| | ᠬᠤᠨᠢ ᠮᠠᠯ ᠢᠶᠠᠨ ᠲᠡᠵᠢᠭᠡᠵᠤ ᠪᠤᠷᠳᠤᠬᠤ᠂ ᠤᠰᠤᠯᠠᠬᠤ ᠡᠮᠨᠡᠭᠦ᠂ ᠲᠠᠷᠢᠶ᠎ᠠ ᠲᠦᠮᠦᠰᠦ ᠲᠠᠷᠢᠬᠤ᠂ ᠠᠷᠠᠴᠢᠯᠠᠬᠤ᠂ ᠬᠤᠷᠢᠶᠠᠬᠤ ᠁ᠤᠳᠤᠬᠠᠨ ᠳᠤ ᠠᠯᠠᠭᠠᠨ | ᠴᠢᠨᠡᠭᠡ ᠪᠠᠭ᠎ᠠ ᠮᠠᠰᠢᠨ ᠠᠴᠠ ᠠᠰᠠᠷ ᠲᠠᠬᠳᠤ ᠰᠢᠬ ᠦᠨᠳᠦᠷ ᠲᠤᠮᠤ ᠡᠯᠳᠡᠪ ᠵᠦᠢᠯ ᠤᠨ ᠮᠠᠰᠢᠨ ᠤᠳ ᠮᠠᠯᠴᠢᠨ ᠲᠠᠷᠢᠶᠠᠴᠢᠨ ᠡᠷᠦᠭᠡ ᠳᠤ ᠲᠦᠭᠡᠮᠡᠯ ᠬᠠᠷᠠᠬᠳᠠᠵᠤ᠂ | ᠮᠠᠯ ᠲᠠᠷᠢᠶᠠᠯᠠᠩ ᠤᠨ ᠦᠢᠯᠡᠳᠪᠤᠷᠢᠯᠠᠯ ᠨᠢ ᠮᠠᠰᠢᠨ ᠲᠤᠨᠤᠬᠯᠠᠯ ᠠᠴᠠ ᠲᠦᠭᠡ ᠰᠠᠯᠬᠤ ᠦᠭᠡᠢ ᠪᠤᠯᠵᠤ᠂ ᠮᠠᠰᠢᠨᠴᠢᠯᠠᠯᠳᠠ ᠨᠢ ᠮᠠᠯᠵᠢᠬᠤ ᠲᠠᠷᠢᠶᠠᠯᠠᠬᠤ ᠤᠷᠤᠨ ᠤ | ᠦᠢᠯᠡᠳᠪᠤᠷᠢᠯᠠᠯ ᠠᠮᠢᠳᠤᠷᠠᠯ ᠲᠤᠮᠳᠠ ᠴᠢᠬᠤᠯᠠ ᠦᠢᠯᠡᠳᠦᠯ ᠦᠵᠡᠭᠦᠯᠵᠤ᠂ ᠭᠦᠳᠡᠯᠮᠤᠷᠢ ᠭᠦᠴᠦᠨ ᠢ ᠲᠦᠢᠯ ᠤᠨ ᠶᠡᠭᠡ ᠪᠠᠷ ᠴᠢᠯᠤᠭᠡᠯᠠᠨ᠂ ᠮᠠᠯᠴᠢᠨ | ᠲᠠᠷᠢᠶᠠᠴᠢᠳ ᠲᠤ ᠲᠤᠩ ᠶᠡᠭᠡ ᠲᠦᠭᠦᠮ ᠦᠵᠡᠭᠦᠯᠵᠤ ᠪᠤᠢ᠃ | ᠲᠡᠶᠢᠮᠦ ᠡ᠂ ᠮᠠᠰᠢᠨ ᠲᠤᠨᠤᠬᠯᠠᠯ ᠭᠦᠭᠯᠡᠨ᠂ ᠦᠢᠯᠡᠳᠪᠤᠷᠢᠯᠠᠯ ᠠᠮᠢᠳᠤᠷᠠᠯ ᠳᠠᠭᠠᠨ ᠭᠦᠴᠦ ᠵᠠᠯᠭᠠᠵᠤ᠂ ᠬᠠᠷ᠎ᠠ ᠬᠦᠯᠦᠰᠤ ᠪᠠᠨ ᠤᠷᠤᠰᠬᠠᠬᠤ ᠬᠠᠯᠠ ᠠᠴᠠ | ᠮᠤᠯᠳᠤᠷᠠᠬᠤ ᠭᠡᠭᠴᠢ ᠰᠠᠶᠢᠬᠠᠨ᠃ ᠭᠡᠪᠡᠴᠦ ᠡᠭᠦᠨ ᠤ ᠵᠡᠷᠭᠡ ᠪᠠᠷ ᠠᠮᠤᠷ ᠲᠦᠪᠰᠢᠨ ᠤ ᠠᠰᠠᠭᠤᠳᠠᠯ ᠶᠡᠭᠡ ᠪᠠᠷ ᠤᠷᠤᠰᠢᠵᠤ᠂ ᠮᠠᠰᠢᠨ ᠲᠤᠨᠤᠬᠯᠠᠯ ᠢ ᠠᠶᠤᠯ | ᠦᠭᠡᠢ ᠪᠠᠷ ᠭᠡᠷᠡᠭᠯᠡᠭᠦ ᠨᠢ ᠲᠤᠩ ᠴᠢᠬᠤᠯᠠ ᠶᠠᠪᠤᠳᠠᠯ ᠪᠤᠯᠵᠤ ᠪᠠᠶᠢᠨ᠎ᠠ᠃ ︽ᠨᠢᠳᠦ ᠦᠭᠡᠢ ᠮᠠᠰᠢᠨ︾ ᠳᠤ ᠭᠠᠷ ᠬᠤᠷᠤᠭᠤ ᠪᠠᠨ ᠤᠬᠳᠤᠯᠵᠤ ᠡᠰᠭᠡᠭᠦ ᠪᠤᠶᠤ | ᠰᠢᠷᠬᠠᠳᠤᠯ ᠭᠡᠮᠳᠤᠯ ᠡᠭᠦᠰᠴᠦ ᠡᠷᠡᠮᠳᠡᠭ ᠵᠡᠷᠡᠮᠳᠡᠭ ᠪᠤᠯᠬᠤ᠂ ᠨᠠᠩ ᠴᠢᠨᠠᠬᠰᠢᠯᠠᠨ ᠠᠮᠢ ᠨᠠᠰᠤᠨ ᠤ ᠠᠶᠤᠯ ᠳᠤ ᠲᠤᠯᠭᠠᠷᠠᠬᠤ ᠮᠠᠳᠤ ᠶᠢᠨ ᠠᠳᠡᠯ ᠭᠡᠷᠡᠭ ᠪᠠᠶᠢᠡᠭᠭᠤ | ᠡᠭᠦᠰᠴᠦ ᠬᠠᠷᠠᠮᠰᠠᠯ ᠭᠡᠮᠰᠢᠯ ᠦᠯᠡᠳᠡᠭᠡᠨ᠎ᠠ᠃ ᠡᠶᠢᠮᠦ ᠠᠴᠠ ᠮᠠᠯᠴᠢᠨ ᠲᠠᠷᠢᠶᠠᠴᠢᠳ ᠮᠠᠰᠢᠨ ᠲᠤᠨᠤᠬᠯᠠᠯ ᠢ ᠡᠳ᠋ᠯᠡᠵᠤ ᠭᠡᠷᠡᠭᠯᠡᠭᠦ ᠳᠡᠭᠡᠨ ᠠᠮᠤᠷ ᠲᠦᠪᠰᠢᠨ ᠢ ᠴᠠᠭ | ᠢᠮᠠᠬᠳᠠ ᠠᠩᠬᠠᠷᠤᠯ ᠳᠠᠭᠠᠨ ᠠᠪᠬᠤ ᠴᠢᠬᠤᠯᠠᠳᠠᠢ ᠪᠠᠶᠢᠨ᠎ᠠ᠃ ᠶᠠᠭᠤᠨ ᠤ ᠡᠮᠤᠨ᠎ᠠ ᠮᠠᠰᠢᠨ ᠲᠤᠨᠤᠬᠯᠠᠯ ᠢ ᠭᠡᠷᠡᠭᠯᠡᠭᠦ ᠠᠯᠬᠤᠮ ᠲᠠᠷᠠᠭ᠎ᠠ᠂ ᠠᠩᠬᠠᠷᠬᠤ ᠵᠦᠢᠯᠡᠰ | ᠵᠡᠷᠭᠡ ᠶᠢ ᠲᠤᠭᠤᠷᠠᠳᠠᠯ᠎ᠠ ᠮᠡᠳᠡᠭᠰᠡᠨ ᠰᠠᠭᠤᠷᠢᠨ ᠲᠡᠭᠡᠷ᠎ᠠ ᠭᠢᠴᠢᠶᠠᠮᠵᠢᠳᠠᠢ ᠪᠤᠯᠭᠤᠮᠵᠢᠳᠠᠢ ᠭᠡᠷᠡᠭᠯᠡᠭᠦ ᠭᠡᠷᠡᠭᠳᠡᠢ᠃ ᠪᠤᠯᠬᠤ ᠨᠦᠭᠦᠴᠡᠯ ᠤᠨ ᠲᠤᠳᠤᠷ᠎ᠠ ᠲᠠᠭᠠᠳᠬᠠᠯ | ᠠᠪᠴᠦ᠂ ᠨᠢᠭᠡᠨ ᠬᠤᠪᠢ ᠶᠢᠨ ᠪᠠᠳᠤᠯᠠᠭ᠎ᠠ ᠲᠠᠢ ᠪᠠᠶᠢᠪᠠᠯ ᠵᠤᠭᠢᠨ᠎ᠠ᠃ ᠡᠭᠦᠨ ᠤ ᠬᠠᠮᠳᠤ ᠬᠤᠯᠪᠤᠬᠳᠠᠯ ᠪᠦᠭᠦᠢ ᠰᠠᠯᠠᠭ᠎ᠠ ᠮᠦᠴᠢᠷ ᠤᠨ ᠬᠢᠨ ᠮᠠᠰᠢᠨ ᠲᠤᠨᠤᠬᠯᠠᠯ ᠤᠨ | ᠲᠤᠬᠠᠢ ᠪᠤᠯᠪᠠᠰᠤᠷᠠᠯ ᠭᠦᠮᠦᠵᠢᠯ᠂ ᠠᠮᠤᠷ ᠲᠦᠪᠰᠢᠨ ᠤ ᠤᠬᠠᠭᠤᠯᠭ᠎ᠠ ᠶᠢ ᠪᠠᠶᠢᠡᠭᠭᠤ ᠶᠢᠨ ᠴᠢᠨᠠᠷᠳᠠᠢ ᠦᠷᠨᠢᠭᠦᠯᠵᠤ᠂ ᠮᠠᠯᠴᠢᠨ ᠲᠠᠷᠢᠶᠠᠴᠢᠳ ᠲᠤ ᠮᠠᠰᠢᠨ | ᠲᠤᠨᠤᠬᠯᠠᠯ ᠤᠨ ᠲᠤᠬᠠᠢ ᠮᠡᠳᠡᠯᠭᠡ ᠮᠡᠷᠭᠡᠵᠢᠯ ᠢ ᠲᠦᠭᠡᠮᠡᠯᠵᠢᠭᠦᠯᠦ᠋ᠨ᠂ ᠠᠮᠤᠷ ᠲᠦᠪᠰᠢᠨ ᠤ ᠤᠬᠠᠮᠰᠠᠷ ᠢ ᠨᠢ ᠲᠡᠭᠡᠭᠰᠢᠯᠡᠭᠦᠯᠭᠦ ᠴᠢᠬᠤᠯᠠᠳᠠᠢ ᠪᠠᠶᠢᠨ᠎ᠠ᠃ | | | |