| ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | 2022 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ | ᠪᠠᠶᠢᠷᠢᠯᠠᠭᠤᠯᠪᠠ | ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠬᠡᠰᠡᠭ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠦᠨ ᠬᠡᠷᠡᠭᠵᠢᠭᠦᠯᠬᠦ ᠲᠤᠬᠠᠢ | ᠲᠣᠭᠲᠠᠭᠠᠪᠠ | ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠ ᠬᠤᠲᠠ ᠳᠤ ᠣᠷᠣᠵᠤ ᠬᠦᠴᠦᠨ ᠤ ᠠᠵᠢᠯ ᠬᠢᠭᠰᠡᠳ ᠤᠨ ᠳᠠᠭᠠᠵᠤ | ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠪᠠ | ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 29 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | 2022 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ | ᠪᠠᠶᠢᠷᠢᠯᠠᠭᠤᠯᠪᠠ︔ ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠬᠡᠰᠡᠭ ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠦᠨ | ᠬᠡᠷᠡᠭᠵᠢᠭᠦᠯᠬᠦ ᠲᠤᠬᠠᠢ ᠲᠣᠭᠲᠠᠭᠠᠪᠠ︔ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠ ᠬᠤᠲᠠ ᠳᠤ ᠣᠷᠣᠵᠤ | ᠬᠦᠴᠦᠨ ᠤ ᠠᠵᠢᠯ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠪᠠ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠪᠦᠬᠦ ᠳᠡᠯᠡᠬᠡᠢ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ | ᠪᠠᠶᠢᠵᠤ᠂ ᠮᠠᠨ ᠤ ᠤᠯᠤᠰ ᠤᠨ ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠬᠡᠰᠡᠭᠯᠡᠯ ᠬᠡᠯᠪᠡᠷᠢ ᠪᠠᠷ ᠡᠭᠦᠰᠴᠦ ᠪᠠᠶᠢᠨ᠎ᠠ᠃ 2022 ᠣᠨ ᠤ ᠴᠠᠭᠠᠨ | ᠰᠠᠷ᠎ᠠ ᠶᠢᠨ ᠠᠶᠠᠨᠴᠢᠳ ᠤᠨ ᠵᠥᠭᠡᠭᠡᠪᠦᠷᠢ 1 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠤᠭᠤᠴᠠᠭᠠᠨ ᠳᠠᠬᠢ ᠬᠦᠮᠦᠰ ᠤᠨ ᠣᠯᠠᠨ ᠨᠡᠭᠦᠳᠡᠯ ᠴᠢᠭᠵᠢᠭᠦᠦ ᠪᠠᠶᠢᠳᠠᠯ ᠳᠤ ᠴᠢᠭᠯᠡᠭᠦᠯᠦᠨ | ᠂ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠭᠦᠯᠳᠡᠷᠵᠢᠭᠦᠯᠦᠨ ᠪᠣᠳᠠᠲᠠᠶ ᠪᠠᠷ ᠠᠳᠬᠤᠬᠤ ᠬᠡᠷᠡᠭᠲᠡᠶ᠃ | ᠨᠢᠭᠡ ᠳᠤ᠂ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ | ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠶᠠᠯᠠᠬᠤ ᠶᠢ ᠬᠥᠲᠥᠯᠥᠨ ᠵᠢᠯᠣᠭᠤᠳᠴᠤ᠂ ᠨᠢᠭᠡ ᠯᠠ ᠪᠠᠷᠢᠮᠵᠢᠶ᠎ᠠ ᠪᠠᠷ ᠱᠠᠭᠠᠷᠳᠠᠬᠤ ᠶᠢ ᠰᠡᠷᠭᠡᠶᠢᠯᠡᠬᠦ | ᠬᠡᠷᠡᠭᠲᠡᠢ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ᠣᠷᠭᠢᠯ ᠠᠴᠠ ᠵᠦᠷᠢᠭᠦᠯᠦᠨ ᠠᠮᠠᠷᠠᠯᠲᠠ ᠲᠠᠯᠪᠢᠬᠤ ᠪᠠ | ᠠᠵᠢᠯ ᠤᠨ ᠪᠠᠶᠢᠷᠢ᠂ ᠰᠤᠷᠭᠠᠭᠤᠯᠢ ᠳᠤ ᠪᠠᠨ ᠪᠤᠴᠠᠬᠤ ᠶᠢ ᠳᠣᠭᠢᠷᠠᠭᠤᠯᠵᠤ᠂ ᠴᠠᠭ ᠲᠤᠬᠠᠢ ᠳᠤ ᠨᠢ ︽ᠴᠡᠭ ᠠᠴᠠ ᠴᠡᠭ ᠲᠤ ᠬᠦᠷᠭᠡᠬᠦ︾ ᠲᠡᠭᠡᠭᠡᠪᠦᠷᠢ ᠶᠢ ᠵᠣᠬᠢᠶᠠᠨ | ᠪᠠᠶᠢᠭᠤᠯᠬᠤ ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠲᠤᠭ᠎ᠠ ᠶᠢ ᠬᠢᠵᠠᠭᠠᠷᠯᠠᠨ ᠪᠣᠯᠵᠣᠬᠤ᠂ ᠣᠷᠭᠢᠯ ᠦᠶ᠎ᠡ ᠶᠢ | ᠵᠥᠷᠢᠭᠦᠯᠦᠨ ᠭᠥᠯᠢᠶᠡᠨ ᠠᠪᠬᠤ ᠶᠢ ᠬᠡᠷᠡᠭᠵᠢᠭᠦᠯᠬᠦ ᠬᠡᠷᠡᠭᠲᠡᠢ᠃ ᠬᠤᠶᠠᠷ ᠲᠤ᠂ ᠲᠡᠷᠭᠡ ᠬᠦᠯᠢᠶᠡᠬᠦ ᠪᠠ ᠨᠢᠰᠬᠡᠯ ᠬᠦᠯᠢᠶᠡᠬᠦ ᠵᠡᠷᠭᠡ ᠲᠠᠯᠠᠪᠤᠷ ᠭᠠᠵᠠᠷ ᠤᠨ | ᠠᠷᠢᠭᠤᠳᠬᠠᠯ ᠢ ᠴᠢᠩᠭᠠᠳᠬᠠᠵᠤ᠂ ᠪᠡᠶ᠎ᠡ ᠶᠢᠨ ᠳᠤᠯᠠᠭᠠᠨ ᠢ ᠬᠡᠮᠵᠢᠨ ᠪᠠᠶᠢᠴᠠᠭᠠᠬᠤ᠂ ᠠᠮᠠᠪᠴᠢ ᠵᠡᠭᠦᠬᠦ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ᠂ ᠠᠶᠤᠯ ᠦᠭᠡᠢ ᠪᠠᠶᠢᠴᠠᠭᠠᠯᠲᠠ ᠶᠢᠨ ᠨᠡᠪᠲᠡᠷᠡᠬᠦ ᠵᠠᠮ ᠢ ᠨᠡᠮᠡᠭᠳᠡᠭᠦᠯᠬᠦ ᠵᠡᠷᠭᠡ ᠠᠷᠭ᠎ᠠ ᠬᠡᠯᠪᠡᠷᠢ ᠪᠠᠷ ᠬᠦᠮᠦᠰ ᠤᠨ | ᠪᠥᠭᠡᠮᠨᠡᠷᠡᠨ ᠴᠤᠭᠯᠠᠷᠠᠬᠤ ᠠᠴᠠ ᠵᠠᠶᠢᠯᠠᠰᠬᠢᠬᠤ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠣᠷᠣᠨ ᠤ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ ᠬᠤᠭᠤᠴᠠᠭᠠᠨ ᠳᠠᠬᠢ ᠭᠤᠣᠯᠳᠠᠯᠭ᠎ᠠ ᠲᠠᠢ | ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠬᠦᠨᠳᠦ ᠬᠡᠴᠡᠭᠦᠦ | ᠴᠠᠭ ᠠᠭᠤᠷ ᠢ ᠠᠷᠭᠠᠴᠠᠭᠠᠬᠤ ᠵᠡᠷᠭᠡ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠢ᠃ ᠲᠦᠷᠪᠡ ᠳᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ | ᠲᠦᠪᠰᠢᠨ ᠢ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃ | ᠬᠤᠪᠢ ᠬᠥᠮᠦᠨ ᠤ ᠠᠰᠢᠭ ᠣᠯᠵᠠᠪᠤᠷᠢ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠳᠤᠮᠳᠠ ᠳᠣᠤᠷ᠎ᠠ | ᠣᠷᠣᠯᠭ᠎ᠠ ᠲᠠᠢ ᠬᠦᠮᠦᠰ ᠤᠨ ᠳᠠᠷᠤᠯᠲᠠ ᠶᠢ ᠬᠥᠩᠭᠡᠷᠡᠭᠦᠯᠬᠦ ᠶᠢᠨ ᠲᠤᠰᠠᠳᠠ᠂ ᠬᠤᠷᠠᠯ ᠠᠴᠠ᠂ ᠨᠢᠭᠡ ᠳᠤ᠂ ᠪᠥᠬᠦ ᠵᠢᠯ ᠤᠨ ᠨᠢᠭᠡ ᠯᠡ ᠤᠳᠠᠭ᠎ᠠ ᠶᠢᠨ ᠴᠢᠨᠠᠷᠲᠠᠶ | ᠱᠠᠩᠨᠠᠯ ᠤᠨ ᠮᠥᠩᠭᠦ ᠶᠢ ᠲᠣᠰ ᠰᠠᠷ᠎ᠠ ᠶᠢᠨ ᠴᠠᠯᠢᠩ ᠬᠥᠯᠥᠰᠥᠨ ᠤ ᠠᠰᠢᠭ ᠣᠷᠣᠯᠭ᠎ᠠ ᠳᠤ ᠨᠡᠶᠢᠯᠡᠭᠦᠯᠦᠨ ᠣᠷᠣᠭᠤᠯᠬᠤ ᠥᠬᠡᠶ ᠪᠠᠶᠢᠵᠤ᠂ ᠰᠠᠷ᠎ᠠ ᠪᠠᠷ ᠭᠠᠶᠢᠯᠢ ᠶᠢᠨ | ᠨᠣᠷᠮ᠎ᠠ ᠶᠢ ᠰᠣᠯᠢᠨ ᠪᠣᠳᠣᠵᠤ᠂ ᠠᠰ ᠲᠤ ᠨᠢ ᠭᠠᠶᠢᠯᠢ ᠪᠤᠳᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ 2023 ᠣᠨ ᠤ ᠡᠴᠦᠰ ᠪᠣᠯᠲᠠᠯ᠎ᠠ | ᠦᠷᠭᠦᠯᠵᠢᠯᠡᠭᠦᠯᠦᠨ᠎ᠡ᠃ ᠬᠤᠶᠠᠷ ᠲᠤ᠂ ᠵᠢᠯ ᠤᠨ ᠣᠷᠣᠯᠭ᠎ᠠ ᠨᠢ 12 ᠲᠦᠮᠡᠨ ᠲᠥᠭᠦᠷᠢᠭ ᠠᠴᠠ ᠬᠡᠲᠦᠷᠡᠭᠰᠡᠨ ᠥᠬᠡᠶ ᠮᠥᠷᠲᠡᠭᠡᠨ ᠭᠠᠶᠢᠯᠢ ᠨᠥᠬᠦᠪᠥᠷᠢᠯᠡᠬᠦ | ᠴᠢᠬᠤᠯᠠᠲᠠᠶ ᠪᠤᠶᠤ ᠣᠨ ᠤ ᠳ᠋ᠦᠩᠨᠡᠨ ᠪᠤᠳᠤᠭᠰᠠᠨ ᠭᠠᠶᠢᠯᠢ ᠶᠢᠨ ᠲᠤᠭ᠎ᠠ ᠨᠢ 400 ᠲᠥᠭᠦᠷᠢᠭ ᠠᠴᠠ ᠬᠡᠲᠦᠷᠡᠬᠦ ᠥᠬᠡᠶ ᠪᠠᠶᠢᠪᠠᠯ ᠭᠠᠶᠢᠯᠢ ᠨᠥᠬᠦᠪᠥᠷᠢᠯᠡᠬᠦ ᠠᠴᠠ | ᠬᠡᠯᠲᠦᠷᠢᠭᠦᠯᠵᠦ᠂ ᠲᠥᠷᠥ ᠶᠢᠨ ᠪᠣᠳᠣᠯᠭ᠎ᠠ ᠶᠢ 2023 ᠣᠨ ᠤ ᠡᠴᠦᠰ ᠪᠣᠯᠲᠠᠯ᠎ᠠ ᠦᠷᠭᠦᠯᠵᠢᠯᠡᠭᠦᠯᠦᠨ᠎ᠡ᠃ ᠭᠤᠷᠪᠠ ᠳᠤ᠂ ᠰᠲ᠋ᠣᠺ ᠢᠶᠠᠨ ᠵᠠᠬ᠎ᠠ ᠳᠡᠯᠭᠡᠭᠦᠷ ᠲᠤ | ᠭᠠᠷᠭᠠᠭᠰᠠᠨ ᠺᠣᠮᠫᠠᠨᠢ ᠶᠢᠨ ᠰᠲ᠋ᠣᠺ ᠤᠨ ᠡᠷᠬᠡ ᠶᠢᠨ ᠤᠷᠮᠠᠰᠢᠭᠤᠯᠤᠯ ᠤᠨ ᠲᠤᠰᠠᠭᠠᠷ ᠭᠠᠶᠢᠯᠢ ᠪᠤᠳᠤᠬᠤ ᠲᠦᠷᠦ ᠶᠢᠨ ᠪᠤᠳᠤᠯᠭ᠎ᠠ ᠶᠢ 2022 ᠣᠨ ᠤ ᠡᠴᠦᠰ | ᠪᠣᠯᠲᠠᠯ᠎ᠠ ᠦᠷᠭᠦᠯᠵᠢᠯᠡᠭᠦᠯᠦᠨ᠎ᠡ ᠭᠡᠵᠦ ᠲᠣᠭᠲᠠᠭᠠᠪᠠ᠃ ᠳᠡᠭᠡᠷ᠎ᠡ ᠳᠤᠷᠠᠳᠤᠭᠰᠠᠨ ᠭᠤᠷᠪᠠᠨ ᠵᠦᠢᠯ ᠤᠨ ᠲᠦᠷᠦ ᠶᠢᠨ ᠪᠤᠳᠤᠯᠭ᠎ᠠ ᠨᠢ ᠵᠢᠱᠢᠯᠲᠡ ᠪᠠᠷ ᠨᠢᠭᠡ ᠵᠢᠯ ᠳᠤ | 1100 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠬᠦ ᠪᠣᠯᠤᠨ᠎ᠠ᠃ | ᠰᠤᠷᠭᠠᠨ ᠬᠥᠮᠦᠵᠢᠯ ᠤᠨ ᠲᠥᠪ ᠭᠤᠣᠯᠴᠢ ᠪᠠᠶᠢᠬᠤ ᠶᠢ ᠪᠠᠲᠤᠯᠠᠬᠤ ᠪᠣᠯ ᠨᠡᠶᠢᠭᠡᠮ ᠤᠨ ᠲᠥᠪ ᠭᠤᠣᠯᠴᠢ ᠪᠠᠶᠢᠬᠤ ᠶᠢ ᠠᠬᠢᠭᠤᠯᠬᠤ ᠶᠢᠨ ᠮᠠᠰᠢ ᠴᠢᠬᠤᠯᠠ | ᠨᠥᠬᠦᠴᠡᠯ ᠮᠥᠨ᠃ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠳᠡᠭᠡ ᠲᠣᠰᠬᠤᠨ ᠳᠤ ᠪᠠᠭᠰᠢᠯᠠᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠤᠰᠠᠳᠠ᠂ ᠬᠤᠷᠠᠯ ᠠᠴᠠ᠂ ᠨᠢᠭᠡ ᠳᠤ᠂ ᠬᠥᠳᠡᠭᠡ ᠲᠣᠰᠬᠤᠨ ᠤ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ ᠬᠢ ᠠᠴᠠ ᠳᠣᠤᠷ᠎ᠠ ᠪᠠᠶᠢᠯᠭᠠᠬᠤ | ᠦᠭᠡᠢ ᠪᠠᠶᠢᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠭᠰᠢᠯᠠᠭᠰᠠᠨ ᠣᠨ ᠵᠢᠯ ᠤᠨ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠲᠣᠭᠲᠠᠭᠠᠬᠤ ᠳᠤ ᠪᠠᠨ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠬᠠᠲᠠᠭᠤ ᠪᠡᠷᠬᠡᠰᠢᠶᠡᠯᠲᠡᠶ ᠬᠢᠯᠢ | ᠬᠢᠵᠠᠭᠠᠷ ᠣᠷᠣᠨ ᠤ ᠰᠤᠷᠭᠠᠭᠤᠯᠢ ᠵᠡᠷᠭᠡ ᠲᠡᠶᠢᠰᠢ ᠬᠡᠯᠪᠠᠶᠢᠯᠭᠡᠨ᠎ᠡ᠃ ᠬᠤᠶᠠᠷ ᠲᠤ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ | ᠳᠣᠭᠢᠷᠠᠭᠤᠯᠵᠤ᠂ ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠣᠷᠣᠨ ᠤ ᠬᠥᠳᠡᠭᠡ ᠲᠣᠰᠬᠤᠨ ᠤ ᠪᠠᠭᠰᠢ ᠶᠢᠨ ᠡᠷᠭᠢᠯᠲᠡ ᠶᠢᠨ ᠪᠠᠶᠢᠷᠢ ᠶᠢᠨ ᠬᠡᠷ ᠤᠨ ᠨᠥᠬᠦᠴᠡᠯ ᠢ | ᠰᠠᠶᠢᠵᠢᠷᠠᠭᠤᠯᠬᠤ ᠶᠢ ᠳᠡᠮᠵᠢᠵᠦ᠂ ᠣᠷᠣᠨ ᠨᠤᠲᠤᠭ ᠤᠨ ᠬᠥᠳᠡᠭᠡ ᠲᠣᠰᠬᠤᠨ ᠤ ᠪᠠᠭᠰᠢ ᠳᠤ ᠲᠣᠭᠲᠠᠪᠤᠷᠢᠲᠤ ᠴᠢᠨᠠᠷᠲᠠᠶ ᠣᠷᠣᠨ ᠰᠠᠭᠤᠴᠠ ᠬᠠᠩᠭᠠᠬᠤ ᠶᠢ | ᠠᠬᠢᠭᠤᠯᠤᠨ᠎ᠠ᠃ ᠭᠤᠷᠪᠠ ᠳᠤ᠂ ᠬᠥᠳᠡᠭᠡ ᠲᠣᠰᠬᠤᠨ ᠤ ᠪᠠᠭᠰᠢ ᠶᠢᠨ ᠪᠣᠯᠪᠠᠰᠤᠷᠠᠯ ᠢ ᠴᠢᠩᠭᠠᠳᠬᠠᠵᠤ᠂ ᠪᠣᠯᠪᠠᠰᠤᠷᠠᠯ ᠪᠣᠯᠤᠨ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠪᠠᠭᠰᠢ ᠶᠢᠨ ᠰᠤᠷᠤᠯᠭ᠎ᠠ ᠶᠢᠨ ᠨᠠᠮᠲᠠᠷ ᠢᠶᠠᠨ ᠬᠢᠯᠪᠠᠷ ᠳᠥᠭᠦᠮ ᠢᠶᠠᠷ ᠳᠡᠭᠡᠭᠰᠢᠯᠡᠭᠦᠯᠬᠦ ᠶᠢ | ᠳᠡᠮᠵᠢᠨ᠎ᠡ᠃ ︽ᠪᠠᠭᠰᠢ ᠶᠢ ᠰᠢᠯᠢᠳᠡᠭᠵᠢᠭᠦᠯᠬᠦ ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ ᠶᠠᠳᠠᠭᠤ ᠠᠴᠠ ᠠᠩᠭᠢᠵᠢᠷᠠᠭᠰᠠᠨ ᠰᠢᠶᠠᠨ ᠪᠠ | ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ ᠡᠭᠡ ᠬᠠᠭᠤᠷᠠᠶ ᠶᠢᠨ ᠬᠢᠯᠢ ᠬᠢᠵᠠᠭᠠᠷ ᠤᠨ ᠰᠢᠶᠠᠨ ᠳᠤ ᠲᠦᠮᠡᠨ ᠨᠡᠷᠡᠰ ᠵᠢᠩᠬᠢᠨᠢ ᠠᠩᠬᠢ ᠶᠢᠨ ᠪᠠᠭᠰᠢ ᠶᠢᠨ | ᠰᠤᠷᠭᠠᠭᠤᠯᠢ ᠶᠢᠨ ᠰᠤᠷᠤᠬᠴᠢ ᠶᠢ ᠬᠠᠨᠳᠤᠯᠭ᠎ᠠ ᠲᠠᠢ ᠪᠠᠷ ᠬᠥᠮᠦᠵᠢᠭᠦᠯᠵᠦ ᠥᠭᠭᠦᠨ᠎ᠡ᠃ ᠬᠥᠳᠡᠭᠡ ᠲᠣᠰᠬᠤᠨ ᠤ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠳᠤ ᠱᠠᠭᠠᠷᠳᠠᠬᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠵᠢᠭᠠᠨ ᠰᠤᠷᠭᠠᠯᠲᠠ ᠶᠢᠨ ᠪᠣᠳᠠᠲᠤ ᠠᠮᠵᠢᠯᠲᠠ ᠶᠢᠨ | ᠬᠦᠨᠳᠦᠴᠡ ᠶᠢ ᠳᠡᠭᠡᠭᠰᠢᠯᠡᠭᠦᠯᠦᠨ᠎ᠡ᠃ ᠳᠥᠷᠪᠡ ᠳᠤ᠂ ᠰᠢᠯᠢᠳᠡᠭ ᠪᠠᠭᠰᠢ ᠶᠢᠨ ᠬᠥᠳᠡᠭᠡ ᠲᠣᠰᠬᠤᠨ ᠤ ᠰᠤᠷᠭᠠᠭᠤᠯᠢ ᠶᠢᠨ ᠠᠵᠢᠯ ᠤᠨ ᠪᠠᠶᠢᠷᠢ ᠳᠤ ᠡᠭᠡᠯᠵᠢᠯᠡᠨ | ᠰᠢᠯᠵᠢᠬᠦ ᠶᠢ ᠬᠥᠲᠥᠯᠥᠨ ᠵᠢᠯᠣᠭᠤᠳᠤᠨ᠎ᠠ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ | ᠲᠠᠪᠤ ᠳᠤ᠂ ᠬᠤᠲᠠ ᠳᠤ ᠣᠷᠣᠵᠤ ᠬᠦᠴᠦᠨ ᠤ ᠠᠵᠢᠯ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ | ᠲᠡᠭᠰᠢ ᠪᠠᠷ ᠭᠥᠷᠳᠡᠬᠦ ᠶᠢ ᠦᠨᠡᠨ ᠬᠦ ᠪᠠᠲᠤᠯᠠᠵᠤ᠂ ᠰᠢᠯᠵᠢᠨ ᠤᠷᠤᠭᠰᠠᠨ ᠭᠠᠵᠠᠷ ᠤᠨ ᠵᠠᠰᠠᠭ ᠤᠨ ᠣᠷᠳᠣᠨ ᠢᠶᠠᠷ ᠭᠤᠤᠯ ᠪᠣᠯᠭᠠᠨ᠂ ᠠᠯᠪᠠᠨ ᠠᠴᠠ ᠡᠷᠭᠢᠯᠡᠭᠰᠡᠨ | ᠰᠤᠷᠭᠠᠭᠤᠯᠢ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠡᠳ᠋ ᠤᠨ | ᠵᠠᠰᠠᠭ ᠤᠨ ᠪᠠᠲᠤᠯᠠᠭ᠎ᠠ ᠳᠤ ᠣᠷᠣᠭᠤᠯᠤᠨ᠎ᠠ᠃ ᠵᠢᠭᠡᠯᠡᠨ ᠰᠤᠷᠤᠯᠴᠠᠬᠤ ᠰᠦᠢᠳᠬᠡᠯ᠂ ᠳᠡᠮᠵᠢᠯᠭᠡ ᠶᠢᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ | ᠨᠥᠬᠦᠴᠡᠯ ᠡᠭᠦᠳᠴᠦ ᠪᠠᠶᠢᠭᠠᠳ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠣᠴᠢᠭᠰᠠᠨ ᠭᠠᠵᠠᠷ ᠲᠤ ᠪᠠᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠳᠤ ᠨᠡᠩ ᠣᠯᠠᠨ ᠲᠣᠬᠢᠶᠠᠯ ᠣᠯᠭᠤᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠰᠤᠷᠤᠭᠴᠢ ᠡᠯᠰᠡᠬᠦ ᠳᠤ ᠪᠠᠨ | ᠦᠷᠭᠦᠯᠵᠢᠯᠡᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠬᠥᠳᠡᠭᠡ ᠲᠤᠰᠬᠤᠨ ᠲᠡᠶᠢᠰᠢ ᠬᠡᠯᠪᠠᠶᠢᠯᠭᠡᠬᠦ ᠬᠡᠷᠡᠭᠲᠡᠢ ᠭᠡᠵᠦ ᠲᠣᠭᠲᠠᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |