ᠣᠷᠳᠣᠰ ᠤᠨ ᠡᠯ᠎ᠡ ᠭᠠᠵᠠᠷ ᠤᠨ ᠤᠷᠤᠵᠤ ᠭᠠᠷᠬᠤ ᠰᠠᠨᠠᠭᠤᠯᠤᠮᠵᠢ
ᠨᠡᠶᠢᠲᠡᠯᠡᠭᠰᠡᠨ ᠴᠠᠭ᠄
2022/10/10
                                       ᠬᠢᠶ᠎ᠠ ᠪᠠᠭᠰᠢ ᠲᠤᠭᠤᠷᠢᠭ        10 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ ᠬᠢᠶ᠎ᠠ ᠪᠠᠭᠰᠢ ᠲᠤᠭᠤᠷᠢᠭ ᠤᠨ ᠡᠯ᠎ᠠ ᠤᠷᠤᠬᠤ ᠠᠮᠠ ᠶᠢ ᠪᠢᠲᠡᠭᠦᠮᠵᠢᠯᠡᠨ ᠡᠵᠡᠮᠳᠡᠨ᠎ᠠ᠂ ᠪᠣᠶ ᠪᠥᠬᠦᠶ ᠲᠡᠷᠭᠡ ᠮᠠᠰᠢᠨ ᠬᠢᠶ᠎ᠠ ᠪᠠᠭᠰᠢ ᠲᠤᠭᠤᠷᠢᠭ ᠲᠤ ᠣᠷᠣᠵᠤ ᠪᠣᠯᠬᠤ ᠥᠬᠡᠶ︔ ᠬᠢᠶ᠎ᠠ ᠪᠠᠭᠰᠢ ᠲᠤᠭᠤᠷᠢᠭ ᠤᠨ ᠡᠨᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠲᠡᠮᠳᠡᠭ ᠲᠠᠢ ᠪᠣᠯ ᠬᠢᠶ᠎ᠠ ᠪᠠᠭᠰᠢ ᠲᠤᠭᠤᠷᠢᠭ ᠠᠴᠠ ᠰᠠᠯᠵᠤ ᠪᠣᠯᠤᠨ᠎ᠠ᠂ ᠭᠡᠪᠡᠴᠤ ᠭᠤᠷᠪᠠᠨ ᠡᠳᠦᠷ ᠤᠨ ᠳᠣᠲᠣᠷ᠎ᠠ ᠪᠤᠴᠠᠵᠤ ᠪᠣᠯᠬᠤ ᠥᠬᠡᠶ᠃        ︵ᠣᠷᠳᠣᠰ ᠤᠨ ᠵᠠᠮ ᠬᠠᠷᠢᠯᠴᠠᠭᠠᠨ ᠤ ᠴᠠᠭᠳᠠᠭᠠᠨ ᠤ 10 ᠰᠠᠷ᠎ᠠ ᠶᠢᠨ 8 ᠤ ᠡᠳᠦᠷ ᠤᠨ 21᠄ 01 ᠤᠨ ᠮᠡᠳᠡᠭᠡ︶        ᠳ᠋ᠦᠩᠱᠧᠩ ᠣᠷᠣᠨ       1. ᠳ᠋ᠦᠩᠱᠧᠩ ᠲᠣᠭᠤᠷᠢᠭ ᠲᠤ ᠮᠥᠨ ᠬᠦ ᠲᠤᠭᠳᠠᠩᠭᠤᠢ ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠪᠠᠷ ᠣᠷᠣᠵᠤ ᠭᠠᠷᠬᠤ ᠠᠮᠠ ᠶᠢ ᠪᠦᠬᠦᠨ ᠢ ᠬᠠᠭᠠᠵᠤ ᠂ ᠡᠨᠧᠷᠭᠢ ᠶᠢᠨ ᠰᠤᠷᠪᠤᠯᠵᠢ᠂ ᠠᠷᠠᠳ ᠤᠨ ᠠᠮᠢᠳᠤᠷᠠᠯ ᠢ ᠪᠠᠲᠤᠯᠠᠬᠤ ᠡᠳ᠋ ᠪᠣᠳᠠᠰ ᠤᠨ ᠲᠡᠭᠡᠭᠡᠪᠤᠷᠢ ᠵᠡᠷᠭᠡ ᠲᠡᠷᠭᠡ ᠬᠥᠰᠭᠡ ᠵᠢᠴᠢ ᠡᠮᠨᠡᠯᠭᠡ ᠶᠢᠨ ᠠᠵᠢᠯᠲᠠᠨ ᠠᠴᠠ ᠪᠤᠰᠤᠳ ᠬᠦᠮᠦᠰ ᠢ ᠴᠥᠮ ᠣᠷᠣᠭᠤᠯᠵᠤ ᠭᠠᠷᠭᠠᠬᠤ ᠥᠬᠡᠶ᠃       2. ᠬᠤᠲᠠ ᠶᠢᠨ ᠲᠣᠭᠤᠷᠢᠭ ᠠᠴᠠ ᠬᠠᠨᠲᠠᠶ ᠪᠠᠯᠭᠠᠰᠤ ᠳᠤ ᠤᠴᠢᠵᠤ ᠪᠣᠯᠤᠨ᠎ᠠ᠂ ᠨᠢᠰᠭᠡᠯ ᠤᠨ ᠪᠠᠭᠤᠳᠠᠯ ᠤᠨ ᠲᠦᠷᠭᠡᠨ ᠤ ᠵᠠᠮ ᠵᠢᠴᠢ ᠪᠤᠰᠤᠳ ᠪᠠᠶᠢᠴᠠᠭᠠᠯᠳᠠ ᠶᠢᠨ ᠠᠮᠠ ᠪᠠᠷ ᠴᠥᠮ ᠣᠷᠣᠵᠤ ᠭᠠᠷᠴᠤ ᠪᠤᠯᠬᠤ ᠥᠬᠡᠶ᠃        ︵ᠳ᠋ᠦᠩᠱᠧᠩ ᠤᠨ ᠵᠠᠮ ᠬᠠᠷᠢᠯᠴᠠᠭᠠᠨ ᠤ ᠴᠠᠭᠳᠠᠭᠠᠨ ᠤ 10 ᠰᠠᠷ᠎ᠠ ᠶᠢᠨ 9 ᠤ ᠡᠳᠦᠷ ᠤᠨ 9᠄ 36 ᠪᠣᠯᠲᠠᠯᠠᠬᠢ ᠮᠡᠳᠡᠭᠡ︶          ᠡᠵᠡᠨ ᠬᠤᠷᠤᠭ᠎ᠠ ᠬᠤᠰᠢᠭᠤ          ᠦᠬᠠᠢ ᠠᠴᠠ ᠠᠯᠳᠡᠨᠰᠢᠷᠡᠭᠡᠳᠤ ᠬᠦᠷᠬᠦ ᠵᠠᠮ ᠤᠨ 64  ᠺᠢᠯᠤᠮᠧᠲᠷ ᠤᠨ ᠭᠡᠰᠡᠭ᠂ ᠠᠯᠳᠡᠨᠰᠢᠷᠡᠭᠡᠳᠤ ᠠᠴᠠ ᠲᠦᠴᠢᠨ ᠭᠠᠵᠡᠷ ᠤᠨ ᠰᠢᠯᠢ ᠬᠦᠷᠭᠦ ᠵᠠᠮ ᠤᠨ  ᠺᠢᠯᠤᠮᠧᠲᠷ ᠤᠨ ᠭᠡᠰᠡᠭ ᠲᠤ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠳᠡ ᠶᠢ ᠬᠡᠷᠡᠭᠵᠢᠬᠦᠯᠵᠤ᠂ ᠪᠤᠢ ᠪᠦᠬᠦᠢ ᠬᠦᠮᠤᠨ ᠪᠠ ᠲᠡᠷᠭᠡ ᠮᠠᠰᠢᠨ ᠤᠷᠤᠵᠤ ᠭᠠᠷᠴᠤ ᠪᠤᠯᠬᠤ ᠦᠬᠡᠢ᠃         ︵ᠳ᠋ᠦᠩᠱᠧᠩ ᠤᠨ ᠵᠠᠮ ᠬᠠᠷᠢᠯᠴᠠᠭᠠᠨ ᠤ ᠴᠠᠭᠳᠠᠭᠠᠨ ᠤ 10 ᠰᠠᠷ᠎ᠠ ᠶᠢᠨ 9 ᠤ ᠡᠳᠦᠷ ᠤᠨ 9᠄ 36 ᠪᠣᠯᠲᠠᠯᠠᠬᠢ ᠮᠡᠳᠡᠭᠡ︶       ᠳᠠᠯᠠᠳ ᠬᠤᠰᠢᠭᠤ          1. ᠬᠥᠬᠡᠬᠤᠲᠠ᠂ ᠪᠤᠭᠤᠲᠤ ᠬᠤᠲᠠ ᠠᠴᠠ ᠲᠠᠯᠠᠳ ᠬᠤᠰᠢᠭᠤᠨ ᠳᠤ ᠢᠷᠡᠵᠤ ᠪᠤᠴᠠᠬᠤ ᠬᠦᠮᠤᠰ 48 ᠴᠠᠭ ᠤᠨ ᠳᠣᠲᠣᠷᠠᠬᠢ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ︵24 ᠴᠠᠭ ᠠᠯᠤᠰᠯᠠᠨ᠎ᠠ︶ ᠬᠠᠩᠭᠠᠵᠤ᠂ 7 ᠡᠳᠦᠷ ᠲᠥᠪᠯᠡᠷᠡᠭᠦᠯᠦ᠋ᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ  ᠬᠡᠷᠡᠭᠵᠢᠬᠦᠯᠤᠨ᠎ᠡ᠃          2. ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ ᠬᠤᠰᠢᠭᠤ᠂ ᠬᠠᠩᠭᠢᠨ ᠬᠤᠰᠢᠭᠤ᠂ ᠵᠡᠭᠦᠨᠭᠠᠷ ᠬᠤᠰᠢᠭᠤᠨ ᠠᠴᠠ ᠲᠠᠯᠠᠳ ᠬᠤᠰᠢᠭᠤᠨ ᠳᠤ ᠢᠷᠡᠵᠤ ᠪᠤᠴᠠᠬᠤ ᠬᠥᠮᠦᠰ ᠡᠷᠬᠡᠪᠰᠢ 3 ᠡᠳᠦᠷ ᠤᠨ ᠳᠣᠲᠣᠷᠠᠬᠢ 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠡ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ᠂ 7 ᠡᠳᠦᠷ ᠬᠡᠷ ᠲᠡᠭᠡᠨ ᠲᠤᠰᠠᠭᠠᠷᠯᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ  ᠬᠡᠷᠡᠭᠵᠢᠬᠦᠯᠤᠨ᠎ᠡ᠃       ︵ᠣᠷᠳᠣᠰ ᠤᠨ ᠵᠠᠮ ᠬᠠᠷᠢᠯᠴᠠᠭᠠᠨ ᠤ ᠴᠠᠭᠳᠠᠭᠠᠨ ᠤ 10 ᠰᠠᠷ᠎ᠠ ᠶᠢᠨ 8 ᠤ ᠡᠳᠦᠷ ᠤᠨ 21᠄ 01 ᠶᠢᠨ ᠮᠡᠳᠡᠭᠡ︶         ᠵᠡᠭᠦᠨᠭᠠᠷ ᠬᠤᠰᠢᠭᠤ         ᠲᠤᠤᠷ᠎ᠠ ᠲᠦᠭᠰᠢᠭᠦᠷᠢᠳᠡᠢ ᠭᠠᠵᠠᠷ ᠣᠷᠣᠨ ᠠᠴᠠ ᠢᠷᠡᠭᠰᠡᠨ ᠬᠦᠮᠤᠰ 48 ᠴᠠᠭ ᠤᠨ ᠲᠤᠳᠤᠷᠠᠬᠢ ᠬᠤᠶᠠᠷ ᠤᠳᠠᠭᠠᠨ ᠤ ᠪᠥᠭᠡᠮ ᠬᠦᠴᠢᠯ ᠤᠨ ᠭᠡᠷᠡᠴᠢ ᠪᠠᠶᠢᠬᠤ ᠬᠡᠷᠡᠭᠲᠡᠶ᠂ ᠳᠤᠮᠳᠠ ᠦᠨᠳᠤᠷ ᠲᠦᠭᠰᠢᠭᠦᠷᠢᠳᠡᠢ ᠭᠠᠵᠠᠷ ᠣᠷᠣᠨ ᠠᠴᠠ ᠢᠷᠡᠭᠰᠡᠨ ᠬᠦᠮᠦᠰ ᠵᠡᠭᠦᠨᠭᠠᠷ ᠬᠤᠰᠢᠭᠤᠨ ᠳᠤ ᠣᠷᠣᠬᠤ ᠭᠡᠪᠡᠯ ᠢᠳᠬᠠᠨ ᠪᠤᠴᠠᠭᠠᠬᠤ ᠪᠤᠶᠤ ᠲᠤᠬᠠᠶ ᠶᠢᠨ ᠭᠠᠵᠠᠷ ᠲᠤᠨᠢ ︽3+3︾ ᠲᠤᠰᠠᠭᠠᠷᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ︔ ᠭᠠᠷᠬᠤ ᠳᠤ ᠬᠢᠵᠠᠭᠠᠷᠯᠠᠯ ᠪᠠᠶᠢᠬᠤ ᠦᠬᠡᠢ᠃       ︵ᠣᠷᠳᠣᠰ ᠤᠨ ᠵᠠᠮ ᠬᠠᠷᠢᠯᠴᠠᠭᠠᠨ ᠤ ᠴᠠᠭᠳᠠᠭᠠᠨ ᠤ 10 ᠰᠠᠷ᠎ᠠ ᠶᠢᠨ 8 ᠤ ᠡᠳᠦᠷ ᠤᠨ 21᠄ 01 ᠶᠢᠨ ᠮᠡᠳᠡᠭᠡ︶         ᠦᠦᠰᠢᠨ ᠬᠤᠰᠢᠭᠤ        1. ᠲᠦᠷ ᠴᠠᠭ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠪᠥᠬᠦ ᠴᠠᠷᠠᠭᠠᠨ ᠳᠤ ︽ᠤᠷᠤᠭᠤᠯᠬᠤ ᠥᠬᠡᠶ ᠭᠠᠷᠭᠠᠬᠤ ᠥᠬᠡᠶ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      2. ᠰᠢᠨᠵᠢᠶᠠᠩ᠂ ᠲᠥᠪᠡᠳ᠂ ᠨᠢᠩᠰᠢᠶᠠ᠂ ᠬᠥᠬᠡᠬᠤᠲᠠ᠂ ᠪᠤᠭᠤᠲᠤ ᠵᠡᠷᠭᠡ ᠭᠠᠵᠠᠷ ᠣᠷᠣᠨ ᠪᠠ ᠦᠨᠳᠤᠷ ᠲᠦᠭᠰᠢᠭᠦᠷᠢᠳᠡᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠤ ︽ᠨᠥᠬᠦᠵᠦ ᠭᠦᠶ᠋ᠴᠡᠭᠡᠬᠦ︾ ᠵᠠᠷᠴᠢᠮ ᠶᠣᠰᠣᠭᠠᠷ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠨᠢᠭᠡ ᠡᠳᠦᠷ ᠲᠤ ᠨᠢᠭᠡ ᠪᠠᠶᠢᠴᠠᠭᠠᠯᠲᠠ ᠬᠢᠨ᠎ᠠ᠃        3. ᠲᠦᠷ ᠴᠠᠭ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠣᠷᠣᠵᠤ ᠭᠠᠷᠬᠤ ᠠᠮᠠ ᠪᠠᠷ ᠥᠩᠭᠡᠷᠡᠬᠦ ᠲᠡᠷᠭᠡ ᠮᠠᠰᠢᠨ ᠢ ᠪᠠᠶᠢᠴᠠᠭᠠᠨ ᠰᠢᠯᠭᠠᠭᠰᠠᠨ ᠤ ᠳᠠᠷᠠᠭ᠎ᠠ ᠪᠢᠲᠡᠭᠦᠮᠵᠢᠯᠡᠭᠰᠡᠨ ᠬᠠᠮᠢᠶᠠᠷᠤᠯᠳᠠ ᠬᠢᠨ᠎ᠠ︔ ᠦᠨᠡᠭᠡᠷ ᠬᠤᠰᠢᠭᠤᠨ ᠳᠤ ᠣᠷᠣᠬᠤ ᠴᠢᠬᠤᠯᠡ ᠲᠠᠢ ᠪᠤᠯ ᠡᠷᠬᠡᠪᠰᠢ 48 ᠴᠠᠭ ᠤᠨ ᠳᠣᠲᠣᠷᠠᠬᠢ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠡ ᠶᠢᠨ ᠪᠢᠯᠢᠭ ᠴᠢᠨᠠᠷ ᠤᠨ ᠭᠡᠷᠡᠴᠢ ᠭᠠᠷᠭᠠᠵᠤ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ︔ ᠦᠨᠡᠬᠡᠷ ᠬᠤᠰᠢᠭᠤᠨ ᠠᠴᠠ ᠰᠠᠯᠬᠤ ᠴᠢᠬᠤᠯᠠ ᠲᠠᠢ ᠪᠣᠯ 48 ᠴᠠᠭ ᠤᠨ ᠳᠣᠲᠣᠷᠠᠬᠢ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ︵24 ᠴᠠᠭ ᠠᠯᠤᠰᠯᠠᠨ᠎ᠠ︶ ᠪᠠᠶᠢᠬᠤ ᠬᠡᠷᠡᠭᠲᠡᠶ᠃      ︵ᠦᠦᠰᠢᠨ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 10 ᠰᠠᠷ᠎ᠠ ᠶᠢᠨ 8 ᠤ ᠡᠳᠦᠷ ᠤᠨ 23᠄ 56 ᠤᠨ ᠮᠡᠳᠡᠭᠡ︶          ᠣᠲᠤᠭ ᠬᠤᠰᠢᠭᠤ       1. ᠵᠠᠷᠴᠢᠮ ᠳᠡᠭᠡᠷ᠎ᠡ ᠪᠠᠨ ᠪᠥᠬᠦ ᠴᠠᠷᠠᠭ᠎ᠠ ᠪᠠᠷ ᠢᠶᠠᠨ ︽ᠣᠷᠣᠭᠤᠯᠬᠤ ᠥᠬᠡᠶ ᠭᠠᠷᠭᠠᠬᠤ ᠥᠬᠡᠶ︾ ᠠᠷᠭ᠎ᠠ ᠬᠡᠮᠵᠢᠶ᠎ᠡ  ᠠᠪᠤᠨ᠎ᠡ᠃       2. ᠰᠢᠨᠵᠢᠶᠠᠩ᠂ ᠲᠥᠪᠡᠳ᠂ ᠨᠢᠩᠰᠢᠶᠠ᠂ ᠬᠥᠬᠡᠬᠤᠲᠠ᠂ ᠪᠤᠭᠤᠲᠤ ᠵᠡᠷᠭᠡ ᠭᠠᠵᠠᠷ ᠣᠷᠣᠨ ᠠᠴᠠ ᠣᠲᠤᠭ ᠬᠤᠰᠢᠭᠤᠨ ᠳᠤ ᠢᠷᠡᠵᠤ ᠪᠤᠴᠠᠬᠤ ᠬᠥᠮᠦᠰ ᠲᠤ ᠴᠥᠮ ︽ᠨᠥᠬᠦᠵᠦ ᠭᠦᠶ᠋ᠴᠡᠭᠡᠬᠦ︾ ᠵᠠᠷᠴᠢᠮ ᠶᠣᠰᠣᠭᠠᠷ᠂ 7 ᠡᠳᠦᠷ ᠲᠥᠪᠯᠡᠷᠡᠭᠦᠯᠦ᠋ᠨ ᠲᠤᠰᠠᠭᠠᠷᠯᠠᠬᠤ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠳᠤ ᠨᠢᠭᠡ ᠡᠳᠦᠷ ᠲᠤ ᠨᠢᠭᠡ ᠪᠠᠶᠢᠴᠠᠭᠠᠯᠳᠠ ᠬᠢᠨ᠎ᠠ᠃          3. ᠳᠡᠭᠡᠷ᠎ᠡ ᠳᠤᠷᠠᠳᠤᠭᠰᠠᠨ ᠭᠠᠵᠠᠷ ᠣᠷᠣᠨ ᠢ ᠭᠠᠷᠭᠠᠪᠠᠯ᠂ ᠬᠤᠲᠠ ᠶᠢᠨ ᠭᠠᠳᠠᠨᠠᠬᠢ ᠵᠢᠴᠢ ᠬᠤᠲᠠ ᠶᠢᠨ ᠳᠣᠲᠣᠷᠠᠬᠢ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠭᠦᠮᠤᠰ ᠨᠢᠬᠡᠨᠳᠡ ᠣᠲᠤᠭ ᠬᠤᠰᠢᠭᠤᠨ ᠳᠤ ᠢᠷᠡᠭᠰᠡᠨ ᠪᠤᠯ ᠴᠥᠮ ︽ᠨᠥᠬᠦᠵᠦ ᠬᠦᠢᠴᠡᠳᠬᠡᠬᠦ︾ ᠵᠠᠷᠴᠢᠮ ᠶᠣᠰᠣᠭᠠᠷ 7 ᠡᠳᠦᠷ ᠬᠡᠷ ᠲᠤᠨᠢ ᠲᠤᠰᠠᠭᠠᠷᠯᠠᠵᠤ᠂ ᠲᠤᠰᠠᠭᠠᠷᠯᠠᠬᠤ ᠬᠤᠭᠤᠴᠠᠭᠠᠨ ᠳᠤ ᠨᠢᠭᠡ ᠡᠳᠦᠷ ᠲᠤ ᠨᠢᠭᠡ ᠪᠠᠶᠢᠴᠠᠭᠠᠯᠲᠠ ᠬᠢᠨ᠎ᠠ᠃ ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠬᠦᠮᠤᠰ ᠢ ᠳᠦᠪᠯᠡᠷᠡᠭᠦᠯᠦᠨ ᠲᠤᠰᠠᠭᠠᠷᠯᠠᠨ᠎ᠠ᠃         4. ᠲᠣᠰ ᠡᠳᠦᠷ ᠠᠴᠠ ᠡᠬᠢᠯᠡᠨ ᠣᠲᠤᠭ ᠬᠤᠰᠢᠭᠤᠨ ᠳᠤ ᠢᠷᠡᠵᠤ ᠪᠤᠴᠠᠬᠤ ᠬᠥᠮᠦᠰ ᠢ ᠴᠥᠮ 7 ᠡᠳᠦᠷ ᠳᠦᠪᠯᠡᠷᠡᠭᠦᠯᠦᠨ ᠲᠤᠰᠠᠭᠠᠷᠯᠠᠵᠤ᠂ ᠲᠤᠰᠠᠭᠠᠷᠯᠠᠬᠤ ᠬᠤᠭᠤᠴᠠᠭᠠᠨ ᠳᠤ ᠨᠢᠭᠡ ᠡᠳᠦᠷ ᠲᠤ ᠨᠢᠭᠡ ᠪᠠᠶᠢᠴᠠᠭᠠᠯᠳᠡ ᠬᠢᠨ᠎ᠠ᠃         ︵ᠤᠷᠳᠤᠰ ᠤᠨ ᠵᠠᠮ ᠬᠠᠷᠢᠯᠴᠠᠭᠠᠨ ᠤ ᠴᠬᠠᠳᠠᠭᠠᠨ ᠤ 10 ᠰᠠᠷ᠎ᠠ ᠶᠢᠨ 8 ᠤ ᠡᠳᠦᠷ ᠤᠨ 21᠄ 01 ᠤᠨ ᠮᠡᠳᠡᠭᠡ︶           ᠬᠠᠩᠭᠢᠨ ᠬᠤᠰᠢᠭᠤ        1. ᠰᠢᠨᠡᠪᠠᠯᠭᠠᠰᠤᠨ ᠳᠤ ᠣᠷᠣᠬᠤ ᠳᠤ 48 ᠴᠠᠭ ᠤᠨ ᠳᠣᠲᠣᠷᠡᠬᠢ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠡᠢ ᠲᠠᠢ ᠪᠠᠶᠢᠬᠤ ᠪᠥᠭᠡᠳ ᠪᠠᠶᠢᠭ᠎ᠠ ᠨᠡᠶᠢᠭᠡᠮ ᠲᠣᠭᠤᠷᠢᠭ ᠲᠠᠭᠠᠨ ᠤᠷᠢᠳᠴᠢᠯᠠᠨ ᠮᠡᠳᠡᠭᠦᠯᠦᠭᠰᠡᠨ ᠪᠠᠶᠢᠪᠠᠯ ᠰᠠᠶ᠋ᠢ ᠰᠢᠨᠡᠪᠠᠯᠭᠠᠰᠦ ᠶᠢᠨ ᠬᠢᠯᠢ ᠳᠤ ᠣᠷᠣᠵᠤ ᠪᠣᠯᠤᠨ᠎ᠠ᠃         2. ᠰᠢᠨᠠᠪᠠᠯᠭᠠᠰᠤ ᠠᠴᠠ ᠰᠠᠯᠬᠤ ᠳᠤ ᠡᠪᠡᠳᠴᠢᠨ ᠦᠵᠡᠭᠦᠯᠬᠦ ᠵᠡᠷᠭᠡ ᠪᠠᠴᠢᠮ ᠪᠠᠶᠢᠳᠠᠯ ᠲᠠᠢ ᠪᠠᠶᠢᠪᠠᠯ 48 ᠴᠠᠭ ᠤᠨ ᠳᠣᠲᠣᠷᠡᠬᠢ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠲᠠᠢ ᠪᠠᠶᠢᠬᠤ ᠶᠢᠨ ᠬᠠᠮᠲᠤ ᠣᠴᠢᠬᠤ ᠭᠡᠵᠦ ᠪᠠᠶᠢᠭ᠎ᠠ ᠨᠡᠶᠢᠭᠡᠮ ᠲᠣᠭᠤᠷᠢᠭ᠂ ᠡᠮᠨᠡᠯᠭᠡ ᠶᠢᠨ ᠬᠤᠷᠢᠶ᠎ᠠ ᠪᠤᠶᠤ ᠵᠣᠴᠢᠳ ᠤᠨ ᠪᠠᠭᠤᠳᠠᠯ ᠳᠤ ᠮᠡᠳᠡᠭᠦᠯᠵᠦ᠂ ᠣᠴᠢᠬᠤ ᠭᠠᠵᠠᠷ ᠨᠢ ᠵᠥᠪᠰᠢᠶᠡᠷᠡᠭᠰᠡᠨ ᠤ ᠳᠠᠷᠠᠭ᠎ᠠ ᠰᠠᠶ᠋ᠢ ᠰᠢᠨᠡᠪᠠᠯᠭᠠᠰᠤ ᠠᠴᠠ ᠰᠠᠯᠵᠤ ᠪᠣᠯᠤᠨ᠎ᠠ᠃          3. ᠡᠳᠦᠷ ᠲᠤᠲᠤᠮ ᠤᠨ ᠡᠳ᠋ ᠪᠠᠷᠠᠭᠠᠨ ᠤ ᠪᠠᠳᠤᠯᠠᠭ᠎ᠠ ᠶᠢᠨ ᠲᠡᠭᠡᠭᠡᠪᠦᠷᠢ ᠠᠴᠠ ᠭᠠᠳᠠᠨ᠎ᠠ ᠪᠤᠰᠤᠳ ᠣᠨᠴᠠᠭᠠᠢ ᠪᠠᠶᠢᠳᠠᠯ ᠠᠴᠠ ᠪᠣᠯᠵᠣ ᠰᠢᠨᠡᠪᠠᠯᠭᠠᠰᠤ ᠳᠤ ᠣᠷᠣᠬᠤ ᠪᠤᠶᠤ ᠰᠠᠯᠬᠤ ᠴᠢᠬᠤᠯᠠ ᠲᠠᠢ ᠪᠣᠯ ᠪᠠᠶᠢᠭ᠎ᠠ ᠨᠢᠭᠡᠴᠢ ︵ᠭᠠᠴᠠᠭ᠎ᠠ︶ ᠠᠴᠠ ᠪᠠᠨ ᠭᠡᠷᠡᠴᠢ ᠭᠠᠷᠭᠠᠬᠤ ᠬᠡᠷᠡᠭᠲᠡᠶ᠃       ︵ᠤᠷᠳᠤᠰ ᠤᠨ ᠵᠠᠮ ᠬᠠᠷᠢᠯᠴᠠᠭᠠᠨ ᠤ ᠴᠬᠠᠳᠠᠭᠠᠨ ᠤ 10 ᠰᠠᠷ᠎ᠠ ᠶᠢᠨ 8 ᠤ ᠡᠳᠦᠷ ᠤᠨ 21᠄ 01 ᠤᠨ ᠮᠡᠳᠡᠭᠡ︶        ᠤᠳᠤᠭ ᠤᠨ ᠡᠮᠦᠨᠡᠲᠦ ᠬᠤᠰᠢᠭᠤ         ᠪᠤᠢ ᠪᠦᠬᠦᠢ ᠲᠡᠷᠭᠡ ᠮᠠᠰᠢᠨ ᠪᠣᠯᠤᠨ ᠬᠥᠮᠦᠰ ᠤᠨ ᠣᠷᠣᠵᠤ ᠭᠠᠷᠬᠤ ᠶᠢ ᠴᠠᠭᠠᠵᠠᠯᠠᠨ᠎ᠠ᠃       ︵ᠤᠷᠳᠤᠰ ᠤᠨ ᠵᠠᠮ ᠬᠠᠷᠢᠯᠴᠠᠭᠠᠨ ᠤ ᠴᠬᠠᠳᠠᠭᠠᠨ ᠤ 10 ᠰᠠᠷ᠎ᠠ ᠶᠢᠨ 8 ᠤ ᠡᠳᠦᠷ ᠤᠨ 21᠄ 01 ᠤᠨ ᠮᠡᠳᠡᠭᠡ︶   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ