ᠡᠦ ᠶᠠᠨ
ᠨᠡᠶᠢᠲᠡᠯᠡᠭᠰᠡᠨ ᠴᠠᠭ᠄
2022/1/6
   ᠡᠮᠡᠭᠲᠡᠶ᠂ ᠤᠶᠢᠭᠤᠷ ᠦᠨᠳᠦᠰᠦᠲᠡᠨ᠂ 1974 ᠣᠨ ᠤ 5 ᠰᠠᠷ᠎ᠠ ᠳᠤ ᠳᠦᠷᠦᠵᠡᠶ᠂ 1994 ᠣᠨ ᠤ 12 ᠰᠠᠷ᠎ᠠ ᠳᠤ ᠠᠵᠢᠯ ᠳᠤ ᠣᠷᠣᠵᠠᠶ᠂ ᠨᠠᠮ ᠪᠦᠯᠦᠭ ᠤᠨ ᠪᠤᠰᠤ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠣᠲᠣ ᠳᠠᠯᠠᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠳᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃   1994.12 — 2004.10   ᠳᠠᠯᠠᠳ ᠬᠤᠰᠢᠭᠤᠨ ᠤ ᠤᠤᠯ ᠤᠨ ᠵᠤᠤ ᠵᠢᠶᠦ᠋ᠨ ᠤᠩᠭᠤᠨ ᠰᠢᠶᠠᠩ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭᠠᠨ ᠤ ᠺᠠᠳ᠋ᠷ ᠪᠠᠷ ᠠᠵᠢᠯᠯᠠᠵᠦ ᠪᠠᠶᠢᠵᠠᠢ᠂ ᠡᠨᠡ ᠬᠤᠭᠤᠴᠠᠭᠠᠨ ᠳᠤ᠄ 1997.09 — 2000.09 ᠶᠡᠭᠡ ᠵᠣᠣ ᠠᠶᠢᠮᠠᠭ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ;   2004.10 — 2005.11   ᠳᠠᠯᠠᠳ ᠬᠤᠰᠢᠭᠤᠨ ᠤ ᠤᠤᠯ ᠤᠨ ᠵᠤᠤ ᠵᠢᠶᠦ᠋ᠨ ᠤᠩᠭᠤᠨ ᠰᠢᠶᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠪᠠᠷ ᠠᠵᠢᠯᠯᠠᠵᠦ ᠪᠠᠶᠢᠵᠠᠢ;  2005.11 — 2011.12   ᠳᠠᠯᠠᠳ ᠬᠤᠰᠢᠭᠤᠨ ᠤ ᠰᠢᠨ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠪᠠᠷ ᠠᠵᠢᠯᠯᠠᠵᠦ ᠪᠠᠶᠢᠵᠠᠢ;  2011.12 — 2016.12   ᠳᠠᠯᠠᠳ ᠬᠤᠰᠢᠭᠤᠨ ᠤ ᠫᠢᠩ ᠶᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠡᠷᠬᠢᠯᠡᠭᠴᠢ  ᠪᠠᠷ ᠠᠵᠢᠯᠯᠠᠵᠦ ᠪᠠᠶᠢᠵᠠᠢ︔   2016.12 — 2018.03   ᠳᠠᠯᠠᠳ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠨ ᠤ ᠳᠡᠳ᠋ ᠲᠡᠷᠢᠭᠦᠯᠡᠭᠴᠢ ᠪᠠᠷ ᠠᠵᠢᠯᠯᠠᠵᠦ ᠪᠠᠶᠢᠵᠠᠢ︔   2018.03 — 2021.06   ᠳᠠᠯᠠᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠦᠨᠳᠦᠰᠦᠲᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠪᠠᠷ ᠠᠵᠢᠯᠯᠠᠵᠦ ᠪᠠᠶᠢᠵᠠᠢ︔   2021.06 — ᠤᠳᠤ ᠪᠣᠯᠲᠠᠯ᠎ᠠ    ᠳᠠᠯᠠᠳ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ ᠤᠨ ᠡᠷᠬᠢᠯᠡᠭᠴᠢ ᠪᠠᠷ ᠠᠵᠢᠯᠯᠠᠵᠦ ᠪᠠᠶᠢᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ