢ ᠪᠠᠶᠢᠭᠤᠯᠬᠤ ᠶᠢ ᠪᠠᠷᠢᠮᠲᠠᠯᠠᠵᠤ᠂ ᠥᠪᠡᠷ ᠤᠨ ᠪᠡᠶ᠎ᠠ ᠳᠡᠭᠡᠨ ᠠᠭᠤᠤ ᠶᠡᠭᠡ ᠬᠤᠪᠢᠰᠬᠠᠯ ᠬᠢᠬᠦ ᠶᠢ ᠠᠬᠢᠭᠤᠯᠬᠤ ᠳᠤ ᠲᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠮᠠᠷᠺᠰ ᠤᠨ ᠦᠵᠡᠯ ᠤᠨ ᠨᠠᠮ ᠪᠠᠶᠢᠭᠤᠯᠬᠤ ᠰᠤᠷᠭᠠᠯ ᠢ ᠵᠠᠯᠭᠠᠮᠵᠢᠯᠠᠨ ᠬᠥᠭᠵᠢᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠨᠠᠮ ᠢ ᠬᠠᠮᠢᠶᠠᠷᠬᠤ ᠨᠠᠮ ᠢ ᠵᠠᠰᠠᠬᠤ ᠦᠢᠯᠡᠳᠦᠯᠭᠡ ᠶᠢᠨ ᠰᠢᠨ᠎ᠡ ᠡᠭᠦᠳᠦᠯᠲᠡ᠂ ᠤᠨᠤᠯ ᠤᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢ ᠭᠦᠨᠵᠡᠭᠡᠢ ᠠᠬᠢᠭᠤᠯᠵᠤ᠂ ᠶᠠᠮᠠᠷᠰᠢᠤ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠰᠢᠨ᠎ᠡ ᠦᠨᠳᠦᠷᠴᠡ ᠳᠤ ᠬᠦᠷᠴᠡᠢ᠃ ᠡᠨᠡ ᠨᠢ ᠳᠠᠷᠤᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ ᠵᠢᠯᠤᠭᠤᠳᠤᠮᠵᠢ ᠪᠤᠯᠭᠠᠬᠤ ᠶᠢ ᠪᠠᠷᠢᠮᠲᠠᠯᠠᠵᠤ᠂ ᠴᠢᠩᠭ᠎ᠠ ᠪᠠᠶᠢᠬᠤ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠣᠭᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠯᠢᠪᠠ ᠢᠯᠵᠠᠷᠠᠯ ᠪᠠ ᠲᠥᠪ ᠪᠤᠰᠤ ᠰᠤᠷᠲᠠᠯ ᠢ ᠵᠠᠯᠠᠷᠠᠭᠤᠯᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠨ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠬᠦ ᠶᠢ ᠪᠠᠷᠢᠮᠳᠠᠯᠠᠵᠤ᠂ ᠪᠦᠬᠦ ᠲᠠᠯ᠎ᠠ ᠶᠢ ᠬᠠᠮᠤᠷᠤᠭᠰᠠᠨ᠂ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠦᠷᠢᠯᠳᠦᠭᠦᠯᠦᠭᠰᠡᠨ ᠶᠠᠪᠤᠳᠠᠯ ᠪᠣᠯᠤᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠡᠩ ᠡᠷᠡᠰ ᠪᠠᠲᠤ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ᠂ ᠬᠥᠮᠦᠵᠢᠯ᠂ ᠤᠬᠠᠭᠤᠯᠭ᠎ᠠ ᠶᠢ ᠴᠥᠬᠦᠷᠡᠰᠢ ᠥᠬᠡᠶ ᠠᠬᠢᠭᠤᠯᠵᠤ᠂ ᠪᠥᠬᠦ ᠨᠠᠮ ᠢ ᠬᠥᠲᠥᠯᠥᠨ ᠵᠢᠯᠣᠭᠤᠳᠴᠤ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠰᠡᠳᠭᠢᠯ ᠵᠢᠷᠦᠭᠡᠨ ᠳᠡᠭᠡᠨ ᠦᠨᠡᠨ ᠬᠦ ᠦᠨᠳᠦᠰᠦᠯᠡᠭᠦᠯᠵᠦ᠂ ᠨᠠᠮ ᠪᠣᠯᠤᠨ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠴᠢᠩ ᠦᠨᠡᠨᠴᠢ ᠬᠤᠪᠢ ᠨᠡᠮᠡᠷᠢ ᠦᠵᠡᠭᠦᠯᠵᠦ᠂ ᠰᠢᠯᠭᠠᠯᠲᠠ ᠳᠤ ᠣᠷᠣᠯᠴᠠᠬᠤ ᠰᠢᠨ᠎ᠡ ᠵᠠᠮ ᠳᠡᠭᠡᠷ᠎ᠡ ᠰᠠᠶᠢᠨ ᠬᠢᠷᠢ ᠪᠦᠲᠦᠮᠵᠢ ᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠣᠭᠤᠳᠴᠤ ᠱᠠᠯᠠᠪᠳᠠᠭᠤᠯᠤᠨ ᠱᠠᠭᠠᠷᠳᠠᠵᠤ ᠪᠠᠶᠢᠭᠠᠳ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠶᠢ ᠦᠨᠡᠨ ᠬᠦ ᠭᠦᠨᠵᠡᠭᠡᠶ ᠣᠶᠢᠯᠠᠭᠠᠭᠤᠯᠵᠤ᠂ ᠴᠠᠭ ᠢᠮᠠᠭᠲᠠ ᠭᠠᠵᠠᠷ ᠪᠣᠯᠭᠠᠨ ᠳᠤ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠶ ᠪᠠᠶᠢᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠶ ᠲᠤᠭᠤᠰᠢᠯᠠᠭᠤᠯᠵᠤ᠂ ᠳᠤᠲᠠᠭᠤ ᠳᠣᠷᠭᠤᠨ ᠬᠢᠬᠦ ᠥᠬᠡᠶ᠂ ᠥᠩᠭᠡᠨ ᠲᠠᠯ᠎ᠠ ᠶᠢᠨ ᠠᠵᠢᠯ ᠬᠢᠬᠦ ᠥᠬᠡᠶ ᠪᠠᠶᠢᠵᠤ᠂ ᠳᠤᠷ᠎ᠠ ᠵᠣᠷᠢᠭ ᠤᠨ ᠦᠵᠡᠯ᠂ ᠥᠪᠡᠷᠡᠮᠡᠲᠡᠭᠡᠶ ᠦᠵᠡᠯ᠂ ᠬᠠᠮᠠᠭᠠᠯᠠᠬᠤ ᠦᠵᠡᠯ ᠢ ᠵᠠᠯᠠᠷᠠᠭᠤᠯᠵᠤ᠂ ᠨᠢᠭᠡ ᠴᠠᠭ ᠨᠢᠭᠡ ᠭᠠᠵᠠᠷ ᠤᠨ ᠠᠰᠢᠭ ᠲᠤᠰᠠ ᠶᠢᠨ ᠲᠥᠯᠥᠭᠡ ᠵᠠᠯᠢ ᠮᠡᠭᠡ ᠭᠠᠷᠭᠠᠬᠤ ᠥᠬᠡᠶ᠂ ᠠᠷᠭ᠎ᠠ ᠤᠬᠠᠭᠠᠨ ᠭᠠᠷᠭᠠᠬᠤ ᠥᠬᠡᠶ ᠪᠠᠶᠢᠵᠤ᠂ ᠬᠡᠷᠡᠭᠵᠢᠭᠦᠯᠬᠦ ᠳᠡᠭᠡᠨ ᠬᠡᠯᠪᠠᠶᠢᠯᠭᠡᠬᠦ ᠥᠬᠡᠶ᠂ ᠬᠤᠪᠢᠷᠠᠭᠤᠯᠬᠤ ᠥᠬᠡᠶ᠂ ᠥᠭᠡᠷᠡᠲᠦᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠰᠢ ᠶᠢᠨ ᠫᠢᠩ᠂ ᠢᠯᠵᠠᠷᠡᠯ ᠢ ᠡᠰᠡᠷᠭᠦᠴᠡᠬᠦ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠢᠯᠵᠠᠷᠡᠬᠤ ᠠᠴᠠ ᠵᠢᠷᠦᠬᠡᠰᠢᠶᠡᠬᠦ᠂ ᠢᠯᠵᠠᠷᠡᠵᠦ ᠪᠣᠯᠬᠤ ᠦᠭᠡᠢ᠂ ᠢᠯᠵᠠᠷᠡᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ᠃ ᠢᠯᠵᠠᠷᠠᠯ ᠪᠠ ᠢᠯᠵᠠᠷᠠᠯ ᠢ ᠡᠰᠡᠷᠭᠦᠴᠡᠬᠦ ᠲᠡᠮᠡᠴᠡᠯ ᠪᠠᠰᠠ ᠬᠤᠷᠴᠠ ᠰᠢᠷᠦᠭᠦᠨ ᠶᠠᠪᠤᠭᠳᠠᠵᠤ ᠪᠠᠶᠢᠬᠤ ᠪᠥᠭᠡᠳ ᠱᠠᠳᠤ ᠦᠶᠡᠴᠢ ᠴᠢᠨᠠᠷᠲᠠᠢ ᠵᠠᠷᠢᠮ ᠰᠢᠨ᠎ᠡ ᠣᠨᠴᠠᠯᠢᠭ ᠢᠯᠡᠷᠡᠵᠦ᠂ ᠵᠦᠢᠯ ᠵᠢᠰᠦᠮ ᠤᠨ ᠠᠰᠢᠭ ᠲᠤᠰᠠ ᠶᠢᠨ ᠪᠦᠯᠦᠭᠯᠡᠯ ᠤᠨ ᠪᠦᠯᠦᠭᠯᠡᠨ ᠬᠠᠮᠵᠢᠯᠴᠠᠬᠤ᠂ ︽ᠬᠤᠮᠤᠷᠭᠠᠯᠠᠨ ᠠᠪᠠᠯᠠᠬᠤ︾ ᠶᠢ ᠰᠡᠷᠭᠡᠶᠢᠯᠡᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠂ ᠢᠯᠵᠠᠷᠠᠯ ᠢ ᠪᠦᠲᠦᠮᠵᠢᠲᠡᠢ ᠠᠷᠭᠠᠴᠠᠭᠠᠬᠤ ᠠᠷᠭ᠎ᠠ ᠪᠠᠷᠢᠯ ᠢ ᠨᠢᠭᠤᠭᠳᠠᠮᠠᠯ ᠪᠤᠯᠭᠠᠵᠤ ᠬᠤᠪᠢᠷᠠᠭᠤᠯᠬᠤ᠂ ᠰᠢᠨᠡᠳᠭᠡᠵᠦ ᠲᠡᠰ ᠳᠡᠪᠰᠢᠭᠦᠯᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠂ ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠲᠦᠢᠯᠪᠤᠷᠢᠲᠠᠢ ᠠᠷᠢᠯᠭᠠᠵᠤ᠂ ᠳᠠᠯᠠᠢ ᠲᠠᠪᠠᠯᠭᠠᠨ ᠦᠭᠡᠢ ᠭᠤᠤᠯ ᠴᠡᠪᠡᠷ ᠲᠤᠩᠭᠠᠯᠠᠭ ᠪᠤᠯᠭᠠᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠂ ᠰᠢᠰᠲ᠋ᠧᠮ ᠤᠨ ᠴᠢᠨᠠᠷᠲᠠᠢ ᠢᠯᠵᠠᠷᠠᠯ ᠢ ᠠᠷᠢᠯᠭᠠᠨ᠂ ᠠᠶᠤᠯ ᠲᠦᠭᠰᠢᠭᠦᠷᠢ ᠶᠢᠨ ᠲᠠᠯᠳᠠ ᠭᠡᠮ ᠢ ᠨᠠᠮᠲᠠᠭᠠᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃ ᠪᠢᠳᠡ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠳᠠᠭᠠᠷᠢᠯᠲᠠ ᠶᠢᠨ ᠪᠦᠷᠢᠶ᠎ᠡ ᠶᠢ ᠡᠭᠦᠷᠢᠳᠡ ᠬᠠᠩᠬᠢᠨᠠᠭᠤᠯᠵᠤ᠂ ᠢᠯᠵᠠᠷᠠᠯ ᠢ ᠡᠰᠡᠷᠭᠦᠴᠡᠬᠦ ᠶᠠᠪᠤᠳᠠᠯ ᠬᠡᠵᠢᠶᠡᠳᠡ ᠳᠠᠭᠤᠰᠤᠰᠢ ᠦᠭᠡᠢ ᠭᠡᠳᠡᠭ ᠢ ᠪᠠᠲᠤ ᠴᠡᠭᠡᠵᠢᠯᠡᠬᠦ ᠬᠡᠷᠡᠭᠲᠡᠢ᠃ ᠢᠯᠵᠠᠷᠠᠯ ᠤᠨ ᠠᠰᠠᠭᠤᠳᠠᠯ ᠡᠭᠦᠰᠳᠡᠭ ᠬᠦᠷᠦᠰᠦ ᠰᠢᠷᠤᠢ ᠪᠤᠯᠤᠨ ᠨᠦᠬᠦᠴᠡᠯ ᠪᠤᠯᠤᠯᠴᠠᠭ᠎ᠠ ᠣᠷᠣᠰᠢᠵᠤ ᠪᠠᠶᠢᠳᠠᠭ ᠯᠠ ᠶᠤᠮ ᠪᠣᠯ ᠢᠯᠵᠠᠷᠠᠯ ᠤᠨ ᠦᠵᠡᠭᠳᠡᠯ ᠢ ᠦᠨᠳᠦᠰᠦ ᠪᠠᠷ ᠨᠢ ᠠᠷᠢᠯᠭᠠᠵᠦ ᠳᠡᠶᠢᠯᠬᠦ ᠦᠭᠡᠢ ᠪᠠᠶᠢᠵᠤ᠂ ᠮᠠᠨ ᠤ ᠢᠯᠵᠠᠷᠠᠯ ᠢ ᠡᠰᠡᠷᠭᠦᠴᠡᠬᠦ ᠲᠡᠮᠡᠴᠡᠯ ᠴᠦ ᠵᠣᠭᠰᠣᠬᠤ ᠦᠭᠡᠢ ᠶᠤᠮ᠃ ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷᠴᠤᠳ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠢ ᠲᠦᠷᠦᠭᠦᠯᠡᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠰᠠᠭᠤᠷᠢ ᠪᠠᠨ ᠪᠠᠬᠢᠵᠢᠭᠦᠯᠦᠨ ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷᠴᠤᠳ ᠵᠠᠪᠠᠯ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ ᠬᠠᠨᠢ ᠨᠦᠬᠦᠷ᠂ ᠦᠷ᠎ᠡ ᠬᠡᠦᠬᠡᠳ ᠢᠶᠠᠨ ᠰᠠᠶᠢᠲᠤᠷ ᠬᠠᠮᠢᠶᠠᠷᠴᠤ᠂ ᠬᠤᠪᠢ ᠪᠠᠨ ᠰᠠᠬᠢᠳᠠᠭ ᠬᠦᠮᠦᠨ ᠪᠤᠯᠵᠤ᠂ ᠠᠷᠢᠭᠤᠨ ᠴᠢᠭᠡᠴᠢ ᠪᠠᠷ ᠠᠵᠢᠯᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠪᠠᠬᠢᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠶᠡᠭᠡ ᠳᠠᠶᠢᠰᠤᠨ ᠮᠥᠨ᠃ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠤᠳᠤᠷᠢᠳᠬᠤ ᠺᠠᠳ᠋ᠷᠴᠤᠳ ᠠᠴᠠ ᠡᠬᠢᠯᠡᠨ ᠠᠳᠬᠤᠵᠤ᠂ ᠠᠵᠢᠯ ᠤᠨ ᠠᠮᠵᠢᠯᠳᠠ ᠪᠦᠲᠦᠮᠵᠢ ᠶᠢᠨ ᠵᠥᠪ ᠦᠵᠡᠯᠲᠡ ᠶᠢ ᠪᠤᠢ ᠪᠣᠯᠭᠠᠨ᠂ ᠪᠤᠰᠤᠳᠴᠢ ᠪᠣᠳᠠᠲᠤ ᠪᠠᠶᠢᠳᠠᠯ ᠪᠠ ᠤᠯᠠᠨ ᠲᠦᠮᠡᠨ ᠤ ᠬᠡᠷᠡᠭᠴᠡᠭᠡ ᠶᠢ ᠬᠦᠨᠳᠦᠳᠭᠡᠵᠦ᠂ ᠰᠢᠰᠲ᠋ᠧᠮᠲᠦ ᠰᠡᠳᠭᠢᠬᠦᠢ ᠪᠠ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠨ ᠴᠢᠩᠭᠠᠳᠬᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠶᠠᠪᠤᠳᠠᠯ ᠰᠠᠶᠢᠨ ᠶᠠᠪᠤᠳᠠᠯ ᠢ ᠢᠯᠡᠭᠦᠬᠡᠨ ᠬᠢᠵᠦ᠂ ᠶᠠᠩᠵᠤ ᠭᠠᠷᠭᠠᠬᠤ᠂ ᠯᠠᠷᠵᠢᠶ᠎ᠠ ᠶᠠᠩᠪᠠ ᠲᠠᠲᠠᠬᠤ᠂ ᠰᠣᠬᠤᠷ ᠪᠠᠯᠠᠢ ᠪᠠᠷ ᠯᠠᠨᠴᠢᠬ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠢ᠃ ᠺᠠᠳ᠋ᠷ ᠢ ᠬᠢᠨᠠᠨ ᠰᠢᠯᠭᠠᠬᠤ᠂ ᠠᠵᠢᠯ ᠢ ᠪᠠᠶᠢᠴᠠᠭᠠᠬᠤ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠵᠤ᠂ ᠺᠠᠳ᠋ᠷ ᠤᠨ ᠠᠵᠢᠯ ᠤᠨ ᠠᠮᠵᠢᠯᠲᠠ ᠶᠢ ᠰᠢᠨᠵᠢᠯᠡᠬᠦ ᠤᠬᠠᠭᠠᠨᠴᠢ ᠪᠠᠷ ᠦᠨᠡᠯᠡᠵᠦ᠂ ᠺᠠᠳ᠋ᠷ ᠤᠨ ᠨᠡᠩ ᠰᠠᠶᠢᠨ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠠᠷᠠᠳ ᠲᠤ ᠠᠰᠢᠭ ᠬᠦᠷᠲᠡᠭᠡᠬᠦ᠂ ᠠᠷᠠᠳ ᠢ ᠠᠮᠤᠷᠵᠢᠭᠤᠯᠵᠤ ᠠᠷᠠᠳ ᠢ ᠪᠠᠶᠠᠵᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠳᠠᠭᠠᠳᠬᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠯᠠᠷᠠᠭᠤᠯᠤᠨ ᠵᠠᠰᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠠᠯᠢ ᠤᠯᠠᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤᠮᠳᠠ ᠠᠴᠠ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃       ᠰᠢ ᠶᠢᠨ ᠫᠢᠩ᠂ ᠵᠠᠯᠠᠭᠤ ᠺᠠᠳ᠋ᠷ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠵᠠᠯᠠᠭᠤ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠪᠣᠯᠤᠨ ᠠᠷᠠᠳ ᠲᠦᠮᠡᠨ ᠤ ᠦᠨᠡᠨᠴᠢ ᠰᠢᠳᠤᠷᠭᠤ ᠨᠠᠶᠢᠳᠠᠪᠤᠷᠢᠲᠠᠢ ᠺᠠᠳ᠋ᠷ ᠪᠣᠯᠭᠠᠬᠤ ᠬᠡᠷᠡᠭᠲᠡᠢ᠃ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭ᠎ᠠ ᠪᠥᠭᠡᠳ ᠪᠣᠳᠠᠲᠠᠢ ᠴᠢᠩᠭᠠᠳᠬᠠᠵᠤ᠂ ᠵᠠᠯᠠᠭᠤ ᠺᠠᠳ᠋ᠷᠴᠤᠳ ᠤᠨ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡ ᠳᠤ ᠵᠥᠪ ᠬᠠᠨᠳᠤᠵᠤ᠂ ᠴᠠᠭ ᠢᠮᠠᠭᠲᠠ ᠪᠡᠶ᠎ᠡ ᠪᠠᠨ ᠬᠢᠴᠢᠶᠡᠨ ᠪᠡᠶ᠎ᠡ ᠪᠠᠨ ᠲᠤᠩᠭᠠᠵᠤ᠂ ᠰᠠᠬᠢᠯᠭ᠎ᠠ ᠪᠠᠲᠤ ᠬᠠᠤᠯᠢ ᠲᠦᠷᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ᠨᠢᠭᠡᠳᠦᠭᠡᠷ ᠲᠣᠪᠴᠢ︾ ᠶᠢ ᠰᠠᠶᠢᠲᠤᠷ ᠲᠣᠪᠴᠢᠯᠠᠬᠤ ᠬᠡᠷᠡᠭᠲᠡᠢ᠃ ᠵᠠᠯᠠᠭᠤ ᠺᠠᠳ᠋ᠷᠴᠤᠳ ᠡᠷᠬᠡᠪᠰᠢ ᠰᠡᠷᠭᠡᠭ ᠲᠠᠨᠢᠯᠲᠠ ᠲᠠᠢ ᠪᠠᠶᠢᠵᠤ᠂ ᠦᠷᠭᠦᠯᠵᠢ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠬᠠᠷᠢᠴᠠᠭᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠭᠤᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠲᠠᠢ ᠬᠠᠷᠭᠤᠭᠤᠯᠵᠤ᠂ ᠵᠠᠷᠢᠮ ᠤᠴᠢᠷ ᠶᠠᠪᠤᠳᠠᠯ ᠢ ᠬᠢᠬᠦ ᠶᠣᠰᠣᠲᠠᠢ ᠡᠰᠡᠬᠦ᠂ ᠬᠢᠵᠦ ᠳᠡᠶᠢᠯᠬᠦ ᠡᠰᠡᠬᠦ ᠶᠢ ᠲᠣᠳᠣᠷᠬᠠᠢ ᠲᠠᠨᠢᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ ᠬᠡᠵᠤ ᠵᠢᠭᠠᠵᠤ ᠭᠠᠷᠭᠠᠪᠠ᠃       ᠰᠢ ᠶᠢᠨ ᠫᠢᠩ᠂ ᠡᠷᠬᠡ ᠳᠤ ᠬᠢᠨᠠᠯᠲᠠ ᠲᠠᠯᠪᠢᠬᠤ ᠲᠦᠷᠢᠮ ᠪᠣᠯᠤᠨ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠯᠲᠠ ᠶᠢ ᠨᠡᠩ ᠵᠢᠷᠤᠮᠵᠢᠯ ᠲᠠᠢ᠂ ᠨᠡᠩ ᠬᠦᠴᠦᠲᠡᠢ᠂ ᠨᠡᠩ ᠪᠦᠲᠦᠮᠵᠢᠲᠡᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠯᠠᠩᠭᠤᠶ᠎ᠠ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠲᠤᠪᠤᠶᠢᠯᠭᠠᠨ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭᠠᠲᠤ ᠪᠠᠶᠢᠭᠤᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠬᠤᠷᠢᠶ᠎ᠠ ᠶᠢ ᠬᠠᠮᠵᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠ ᠪᠤᠰᠤᠳ ᠡᠯ᠎ᠡ ᠲᠦᠷᠦᠯ ᠤᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠠᠬᠢᠭᠤᠯᠵᠤ᠂ ᠭᠦᠨᠵᠡᠭᠡᠢ ᠨᠡᠪᠲᠡᠷᠡᠭᠦᠯᠦᠨ ᠬᠠᠮᠵᠢᠯᠴᠠᠭᠤᠯᠬᠤ ᠪᠦᠲᠦᠮᠵᠢᠲᠡᠢ ᠠᠷᠭ᠎ᠠ ᠵᠠᠮ ᠢ ᠬᠠᠶᠢᠨ ᠰᠦᠪᠡᠭᠴᠢᠯᠡᠬᠦ ᠬᠡᠷᠡᠭᠲᠡᠢ᠃ ᠬᠤᠭᠤᠴᠠᠭ᠎ᠠ ᠰᠣᠯᠢᠬᠤ ᠰᠤᠩᠭᠤᠭᠤᠯᠢ ᠳᠠᠬᠢ ᠰᠠᠬᠢᠯᠭ᠎ᠠ ᠪᠠᠲᠤ ᠬᠡᠪ ᠰᠤᠷᠲᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠪᠣᠭᠤᠮᠲᠠ ᠰᠠᠬᠢᠬᠤ ᠦᠢᠯᠡᠳᠦᠯ ᠢ ᠴᠢᠩᠭᠠᠳᠬᠠᠵᠤ᠂ ᠢᠯᠠᠩᠭᠤᠶ᠎ᠠ ᠤᠯᠤᠰ ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠢ ᠬᠡᠵᠤ ᠴᠢᠬᠤᠯᠠᠴᠢᠯᠠᠪᠠ᠃       ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢᠮᠠᠭᠲᠠ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠴᠠ ᠳᠠᠬᠢ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠵᠠᠭᠤᠨ ᠵᠢᠯ ᠤᠨ ᠲᠡᠮᠡᠴᠡᠯ ᠢᠶᠠᠷ ᠪᠦᠷᠢᠯᠳᠦᠭᠰᠡᠨ ᠡᠷᠬᠢᠮ ᠨᠠᠨᠳᠢᠨ ᠲᠤᠷᠰᠢᠯᠭ᠎ᠠ ᠪᠣᠯᠤᠨ ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠬᠢᠨᠠᠯᠲᠠ ᠲᠠᠯᠪᠢᠬᠤ ᠪᠠᠲᠤᠯᠠᠬᠤ ᠬᠡᠷᠡᠭᠵᠢᠭᠦᠯᠬᠦ ᠦᠢᠯᠡᠳᠦᠯ ᠢᠶᠠᠨ ᠪᠠᠳᠠᠷᠠᠭᠤᠯᠵᠤ᠂ ᠨᠠᠮ ᠪᠣᠯᠤᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠡᠩ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠡᠷᠬᠡᠪᠰᠢ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠰᠠᠬᠢᠯᠭ᠎ᠠ ᠪᠠᠲᠤ ᠪᠠᠷ ᠥᠪᠡᠷ ᠢ ᠪᠠᠨ ᠱᠠᠭᠠᠷᠳᠠᠵᠤ ᠂ ᠰᠢᠯᠭᠠᠷᠠᠭᠰᠠᠨ ᠦᠵᠡᠯ ᠰᠠᠨᠠᠭ᠎ᠠ ᠣᠪᠣᠷ ᠰᠤᠷᠲᠠᠯ᠂ ᠴᠢᠳᠠᠪᠤᠷᠢ ᠬᠡᠪ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ ᠢᠶᠠᠷ ᠪᠡᠶ᠎ᠡ ᠪᠠᠨ ᠪᠠᠷᠢᠨ ᠠᠵᠢᠯᠯᠠᠵᠤ᠂ ᠡᠷᠡᠰ ᠬᠠᠲᠠᠭᠤ ᠪᠠᠶᠢᠵᠤ᠂ ᠰᠠᠬᠢᠯᠭ᠎ᠠ ᠪᠠᠲᠤ ᠶᠢ ᠲᠥᠪ ᠭᠤᠣᠯᠴᠢ ᠪᠠᠷ ᠬᠡᠷᠡᠭᠵᠢᠭᠦᠯᠵᠦ᠂ ᠡᠷᠬᠡ ᠪᠠᠨ ᠪᠣᠯᠭᠤᠮᠵᠢᠲᠠᠢ ᠬᠡᠷᠡᠭᠯᠡᠵᠦ᠂ ᠲᠤᠰ ᠪᠡᠶ᠎ᠡ ᠶᠢᠨ ᠦᠯᠦ ᠬᠠᠯᠳᠠᠭᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠢᠮᠠᠭᠲᠠ ᠨᠠᠮ ᠪᠠ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ ᠬᠡᠵᠤ ᠵᠢᠭᠠᠵᠤ ᠭᠠᠷᠭᠠᠪᠠ᠃       ᠵᠤᠤ ᠯᠧ ᠵᠶᠢ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠠᠮᠵᠢᠯᠲᠠ ᠲᠠᠢ ᠦᠢᠯᠡᠳᠦᠯᠭᠡ ᠶᠢ ᠭᠦᠨᠵᠡᠭᠡᠢ ᠳ᠋ᠦᠩᠨᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠣᠯᠤᠭᠰᠠᠨ ᠲᠡᠦᠬᠡᠲᠦ ᠴᠢᠨᠠᠷᠲᠠᠢ ᠪᠦᠲᠦᠭᠡᠯᠴᠢ ᠴᠢᠨᠠᠷᠲᠠᠢ ᠠᠮᠵᠢᠯᠲᠠ᠂ ᠪᠤᠢ ᠪᠣᠯᠤᠭᠰᠠᠨ ᠪᠦᠬᠦ ᠲᠠᠯ᠎ᠠ ᠶᠢᠨ ᠭᠦᠨ ᠳᠠᠪᠬᠤᠷᠭ᠎ᠠ ᠶᠢᠨ ᠨᠥᠯᠥᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠶᠠᠷᠢᠶᠠᠨ ᠤ ᠤᠳᠭ᠋᠎ᠠ ᠰᠠᠨᠠᠭ᠎ᠠ ᠭᠦᠨ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠦᠨᠳᠦᠰᠦᠨ ᠵᠢᠷᠤᠮᠯᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠭᠦᠷᠢᠳᠡ ᠳᠠᠭᠤᠰᠤᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠨ ᠢ ᠦᠷᠭᠦᠯᠵᠢᠯᠡᠨ ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃      ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ 1 ᠰᠠᠷ᠎ᠠ ᠶᠢᠨ 18 ᠤ ᠡᠳᠦᠷ ᠪᠡᠭᠡᠵᠢᠩ ᠳᠤ ᠡᠬᠢᠯᠡᠪᠡ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠪᠡ᠃ 18 ᠤ ᠦᠳᠡ ᠶᠢᠨ ᠬᠤᠶᠢᠨ᠎ᠠ ᠵᠤᠤ ᠯᠧ ᠵᠶᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ