| ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠡᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠪᠥᠬᠦ ᠬᠤᠲᠠ ᠶᠢᠨ ᠠᠵᠤ ᠠᠬᠤᠶ ᠶᠢᠨ | ᠡᠷᠭᠢᠯᠳᠡ ᠵᠢᠴᠢ ᠭᠤᠸ᠋ᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠠᠵᠤ | ᠠᠬᠤᠶ ᠶᠢᠨ ᠪᠠᠶᠢᠳᠠᠯ ᠪᠠ ᠭᠤᠸ᠋ᠯᠳᠠᠯᠭ᠎ᠠ ᠲᠠᠢ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ | ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠧ ᠼᠦᠢ ᠹᠠᠩ᠂ | ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠶ᠂ ᠯᠢᠦ ᠹᠧᠩ ᠶᠦᠨ ᠬᠤᠷᠠᠯ ᠳᠤ ᠣᠷᠣᠯᠴᠠᠪᠠ᠃ | ᠳ᠋ᠦ᠋ ᠬᠤᠢ ᠯᠢᠶᠠᠩ᠂ ᠡᠨᠡ ᠵᠢᠯ ᠠᠴᠠ ᠨᠠᠭᠠᠰᠢ ᠪᠦᠬᠦ ᠬᠤᠳᠠ ᠶᠢᠨ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠶᠠᠨ | ᠪᠠᠳᠤᠯᠠᠬᠰᠡᠨ ᠪᠠᠶᠢᠨ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠦᠷᠦᠯ ᠤᠨ ᠬᠠᠷᠠᠯᠲᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠬᠦᠷᠦᠯᠴᠡᠬᠦ ᠦᠭᠡᠢ | ᠲᠠᠯ᠎ᠠ ᠪᠠᠨ ᠪᠠᠶᠢᠴᠠᠭᠠᠨ᠂ ᠳᠤᠲᠠᠭᠤᠳᠠᠯ ᠢᠶᠠᠨ ᠡᠷᠢᠵᠦ᠂ ᠠᠵᠤ ᠠᠬᠤᠢ ᠶᠢᠨ ᠡᠷᠭᠢᠯᠳᠡ ᠪᠣᠯᠤᠨ ᠭᠤᠣᠯᠳᠠᠯᠭ᠎ᠠ ᠲᠠᠢ ᠠᠵᠢᠯ ᠢᠶᠠᠨ ᠨᠡᠩ ᠣᠨᠣᠪᠴᠢᠲᠠᠢ ᠪᠥᠭᠡᠳ | ᠥᠨᠳᠥᠷ ᠪᠦᠲᠦᠮᠵᠢᠲᠡᠢ ᠪᠠᠷ ᠰᠠᠶᠢᠲᠤᠷ ᠠᠳᠬᠤᠵᠤ᠂ ᠭᠤᠷᠪᠠᠳᠤᠭᠠᠷ ᠤᠯᠠᠷᠢᠯ ᠤᠨ ᠡᠭᠦᠷᠭᠡ ᠪᠠᠨ ᠤᠷᠤᠭᠰᠢᠲᠠᠢ ᠪᠡᠶᠡᠯᠡᠭᠦᠯᠦ᠋ᠨ᠂ ᠤᠨ ᠤ ᠲᠡᠭᠦᠰ ᠠᠮᠵᠢᠯᠲᠠ | ᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠳ᠋ᠦ᠋ ᠬᠤᠢ ᠯᠢᠶᠠᠩ᠂ ᠲᠣᠬᠢᠷᠠᠭᠤᠯᠤᠯᠲᠠ ᠶᠢ ᠨᠠᠷᠢᠯᠢᠭ ᠣᠨᠣᠴᠠᠲᠠᠶ ᠪᠥᠭᠡᠳ ᠥᠨᠳᠥᠷ ᠪᠦᠲᠦᠮᠵᠢᠲᠡᠶ ᠪᠠᠷ ᠠᠳᠬᠤᠵᠤ᠂ ᠠᠵᠤ ᠠᠬᠤᠶ ᠶᠢᠨ ᠭᠦᠶ᠋ᠴᠡᠳᠭᠡᠯ | ᠲᠤᠭ᠎ᠠ ᠶᠢᠨ ᠡᠷᠭᠢᠯᠳᠡ ᠶᠢᠨ ᠪᠠᠶᠢᠳᠠᠯ ᠤᠨ ᠲᠤᠬᠠᠶ ᠵᠠᠳᠠᠯᠤᠯᠲᠠ ᠰᠤᠳᠤᠯᠤᠯᠲᠠ ᠶᠢ ᠴᠢᠩᠭᠠᠳᠬᠠᠨ᠂ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠡᠯ᠎ᠡ ᠲᠦᠷᠦᠯ ᠤᠨ ᠭᠤᠸ᠋ᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ | ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠪᠡᠯᠡ ᠣᠷᠣᠭᠤᠯᠤᠯᠲᠠ ᠶᠢ | ᠥᠷᠭᠡᠳᠭᠡᠵᠦ᠂ ᠪᠦᠬᠦ ᠵᠢᠯ ᠤᠨ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠬᠠᠷᠠᠯᠲᠠ ᠶᠢ ᠰᠤᠯᠠᠷᠠᠭᠤᠯᠬᠤ ᠦᠭᠡᠢ ᠪᠠᠶᠢᠬᠤ ᠳᠤ ᠠᠩᠬᠠᠷᠤᠯ ᠢᠶᠠᠨ | ᠲᠦᠪᠯᠡᠷᠡᠭᠦᠯᠦ᠋ᠨ᠂ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥ᠋ᠪᠵᠢᠭᠦᠯᠬᠦ ᠪᠠᠷ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠭᠢᠵᠤ ᠦᠢᠯᠡᠳᠪᠤᠷᠢᠯᠡᠯ ᠭᠢᠭᠰᠡᠨ | ᠦᠭᠡᠢ᠂ ᠤᠨᠤᠴᠡᠳᠡᠢ ᠲᠥᠯᠥ᠋ᠪᠵᠢᠭᠦᠯᠦ᠋ᠭᠰᠡᠨ ᠦᠭᠡᠢ ᠵᠡᠷᠭᠡ ᠠᠰᠠᠭᠤᠳᠠᠯ ᠢ ᠬᠦᠴᠦᠯᠡᠵᠤ ᠰᠠᠶᠢᠲᠤᠷ ᠰᠢᠢᠳᠪᠦᠷᠢᠯᠡᠨ᠂ ᠢᠷᠡᠬᠦ ᠵᠢᠯ ᠤᠨ ᠲᠦᠷᠦᠯ ᠵᠦᠢᠯ ᠢ ᠱᠠᠯᠠᠪᠳᠠᠨ | ᠰᠠᠶᠢᠲᠤᠷ ᠲᠥᠯᠥ᠋ᠪᠵᠢᠭᠦᠯᠵᠦ᠂ ᠪᠡᠯᠡ ᠣᠷᠣᠭᠤᠯᠤᠯᠲᠠ ᠶᠢ ᠪᠠᠬᠢᠵᠢᠭᠦᠯᠬᠦ ᠡᠷᠴᠢᠮᠲᠡᠢ ᠨᠡᠮᠡᠭᠳᠡᠯ ᠤᠨ ᠪᠠᠶᠢᠳᠠᠯ ᠢ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠭᠠᠶᠢᠯᠢ ᠶᠢ | ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠬᠠᠮᠢᠶᠠᠷᠴᠤ᠂ ᠭᠤᠣᠯᠳᠠᠯᠭ᠎ᠠ ᠲᠠᠢ ᠠᠵᠢᠯ ᠲᠦᠷᠦᠯ ᠤᠨ ᠭᠤᠣᠯᠳᠠᠯᠭ᠎ᠠ ᠲᠠᠢ ᠭᠤᠭᠴᠤᠭ᠎ᠠ ᠶᠢ ᠤᠷᠭᠢᠬᠤ | ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠵᠤ᠂ ᠪᠦᠬᠦ ᠶᠠᠪᠤᠴᠠ᠂ ᠪᠦᠬᠦ ᠬᠡᠯᠬᠢᠶ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ | ᠵᠠᠰᠠᠭ ᠤᠨ ᠪᠡᠯᠡ ᠮᠥᠩᠭᠦ ᠶᠢ ᠠᠷᠪᠢᠯᠠᠵᠤ ᠡᠷᠴᠢᠮᠵᠢᠭᠦᠯᠦ᠋ᠨ ᠠᠰᠢᠭᠯᠠᠬᠤ ᠶᠢ ᠴᠢᠩᠭᠠᠳᠬᠠᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠢ ᠭᠡᠵᠡᠢ᠃ | ᠳ᠋ᠦ᠋ ᠬᠤᠢ ᠯᠢᠶᠠᠩ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠠᠵᠤ ᠦᠢᠯᠡᠰ ᠢ ᠪᠤᠶᠢᠵᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ | ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠤᠳᠤ ᠦᠶ᠎ᠡ ᠶᠢᠨ ᠲᠤᠨᠤᠬᠯᠡᠯ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ | ᠪᠣᠯᠤᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠦᠴᠦᠯᠡᠨ ᠪᠤᠶᠢᠵᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠲᠤᠬᠳᠠᠯᠴᠠᠭ᠎ᠠ ᠶᠢ | ᠲᠦᠷᠭᠡᠳᠬᠡᠨ ᠪᠠᠶᠢᠭᠤᠯᠬᠤ ᠬᠡᠷᠡᠭᠲᠡᠢ᠃ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠭᠤᠣᠯ ᠴᠣᠭᠴᠠ ᠶᠢ ᠪᠠᠲᠤᠯᠠᠵᠤ᠂ ᠠᠵᠤ ᠠᠬᠤᠶᠢᠯᠠᠯ ᠤᠨ ᠲᠦᠷᠦ ᠶᠢᠨ | ᠪᠤᠳᠤᠯᠭ᠎ᠠ ᠶᠢ ᠡᠳ᠋ᠯᠡᠬᠦ᠂ ᠵᠠᠬᠢᠶᠠᠯᠠᠭ᠎ᠠ ᠶᠢᠨ ᠬᠠᠭᠤᠳᠠᠰᠤ ᠶᠢ ᠡᠷᠢᠬᠦ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢ ᠢᠳᠡᠪᠬᠢᠲᠡᠢ ᠬᠠᠪᠰᠤᠷᠴᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠦᠴᠢᠷ ᠢ ᠲᠤᠭᠤᠯᠬᠤ᠂ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ᠂ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶ᠎ᠠ ᠴᠠᠷᠠᠭ᠎ᠠ᠂ ︽ᠲᠠᠪᠤ ᠶᠢ ᠲᠦᠢᠯᠪᠤᠷᠢᠳᠡᠢ ᠪᠠᠶᠢᠴᠠᠭᠠᠬᠤ︾ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠡᠰ ᠳᠠᠷᠠᠭᠠᠯᠠᠯ ᠶᠤᠰᠤᠭᠠᠷ ᠴᠠᠭ ᠤᠨ ᠠᠬᠢᠴᠠ ᠶᠢ ᠲᠣᠭᠲᠠᠭᠤᠨ ᠢᠶᠠᠷ ᠠᠬᠢᠭᠤᠯᠵᠤ᠂ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥ᠋ᠪᠵᠢᠭᠦᠯᠬᠦ ᠶᠢ ᠴᠢᠩᠭᠠᠳᠬᠠᠨ᠂ ᠠᠮᠤᠷ ᠲᠦᠪᠰᠢᠨ | ᠲᠣᠭᠲᠠᠭᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ | ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃ | |