ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠤᠬᠢᠶᠠᠯ ᠪᠠ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠦᠬᠦ ᠬᠤᠳᠠ ᠶᠢᠨ ᠠᠵᠤ ᠠᠬᠤᠢ ᠶᠢᠨ ᠡᠷᠬᠢᠯᠳᠡ ᠵᠡᠷᠭᠡ ᠠᠵᠢᠯ ᠢ ᠰᠤᠳᠤᠯᠵᠠᠢ
ᠨᠡᠶᠢᠲᠡᠯᠡᠭᠰᠡᠨ ᠴᠠᠭ᠄
2022/10/26
     ᠤᠶᠢᠷ᠎ᠠ ᠶᠢᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠤᠬᠢᠶᠠᠯ ᠪᠠ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠠᠵᠤ ᠠᠬᠤᠢ ᠶᠢᠨ ᠡᠷᠬᠢᠯᠳᠡ᠂ ︽ᠳᠠᠪᠤ ᠶᠢ ᠳᠦᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠵᠡᠷᠭᠡ ᠠᠵᠢᠯ ᠢ ᠰᠤᠳᠤᠯᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠢ ᠡᠷᠬᠢᠯᠡᠪᠡ᠃       ᠬᠤᠷᠠᠯ ᠠᠴᠠ 10 ᠰᠠᠷ᠎ᠠ ᠶᠢᠨ 25 ᠤ ᠡᠳᠤᠷ ᠤᠨ ᠳᠦᠪ ᠤᠨ ᠤᠯᠤᠰ ᠳᠦᠷᠦ ᠶᠢᠨ ᠳᠤᠪᠴᠢᠶᠠᠨ ᠤ ᠬᠤᠷᠠᠯ ᠤᠨ ᠵᠤᠷᠢᠭ ᠰᠠᠨᠠᠭ᠎ᠠ᠂ ᠶᠡᠷᠦᠩᠭᠡᠢ ᠱᠦᠵᠢ ᠰᠢ ᠶᠢᠨ ᠫᠢᠩ ᠤᠨ ᠳᠦᠪ ᠤᠨ ᠤᠯᠤᠰ ᠳᠦᠷᠦ ᠶᠢᠨ ᠳᠤᠪᠴᠢᠶᠠᠨ ᠤ ᠠᠩᠬᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶᠠᠨ ᠤ ᠳᠤᠬᠳᠠᠭᠠᠯ︾ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠸᠡᠭ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠶᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠳᠡᠷᠢᠬᠦᠨ ᠴᠢᠬᠤᠯᠠ ᠤᠯᠤᠰ ᠳᠦᠷᠦ ᠶᠢᠨ ᠡᠬᠦᠷᠭᠡ ᠪᠤᠯᠭᠠᠨ᠂ ︽ᠪᠦᠬᠦ ᠳᠠᠯ᠎ᠠ ᠪᠠᠷ ᠰᠤᠷᠤᠯᠴᠠᠨ᠂ ᠪᠦᠬᠦ ᠳᠠᠯ᠎ᠠ ᠪᠠᠷ ᠡᠵᠡᠮᠳᠡᠵᠤ᠂ ᠪᠦᠬᠦ ᠳᠠᠯ᠎ᠠ ᠪᠠᠷ ᠨᠠᠶᠢᠳᠠᠪᠤᠷᠢᠵᠢᠭᠤᠯᠬᠤ︾ ᠴᠢᠬᠤᠯᠠ ᠱᠠᠭᠠᠷᠳᠠᠯᠭ᠎ᠠ ᠶᠤᠰᠤᠭᠠᠷ᠂ ᠬᠦᠨᠵᠡᠭᠡᠢ ᠰᠤᠷᠤᠯᠴᠠᠨ᠂ ᠨᠠᠷᠢᠨ ᠤᠶᠢᠯᠠᠭᠠᠵᠤ᠂ ᠡᠷᠡᠰ ᠭᠡᠷᠡᠭᠵᠢᠬᠦᠯᠬᠦ ᠳᠡᠭᠡᠷ᠎ᠠ ᠬᠦᠴᠤ ᠳᠠᠯᠪᠢᠨ᠂ ᠪᠤᠳᠠᠳᠠᠢ ᠶᠢ ᠡᠷᠬᠢᠮᠯᠡᠬᠦ ᠰᠤᠷᠳᠠᠯ ᠢ ᠪᠠᠳᠠᠷᠠᠭᠤᠯᠵᠤ᠂ ᠨᠠᠷᠢᠨ ᠬᠢᠨᠠᠮᠠᠭᠠᠢ ᠰᠤᠳᠤᠯᠤᠨ ᠤᠬᠠᠭᠠᠯᠠᠵᠤ᠂ ᠨᠢᠮᠪᠠᠢ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃        ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠩ ᠤᠨ C 919 ᠳᠤᠮᠤ ᠭᠡᠯᠪᠡᠷᠢ ᠶᠢᠨ ᠠᠶᠠᠨᠴᠢᠨ ᠤ ᠨᠢᠰᠭᠡᠯ ᠤᠨ ᠳᠦᠷᠤᠯ ᠵᠦᠢᠯ ᠤᠨ ᠪᠦᠯᠬᠦᠮ ᠤᠨ  ᠲᠦᠯᠦᠭᠡᠯᠡᠭᠴᠢ ᠲᠠᠢ ᠠᠭᠤᠯᠵᠠᠬᠰᠠᠨ ᠤ ᠬᠠᠮᠳᠤ ᠳᠦᠷᠤᠯ ᠵᠦᠢᠯ ᠤᠨ ᠦᠷ᠎ᠠ ᠪᠦᠳᠤᠭᠡᠯ ᠤᠨ ᠳᠡᠯᠭᠡᠨ ᠦᠵᠡᠬᠦᠯᠭᠡ ᠶᠢ ᠳᠤᠭᠤᠷᠢᠨ ᠦᠵᠡᠬᠦ ᠦᠶᠡᠰ ᠤᠨ ᠴᠢᠬᠤᠯᠠ ᠵᠢᠭᠠᠪᠤᠷᠢ᠂ ᠱᠠᠨᠳᠦ᠋ᠩ ᠮᠤᠵᠢ ᠶᠢᠨ ᠭᠠᠵᠠᠷ ᠰᠢᠨᠵᠢᠯᠡᠭᠡᠨ ᠤ ᠳᠤᠪᠴᠢᠶ᠎ᠠ ᠶᠢᠨ ᠵᠢᠷᠭᠤᠳᠤᠭᠠᠷ ᠭᠠᠵᠠᠷ ᠰᠢᠨᠵᠢᠯᠡᠭᠡᠨ ᠤ ᠶᠡᠭᠡ ᠠᠩᠬᠢ ᠶᠢᠨ ᠪᠦᠬᠦ ᠠᠵᠢᠯᠳᠠᠨ ᠳᠤ ᠦᠭᠬᠦᠭᠰᠡᠨ ᠬᠠᠷᠢᠭᠤ ᠵᠠᠬᠢᠳᠠᠯ᠂ ︽ᠠᠷᠠᠳ ᠳᠦᠮᠡᠨ ᠢ ᠳᠡᠭᠡᠳᠤᠯᠡᠶ᠎ᠠ︾ ᠭᠡᠬᠦ ᠴᠢᠬᠤᠯᠠ ᠵᠤᠬᠢᠶᠠᠯ᠂ ᠴᠡᠷᠢᠭ ᠠᠩᠬᠢ ᠶᠢᠨ ᠤᠳᠤᠷᠢᠳᠬᠤ ᠺᠠᠳ᠋ᠷᠴᠤᠳ ᠤᠨ ᠬᠤᠷᠠᠯ ᠳᠤ ᠤᠷᠤᠯᠴᠠᠬᠤ ᠦᠶᠡᠰ ᠤᠨ ᠴᠢᠬᠤᠯᠠ ᠶᠠᠷᠢᠶ᠎ᠠ᠂ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠢ ᠪᠠᠷᠠᠳᠠᠬᠤ ᠦᠶᠡᠰ ᠤᠨ ᠴᠢᠬᠤᠯᠠ ᠵᠢᠭᠠᠪᠤᠷᠢ᠂ ᠱᠠᠨᠰᠢ ᠶᠢᠨ ᠶᠠᠨ ᠠᠨ ᠪᠤᠯᠤᠨ ᠾᠧᠨᠠᠨ ᠤ ᠠᠨ ᠶᠠᠩ ᠳᠤ ᠰᠢᠨᠵᠢᠯᠡᠨ ᠪᠠᠶᠢᠴᠠᠭᠠᠬᠤ ᠦᠶᠡᠰ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠤ᠂ ᠠᠭᠤᠤ ᠶᠡᠭᠡ ᠨᠠᠮ ᠪᠠᠶᠢᠭᠤᠯᠬᠤ ᠵᠤᠷᠢᠭ ᠰᠠᠨᠠᠭ᠎ᠠ ᠪᠠ ᠶᠠᠨ ᠠᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠪᠠᠳᠤᠯᠠᠭ᠎ᠠ᠂ ᠠᠭᠠᠷ ᠤᠨ ᠠᠶᠠᠯᠠᠯ ᠤᠨ ᠠᠵᠤ ᠤᠶᠢᠯᠡᠰ ᠤᠨ ᠳᠦᠷᠤᠯ ᠵᠦᠢᠯ ᠤᠨ ᠪᠦᠳᠤᠭᠡᠨ ᠪᠠᠶᠢᠭᠤᠯᠤᠯᠳᠠ᠂ ᠠᠭᠤᠷᠬᠠᠢ ᠶᠢᠨ ᠡᠬᠢ ᠪᠠᠶᠠᠯᠢᠭ ᠤᠨ ᠬᠠᠶᠢᠨ ᠰᠢᠨᠵᠢᠯᠡᠯᠳᠡ᠂ ᠬᠦᠳᠡᠭᠡ ᠳᠤᠰᠬᠤᠨ ᠢ ᠪᠦᠬᠦ ᠳᠠᠯ᠎ᠠ ᠪᠠᠷ ᠬᠦᠭᠵᠢᠬᠦᠯᠬᠦ ᠵᠡᠷᠭᠡ ᠠᠵᠢᠯ ᠢ ᠰᠠᠶᠢᠳᠤᠷ ᠬᠢᠬᠦ ᠭᠡᠷᠡᠭᠳᠡᠢ ᠭᠡᠵᠤ ᠴᠢᠬᠤᠯᠠᠴᠢᠯᠠᠪᠠ᠃        ᠬᠤᠷᠠᠯ ᠠᠴᠠ ᠤᠳᠤᠬᠠᠨ ᠤ ᠪᠦᠬᠦ ᠬᠤᠳᠠ ᠶᠢᠨ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠬᠠᠷᠠᠯᠳᠠ ᠶᠢ ᠪᠠᠳᠤᠯᠠᠨ ᠰᠡᠬᠦᠯ ᠬᠤᠷᠢᠶᠠᠬᠤ ᠠᠵᠢᠯ ᠢ ᠰᠠᠶᠢᠳᠤᠷ ᠬᠢᠵᠤ᠂ ᠪᠦᠬᠦ ᠵᠢᠯ ᠤᠨ ᠬᠠᠷᠠᠯᠳᠠ ᠲᠠᠢ ᠬᠠᠷᠭᠤᠭᠤᠯᠤᠨ᠂ ᠠᠰᠠᠭᠤᠳᠠᠯ ᠤᠨ ᠬᠦᠷᠦᠯᠴᠡᠬᠦ ᠦᠭᠡᠢ ᠳᠠᠯ᠎ᠠ ᠶᠢ ᠡᠷᠢᠨ ᠤᠯᠵᠤ᠂ ᠠᠵᠢᠯ ᠤᠨ ᠠᠷᠭ᠎ᠠ ᠭᠡᠮᠵᠢᠶ᠎ᠠ ᠪᠠᠨ ᠳᠡᠬᠦᠯᠳᠡᠷᠵᠢᠬᠦᠯᠬᠦ ᠭᠡᠷᠡᠭᠳᠡᠢ᠃ ᠪᠡᠯᠡ ᠤᠷᠤᠭᠤᠯᠤᠯᠳᠠ ᠶᠢ ᠪᠠᠳᠤᠯᠠᠨ ᠬᠦᠳᠡᠯᠭᠡᠭᠴᠢ ᠬᠦᠴᠤᠨ ᠢ ᠨᠡᠮᠡᠭᠳᠡᠬᠦᠯᠵᠤ᠂ ᠳᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠬᠦᠴᠤᠯᠡᠴᠡ ᠶᠢ ᠨᠡᠮᠡᠭᠳᠡᠬᠦᠯᠤᠨ᠂ ᠴᠢᠬᠤᠯᠠ ᠳᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠶᠢ ᠰᠠᠶᠢᠳᠤᠷ ᠠᠳᠬᠤᠬᠤ ᠭᠡᠷᠡᠭᠳᠡᠢ᠃ ᠰᠠᠶᠢᠬᠠᠨ ᠡᠬᠢᠯᠡᠬᠦᠯᠤᠨ ᠰᠠᠶᠢᠳᠤᠷ ᠤᠬᠠᠭᠠᠯᠠᠵᠤ᠂ ︽ᠳᠡᠯᠡᠭᠡᠢ ᠶᠢᠨ ᠳᠡᠰ ᠤᠨ ᠳᠦᠷᠪᠡᠨ ᠠᠵᠤ ᠤᠶᠢᠯᠡᠰ︾  ᠢ ᠴᠤᠭᠴᠠᠯᠠᠬᠤ᠂ ︽ᠤᠯᠤᠰ ᠤᠨ ᠳᠦᠷᠪᠡᠨ ᠬᠡᠪ ᠳᠠᠭᠤᠷᠢᠶᠠᠯ︾  ᠢ ᠪᠦᠳᠤᠭᠡᠨ ᠪᠠᠶᠢᠭᠤᠯᠬᠤ᠂ ︽ᠪᠦᠬᠦ ᠤᠯᠤᠰ ᠤᠨ ᠳᠦᠷᠪᠡᠨ ᠳᠡᠷᠢᠬᠦᠨ︾ ᠢ ᠡᠭᠦᠳᠬᠦ ᠡᠬᠦᠷᠭᠡ ᠶᠢᠨ ᠳᠤᠭᠤᠷᠢᠨ ᠳᠤ᠂ ᠨᠠᠶᠢᠳᠠᠪᠤᠷᠢᠵᠢᠭᠤᠯᠤᠯᠳᠠ ᠶᠢ ᠢᠳᠡᠪᠬᠢᠳᠡᠢ ᠪᠠᠷ ᠠᠬᠢᠭᠤᠯᠤᠨ᠂ ᠤᠷᠳᠤᠰ ᠤᠨ ᠠᠵᠤ ᠠᠬᠤᠢ ᠳᠦᠷᠭᠡᠨ ᠬᠦᠭᠵᠢᠯᠳᠡ ᠲᠠᠢ᠂ ᠠᠷᠠᠳ ᠤᠨ ᠠᠮᠢᠳᠤᠷᠠᠯ ᠵᠤᠯ ᠵᠢᠷᠭᠠᠯ ᠲᠠᠢ ᠰᠠᠶᠢᠨ ᠰᠠᠶᠢᠬᠠᠨ ᠳᠦᠷᠢ ᠳᠦᠷᠬᠦ ᠶᠢ ᠱᠤᠭᠤᠬᠤ ᠭᠡᠷᠡᠭᠳᠡᠢ ᠭᠡᠵᠤ ᠴᠢᠬᠤᠯᠠᠴᠢᠯᠠᠪᠠ᠃            ᠬᠤᠷᠠᠯ ᠠᠴᠠ ᠪᠦᠬᠦ ᠬᠤᠳᠠ ᠶᠢᠨ ︽ᠳᠠᠪᠤ ᠶᠢ ᠳᠦᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠳᠤᠬᠠᠢ ᠬᠠᠷᠢᠭᠤ ᠮᠡᠳᠡᠭᠦᠯᠤᠯᠳᠡ ᠶᠢ ᠰᠤᠨᠤᠰᠴᠤ᠂ ᠶᠡᠭᠡ ᠳᠠᠯ᠎ᠠ ᠶᠢᠨ ᠳᠠᠨᠢᠯᠳᠠ ᠶᠢ ᠪᠤᠢ ᠪᠤᠯᠭᠠᠨ᠂ ᠳᠤᠯᠭᠠᠮ ᠰᠡᠳᠬᠢᠯᠭᠡ ᠶᠢ ᠴᠢᠩᠭᠠᠳᠬᠠᠵᠤ᠂ ᠬᠠᠮᠳᠤᠷᠠᠯ ᠬᠦᠴᠤᠨ ᠢ ᠰᠠᠶᠢᠳᠤᠷ ᠪᠤᠢ ᠪᠤᠯᠭᠠᠨ᠂ ᠬᠠᠳᠠᠭᠤᠵᠢᠯᠳᠠᠢ ᠠᠵᠢᠯᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠤᠨ᠂ ᠡᠬᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠳᠡᠷᠡ ᠶᠤᠰᠤᠭᠠᠷ ᠨᠢ ᠠᠬᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃             ᠬᠤᠷᠠᠯ ᠠᠴᠠ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠳᠠ᠂ ᠰᠢᠯᠢᠳᠡᠭ ᠵᠠᠯᠠᠭᠤ ᠺᠠᠳ᠋ᠷ ᠢ ᠢᠯᠡᠷᠡᠬᠦᠯᠵᠤ ᠬᠦᠮᠤᠵᠢᠬᠦᠯᠤᠨ ᠰᠤᠩᠭᠤᠨ ᠳᠡᠪᠰᠢᠬᠦᠯᠬᠦ ᠠᠵᠢᠯ ᠤᠨ ᠳᠤᠬᠠᠢ ᠬᠠᠷᠢᠭᠤ ᠮᠡᠳᠡᠭᠦᠯᠤᠯᠳᠡ ᠶᠢ ᠰᠤᠨᠤᠰᠴᠤ᠂ ᠳᠡᠭᠡᠳᠤ ᠭᠡᠮᠵᠢᠶ᠎ᠠ ᠪᠠᠷ ᠴᠢᠬᠤᠯᠠᠴᠢᠯᠠᠨ᠂ ᠪᠦᠳᠤᠴᠡ ᠶᠢ ᠰᠢᠯᠢᠳᠡᠭᠵᠢᠬᠦᠯᠵᠤ᠂ ᠴᠢᠩ ᠦᠨᠡᠨᠴᠢ ᠠᠷᠢᠭᠤᠨ ᠴᠢᠭᠡᠴᠢ ᠵᠤᠷᠢᠭᠳᠠᠢ ᠡᠬᠦᠷᠭᠡᠯᠡᠳᠡᠭ ᠺᠠᠳ᠋ᠷᠴᠤᠳ ᠤᠨ ᠡ᠊ᠡᠭᠨᠡᠭᠡ ᠶᠢ ᠪᠤᠢ ᠪᠤᠯᠭᠠᠬᠤ ᠭᠡᠷᠡᠭᠳᠡᠢ ᠭᠡᠵᠤ ᠴᠢᠬᠤᠯᠠᠴᠢᠯᠠᠪᠠ᠃        ᠬᠤᠷᠠᠯ ᠠᠴᠠ ︽ᠤᠷᠳᠤᠰ ᠬᠤᠳᠠ ᠶᠢᠨ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠶᠡᠷᠦᠩᠭᠡᠢ ᠲᠦᠯᠦᠪᠵᠢᠭᠦᠯᠭᠡ︾ ᠶᠢ ᠬᠢᠨᠠᠨ ᠵᠦᠪᠯᠡᠵᠤ ᠪᠠᠳᠤᠯᠠᠪᠠ᠃       ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠤᠳ ᠢ ᠰᠤᠳᠤᠯᠪᠠ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ