ᠶᠦᠨ ᠰᠢᠶᠤᠤ ᠫᠢᠩ
ᠨᠡᠶᠢᠲᠡᠯᠡᠭᠰᠡᠨ ᠴᠠᠭ᠄
2022/1/6
     ᠬᠤᠪᠢᠳᠠᠨ ᠬᠠᠮᠢᠶᠠᠷᠬᠤ ᠠᠵᠢᠯ     ᠭᠤᠤᠯᠳᠠᠭᠤ ᠵᠠᠩ ᠰᠢᠤ ᠯᠢᠩ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠤᠯᠪᠤᠭᠳᠠᠯ ᠪᠥᠬᠦᠶ ᠠᠵᠢᠯ ᠢ ᠬᠠᠷᠢᠭᠤᠴᠠᠨ᠎ᠠ︔ ᠣᠯᠠᠨ ᠲᠦᠮᠡᠨ ᠤ ᠪᠦᠯᠬᠦᠮ᠂ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠤᠯᠤᠰ ᠲᠥᠷᠥ ᠬᠠᠤᠯᠢ ᠴᠠᠭᠠᠵᠠ ᠶᠢᠨ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠰᠤᠷᠭᠠᠨ ᠬᠥᠮᠦᠵᠢᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠡ ᠶᠢᠨ ᠪᠥᠬᠦ ᠲᠠᠯ᠎ᠠ ᠶᠢᠨ ᠠᠵᠢᠯ ᠢ ᠡᠷᠬᠢᠯᠡᠨ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ︔ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠬᠤᠪᠢᠳᠠᠨ ᠬᠠᠮᠢᠶᠠᠷᠤᠨ᠎ᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠳᠠᠯᠠᠳ ᠳᠤᠮᠳᠠ ᠠᠩᠭᠢ᠂ ᠪᠡᠯᠡᠳᠬᠡᠯ ᠠᠯᠪᠠᠨ ᠤ 90 ᠳ᠋ᠤᠭᠡᠷ ᠬᠤᠷᠢᠶ᠎ᠠ ᠶᠢᠨ 2 ᠳ᠋ᠤᠭᠠᠷ ᠪᠠᠲᠯᠢᠶᠣᠨ ᠲᠠᠢ ᠬᠠᠷᠢᠯᠴᠠᠨ᠎ᠠ᠃    ᠳᠦᠭᠦᠮ ᠨᠠᠮᠲᠠᠷ    ᠶᠦᠨ ᠰᠢᠶᠤᠤ ᠫᠢᠩ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 11 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠳ᠋ᠦᠩᠱᠧᠩ ᠲᠣᠭᠤᠷᠢᠭ ᠤᠨ ᠬᠦᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠂ 1998 ᠣᠨ ᠤ 9 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠦ᠂ 2000 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠠᠢ᠃    1994.09 — 1998.07    ᠥᠪᠥᠷ ᠮᠣᠩᠭᠤᠯ ᠤᠨ ᠪᠠᠷᠢᠯᠭ᠎ᠠ ᠶᠢᠨ ᠰᠤᠷᠭᠠᠭᠤᠯᠢ ᠶᠢᠨ ᠪᠠᠷᠢᠯᠭ᠎ᠠ ᠶᠢᠨ ᠤᠬᠠᠭᠠᠨ ᠤ ᠲᠤᠰᠬᠠᠢ ᠮᠡᠷᠭᠡᠵᠢᠯ ᠢ ᠰᠤᠷᠤᠯᠴᠠᠵᠦ ᠪᠠᠶᠢᠵᠠᠢ᠃    1998.07 — 1998.09     ᠠᠵᠢᠯ ᠬᠤᠪᠢᠶᠠᠷᠢᠯᠠᠬᠤ ᠶᠢ ᠬᠦᠯᠢᠶᠡᠵᠦ ᠪᠠᠶᠢᠵᠠᠢ᠃    1998.09 — 1999.09    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠦᠩᠱᠧᠩ ᠲᠣᠭᠤᠷᠢᠭ ᠤᠨ ᠵᠢᠷᠤᠭ ᠲᠥᠯᠥᠪᠯᠡᠭᠡᠨ ᠤ ᠬᠦᠷᠢᠶᠡᠯᠡᠩ ᠳᠤ ᠠᠵᠢᠯᠯᠠᠵᠦ ᠪᠠᠶᠢᠵᠠᠢ᠃    1999.09 — 2008.03   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠦᠩᠱᠧᠩ ᠲᠣᠭᠤᠷᠢᠭ ᠤᠨ ᠲᠥᠯᠥᠪᠵᠢᠭᠦᠯᠭᠡ ᠶᠢᠨ ᠳᠤᠪᠴᠢᠶᠠᠨ ᠳᠤ ᠠᠵᠢᠯᠯᠠᠵᠦ ᠪᠠᠶᠢᠵᠠᠢ ︵ᠡᠨᠡ ᠬᠤᠭᠤᠴᠠᠭᠠᠨ ᠳᠤ᠄ 2005.06 ᠰᠠᠷ᠎ᠠ ᠳᠤ ᠲᠥᠯᠥᠪᠵᠢᠭᠦᠯᠭᠡ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ ᠳᠡᠳ᠋ ᠰᠠᠯᠠᠭᠠᠨ ᠳᠡᠰ ᠤᠨ ᠬᠠᠷᠠᠭᠠᠯᠵᠠᠯ ᠬᠦᠷᠳᠡᠪᠡ︔ 2007.11 ᠳ᠋ᠦᠩᠱᠧᠩ ᠲᠣᠭᠤᠷᠢᠭ ᠤᠨ ᠲᠥᠯᠥᠪᠵᠢᠭᠦᠯᠭᠡ ᠶᠢᠨ ᠳᠤᠪᠴᠢᠶᠠᠨ ᠤ ᠶᠡᠷᠦᠩᠬᠡᠢ ᠢᠨᠵᠧᠨᠧᠷ ᠤᠨ ᠲᠤᠰᠢᠶᠠᠯ ᠢ ᠬᠠᠷᠢᠭᠤᠴᠠᠵᠠᠢ︔ 1999.09 — 2003.07 ᠰᠠᠷ᠎ᠠ ᠳᠤ ᠲᠢᠶᠠᠨᠵᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠢ ᠰᠤᠷᠤᠯᠴᠠᠵᠠᠢ︔ 2004.01 — 2007.01 ᠰᠠᠷ᠎ᠠ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠲᠠ ᠶᠢᠨ ᠲᠥᠯᠥᠪᠵᠢᠭᠦᠯᠭᠡ ᠶᠢᠨ ᠲᠤᠰᠬᠠᠢ ᠮᠡᠷᠭᠡᠵᠢᠯ ᠢ ᠰᠤᠷᠤᠯᠴᠠᠵᠠᠢ︶᠃    2008.03 — 2012. 10   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠲᠤᠭ ᠬᠤᠰᠢᠭᠤᠨ ᠤ ᠲᠥᠯᠥᠪᠵᠢᠭᠦᠯᠭᠡ ᠶᠢᠨ ᠳᠤᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ ︵ᠡᠨᠡ ᠬᠤᠭᠤᠴᠠᠭᠠᠨ ᠳᠤ᠄ 2010.04 ᠰᠠᠷ᠎ᠠ ᠳᠤ ᠤᠳᠤᠭ ᠬᠤᠰᠢᠭᠤᠨ ᠤ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ 2010.1 ᠰᠠᠷ᠎ᠠ ᠳᠤ ᠤᠲᠤᠭ ᠬᠤᠰᠢᠭᠤᠨ ᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠠᠦ ᠪᠠᠶᠢᠵᠠᠢ︶᠃    2012.10 — 2017.10   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠲᠤᠭ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠦ ᠪᠠᠶᠢᠵᠠᠢ᠃    2017.10 — 2019.01   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠳᠤᠪᠴᠢᠶᠠᠨ ᠳᠡᠳ᠋ ᠳᠠᠷᠤᠭ᠎ᠠ ᠠᠵᠢᠯᠯᠠᠵᠦ ᠪᠠᠶᠢᠵᠠᠢ᠃    2019.01 — 2022.03   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ ᠪᠠᠷ ᠠᠵᠢᠯᠯᠠᠵᠦ ᠪᠠᠶᠢᠵᠠᠢ ︵ᠡᠨᠡ ᠬᠤᠭᠤᠴᠠᠭᠠᠨ ᠳᠤ᠄ 2020.03 — 2021.03 ᠰᠠᠷ᠎ᠠ ᠳᠤ ᠬᠠᠩᠭᠢᠨ ᠬᠤᠰᠢᠭᠤᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠵᠦ ᠪᠠᠶᠢᠵᠠᠢ︶᠃    2022.03 — ᠤᠳᠤ ᠪᠤᠯᠳᠠᠯ᠎ᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠯᠠᠳ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ  ᠬᠤᠷᠢᠶ᠎ᠠ ᠶᠢᠨ ᠱᠦᠵᠢ ᠪᠠᠷ ᠠᠵᠢᠯᠯᠠᠵᠦ ᠪᠠᠶᠢᠨ᠎ᠠ᠃ 
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ