ᠬᠠᠨ ᠵᠢᠶᠦ᠋ᠨ ᠮᠢᠩ
ᠨᠡᠶᠢᠲᠡᠯᠡᠭᠰᠡᠨ ᠴᠠᠭ᠄
2022/1/4
   ᠡᠷᠡᠭᠲᠡᠶ᠂ ᠬᠢᠲᠠᠳ ᠦᠨᠳᠦᠰᠦᠲᠡᠨ᠂ 1977 ᠣᠨ ᠤ 8 ᠰᠠᠷ᠎ᠠ ᠳᠤ ᠳᠦᠷᠦᠵᠡᠶ᠂ 1996 ᠣᠨ ᠤ 7 ᠰᠠᠷ᠎ᠠ ᠳᠤ ᠠᠵᠢᠯ ᠳᠤ ᠣᠷᠣᠵᠠᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠲᠣ ᠳᠠᠯᠠᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠠᠵᠤ ᠦᠢᠯᠡᠳᠪᠤᠷᠢ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ ᠪᠤᠢ᠃   1993.09 — 1996.07  ᠶᠡᠭᠡ ᠵᠤᠤ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ ᠶᠢᠨ ᠴᠡᠴᠡᠷᠯᠢᠭ ᠤᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ;  1996.07 — 2005.12  ᠳᠠᠯᠠᠳ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠪᠴᠢᠶᠠᠨ ᠺᠠᠳ᠋ᠷ ᠪᠠᠷ ᠠᠵᠢᠯᠯᠠᠵᠦ ᠪᠠᠶᠢᠵᠠᠢ︔ ᠡᠨᠡ  ᠬᠤᠭᠤᠴᠠᠭᠠᠨ ᠳᠤ᠄ 2003.08 — 2005.12 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠭᠠᠬᠤ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ;   2005.12 — 2008.03   ᠳᠠᠯᠠᠳ ᠬᠤᠰᠢᠭᠤᠨ ᠤ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠪᠠᠷ ᠠᠵᠢᠯᠯᠠᠵᠦ ᠪᠠᠶᠢᠵᠠᠢ ;   2008.03 — 2010.10   ᠳᠠᠯᠠᠳ ᠬᠤᠰᠢᠭᠤᠨ ᠤ ᠰᠢ ᠶᠤᠸᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠡ ᠶᠢᠨ ᠳᠡᠳ᠋ ᠱᠦᠵᠢ ᠪᠠᠷ ᠠᠵᠢᠯᠯᠠᠵᠦ ᠪᠠᠶᠢᠵᠠᠢ;    2010.10 — 2016.12    ᠳᠠᠯᠠᠳ ᠬᠤᠰᠢᠭᠤᠨ ᠤ ᠵᠣᠣ ᠵᠢᠶᠦ᠋ᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠠᠷ ᠠᠵᠢᠯᠯᠠᠵᠦ ᠪᠠᠶᠢᠵᠠᠢ; ᠡᠨᠡ ᠬᠤᠭᠤᠴᠠᠭᠠᠨ ᠳᠤ᠄ 2011.08 — 2014.01 ᠨᠠᠮ ᠤᠨ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ;   2016.12 — 2018.03   ᠳᠠᠯᠠᠳ ᠬᠤᠰᠢᠭᠤᠨ ᠤ ᠵᠤᠤ ᠵᠢᠶᠦ᠋ᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠡ ᠶᠢᠨ ᠭᠡᠰᠢᠭᠦᠨ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠠᠷ ᠠᠵᠢᠯᠯᠠᠵᠦ ᠪᠠᠶᠢᠵᠠᠢ;   2018.03 — 2021.03   ᠳᠠᠯᠠᠳ ᠬᠤᠰᠢᠭᠤᠨ ᠤ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠡ ᠶᠢᠨ ᠱᠦᠵᠢ ᠪᠠᠷ ᠠᠵᠢᠯᠯᠠᠵᠦ ᠪᠠᠶᠢᠵᠠᠢ;   2021.03 — 2021.06   ᠳᠠᠯᠠᠳ ᠬᠤᠰᠢᠭᠤᠨ ᠤ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠡ ᠶᠢᠨ ᠱᠦᠵᠢ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ  ᠪᠠᠷ ᠠᠵᠢᠯᠯᠠᠵᠦ ᠪᠠᠶᠢᠵᠠᠢ;    2021.06 — 2021.07  ᠳᠠᠯᠠᠳ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠠᠵᠤ ᠦᠢᠯᠡᠳᠪᠦᠷᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠡ ᠶᠢᠨ ᠱᠦᠵᠢ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠪᠠᠷ ᠠᠵᠢᠯᠯᠠᠵᠦ ᠪᠠᠶᠢᠵᠠᠢ;   2021.06 — ᠤᠳᠤ ᠪᠣᠯᠲᠠᠯ᠎ᠠ  ᠳᠠᠯᠠᠳ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠡ ᠶᠢᠨ ᠱᠦᠵᠢ ᠪᠠᠷ ᠠᠵᠢᠯᠯᠠᠵᠦ ᠪᠠᠶᠢᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ