ᠨᠥᠬᠦᠪᠦᠷᠢ ᠪᠠᠨ ᠠᠪᠤᠭᠠᠷᠠᠢ︕ ᠡᠳᠡᠭᠡᠷ ᠬᠦᠮᠦᠰ ᠨᠥᠬᠦᠪᠦᠷᠢ ᠲᠠᠢ
ᠨᠡᠶᠢᠲᠡᠯᠡᠭᠰᠡᠨ ᠴᠠᠭ᠄
2022/11/10
      ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ           ᠶᠡᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ ᠦᠷ᠎ᠡ ᠬᠡᠦᠬᠡᠳ᠂ ᠶᠡᠭᠡ ᠲᠡᠭᠡᠳᠦ ᠰᠤᠷᠭᠠᠭᠤᠯᠢ ᠠᠴᠠ ᠲᠡᠭᠦᠰᠬᠦ ᠭᠡᠵᠤ ᠪᠠᠶᠢᠭ᠎ᠠ ᠣᠶᠤᠲᠠᠨ᠂ ᠬᠤᠲᠠ ᠬᠥᠳᠡᠭᠡ ᠶᠢᠨ ᠠᠩᠬ᠎ᠠ ᠳᠤᠮᠳᠠᠳᠤ ᠪᠤᠶᠤ ᠥᠨᠳᠦᠷ ᠳᠤᠮᠳᠠᠳᠤ ᠪᠠᠨ ᠰᠠᠶ᠋ᠢᠬᠠᠨ ᠲᠡᠭᠦᠰᠬᠡᠭᠡᠳ ᠦᠷᠭᠦᠯᠵᠢᠯᠡᠨ ᠰᠤᠷᠭᠠᠭᠤᠯᠢ ᠳᠤ ᠰᠠᠭᠤᠭᠰᠠᠨ ᠦᠭᠡᠢ ᠬᠥᠮᠥᠰ᠂ ᠬᠥᠳᠡᠭᠡ ᠲᠣᠰᠬᠤᠨ ᠠᠴᠠ ᠰᠢᠯᠵᠢᠭᠦᠯᠦᠭᠰᠡᠨ ᠬᠥᠳᠡᠯᠮᠦᠷᠢᠯᠡᠭᠴᠢ᠂ ᠬᠤᠲᠠ ᠪᠠᠯᠭᠠᠰᠤᠨ ᠳᠤ ᠳᠠᠩᠰᠠᠯᠠᠭᠤᠯᠤᠭᠰᠠᠨ ᠠᠵᠢᠯ ᠠᠯᠳᠠᠭᠰᠠᠳ ᠠᠵᠢᠯ ᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠪᠠ ᠠᠳᠠᠯ ᠦᠢᠯᠡᠰ ᠪᠣᠰᠬᠠᠬᠤ ᠪᠣᠯᠪᠠᠰᠤᠷᠠᠯ ᠳᠤ ᠣᠷᠣᠯᠴᠠᠵᠤ᠂ ᠲᠤᠬᠠᠶᠢᠯᠠᠭᠰᠠᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ︵ᠲᠤᠬᠠᠶᠢᠯᠠᠭᠰᠠᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ᠂ ᠲᠤᠰᠬᠠᠶ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ᠂ ᠪᠣᠯᠪᠠᠰᠤᠷᠠᠯ ᠳᠤ ᠬᠢᠷᠢ ᠲᠡᠩᠴᠡᠭᠰᠡᠨ ᠦᠨᠡᠮᠯᠡᠯ︶ ᠣᠯᠤᠭᠰᠠᠨ ᠪᠠᠶᠢᠪᠠᠯ ᠨᠥᠬᠦᠪᠣᠷᠢ ᠣᠯᠭᠤᠨ᠎ᠠ᠃ ᠭᠥᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ᠄ ᠲᠤᠬᠠᠶ ᠶᠢᠨ ᠭᠠᠵᠠᠷ ᠤᠨ ᠬᠥᠮᠦᠨ ᠤ ᠨᠥᠭᠡᠴᠡ ᠪᠣᠯᠣᠨ ᠨᠡᠶᠢᠭᠡᠮ ᠤᠨ ᠪᠠᠲᠤᠯᠠᠭᠠᠨ ᠤ ᠰᠠᠯᠠᠭ᠎ᠠ ᠮᠥᠴᠢᠷ᠃       ᠲᠤᠬᠠᠶᠢᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠥᠷᠢ          ᠨᠥᠬᠦᠪᠥᠷᠢ ᠥᠭᠬᠦ ᠡᠲᠡᠭᠡᠳ᠄ ᠠᠩᠬ᠎ᠠ ᠤᠳᠠᠭ᠎ᠠ ᠲᠤᠬᠠᠶᠢᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠪᠥᠭᠡᠳ ᠲᠤᠬᠠᠶᠢᠯᠠᠭᠰᠠᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ︵ᠪᠣᠯᠪᠠᠰᠤᠷᠠᠯ ᠳᠤ ᠬᠢᠷᠢ ᠲᠡᠩᠴᠡᠭᠰᠡᠨ ᠦᠨᠡᠮᠯᠡᠯ ᠪᠠᠭᠲᠠᠬᠤ ᠥᠬᠡᠶ︶ ᠣᠯᠤᠭᠰᠠᠨ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠶᠢᠨ ᠦᠷ᠎ᠡ ᠬᠡᠦᠬᠡᠳ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ ᠣᠶᠤᠲᠠᠨ᠂ ᠬᠤᠲᠠ ᠬᠥᠳᠡᠭᠡ ᠶᠢᠨ ᠠᠩᠬ᠎ᠠ ᠳᠤᠮᠳᠠᠳᠤ ᠪᠤᠶᠤ ᠥᠨᠳᠦᠷ ᠳᠤᠮᠳᠠᠳᠤ ᠪᠠᠨ ᠰᠠᠶ᠋ᠢᠬᠠᠨ ᠲᠡᠭᠦᠰᠬᠡᠭᠡᠳ ᠦᠷᠭᠦᠯᠵᠢᠯᠡᠨ ᠰᠤᠷᠭᠠᠭᠤᠯᠢ ᠳᠤ ᠰᠠᠭᠤᠭᠰᠠᠨ ᠦᠭᠡᠢ ᠬᠥᠮᠥᠰ᠂ ᠬᠥᠳᠡᠭᠡ ᠲᠣᠰᠬᠤᠨ ᠠᠴᠠ ᠰᠢᠯᠵᠢᠭᠦᠯᠦᠭᠰᠡᠨ ᠬᠥᠳᠡᠯᠮᠦᠷᠢᠯᠡᠭᠴᠢ᠂ ᠬᠤᠲᠠ ᠪᠠᠯᠭᠠᠰᠤᠨ ᠳᠤ ᠳᠠᠩᠰᠠᠯᠠᠭᠤᠯᠤᠭᠰᠠᠨ ᠠᠵᠢᠯ ᠠᠯᠳᠠᠭᠰᠠᠳ᠃ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠄ ᠲᠤᠬᠠᠶ ᠶᠢᠨ ᠭᠠᠵᠠᠷ ᠤᠨ ᠬᠥᠮᠦᠨ ᠤ ᠨᠥᠭᠡᠴᠡ ᠪᠣᠯᠣᠨ ᠨᠡᠶᠢᠭᠡᠮ ᠤᠨ ᠪᠠᠲᠤᠯᠠᠭᠠᠨ ᠤ ᠰᠠᠯᠠᠭ᠎ᠠ ᠮᠥᠴᠢᠷ᠃          ᠨᠡᠶᠢᠭᠡᠮ ᠤᠨ ᠳᠠᠭᠠᠳᠬᠠᠯ ᠤᠨ ᠨᠥᠬᠦᠪᠥᠷᠢ          ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠤᠭᠠᠳᠤᠶ ᠠᠮᠢᠳᠤᠯᠢᠭ ᠢᠶᠠᠷ ᠬᠥᠳᠡᠯᠮᠦᠷᠢᠯᠡᠵᠦ ᠪᠠᠶᠢᠭ᠎ᠠ ᠬᠥᠮᠥᠰ ᠲᠤ ᠨᠥᠬᠦᠪᠦᠷᠢ ᠥᠭᠭᠦᠨ᠎ᠡ᠃ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ᠄ ᠲᠤᠬᠠᠶ ᠶᠢᠨ ᠭᠠᠵᠠᠷ ᠤᠨ ᠬᠥᠮᠦᠨ ᠤ ᠨᠥᠭᠡᠴᠡ ᠪᠣᠯᠣᠨ ᠨᠡᠶᠢᠭᠡᠮ ᠤᠨ ᠪᠠᠲᠤᠯᠠᠭᠠᠨ ᠤ ᠰᠠᠯᠠᠭ᠎ᠠ ᠮᠥᠴᠢᠷ᠃         ᠨᠢᠭᠡ ᠯᠡ ᠤᠳᠠᠭ᠎ᠠ ᠶᠢᠨ ᠴᠢᠨᠠᠷᠲᠠᠶ ᠠᠵᠢᠯ ᠡᠷᠢᠵᠦ ᠦᠢᠯᠡᠰ ᠪᠣᠰᠬᠠᠬᠤ ᠨᠥᠬᠦᠪᠥᠷᠢ      ᠲᠡᠭᠦᠰᠦᠭᠰᠡᠨ ᠵᠢᠯ ᠳᠡᠭᠡᠨ ᠠᠵᠢᠯ ᠣᠯᠵᠤ ᠦᠢᠯᠡᠰ ᠪᠣᠰᠬᠠᠬᠤ ᠬᠦᠰᠡᠯ ᠲᠠᠢ ᠪᠥᠭᠡᠳ ᠢᠳᠡᠪᠬᠢᠲᠡᠶ ᠪᠠᠷ ᠠᠵᠢᠯ ᠡᠷᠢᠵᠦ ᠦᠢᠯᠡᠰ ᠪᠣᠰᠬᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ᠂ ᠶᠠᠳᠠᠭᠤ ᠬᠦᠴᠢᠷᠲᠡᠢ ᠵᠡᠮᠳᠡᠭᠴᠦᠳ ᠤᠨ ᠬᠡᠷ ᠪᠦᠯᠢ᠂ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠪᠣᠯᠤᠨ ᠣᠨᠴᠠ ᠬᠦᠴᠢᠷᠲᠡᠢ ᠬᠥᠮᠦᠰ ᠤᠨ ᠳᠣᠲᠣᠷᠠᠬᠢ ᠶᠡᠭᠡ ᠲᠡᠭᠡᠳᠦ ᠰᠤᠷᠭᠠᠭᠤᠯᠢ ᠲᠡᠭᠦᠰᠦᠭᠰᠡᠨ ᠬᠥᠮᠥᠰ ᠪᠣᠯᠤᠨ ᠳᠤᠮᠳᠠ ᠵᠡᠷᠭᠡ ᠶᠢᠨ ᠲᠤᠬᠠᠶᠢᠯᠠᠭᠰᠠᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠠᠴᠠ ᠲᠡᠭᠦᠰᠦᠭᠰᠡᠨ ᠬᠥᠮᠥᠰ᠂ ᠵᠡᠮᠳᠡᠭ ᠪᠤᠶᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠨ ᠬᠥᠮᠥᠰ ᠪᠣᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠠᠴᠠ ᠲᠡᠭᠦᠰᠦᠭᠰᠡᠨ ᠬᠥᠮᠥᠰ ᠲᠤ ᠨᠥᠬᠦᠪᠦᠷᠢ ᠣᠯᠭᠤᠨ᠎ᠠ᠃      ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ᠄ ᠲᠤᠬᠠᠶ ᠶᠢᠨ ᠭᠠᠵᠠᠷ ᠤᠨ ᠬᠥᠮᠦᠨ ᠤ ᠨᠥᠭᠡᠴᠡ ᠪᠤᠯᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠃       ᠨᠢᠭᠡ ᠯᠠ ᠤᠳᠠᠭ᠎ᠠ ᠶᠢᠨ ᠴᠢᠨᠠᠷᠲᠠᠶ ᠦᠢᠯᠡᠰ ᠪᠣᠰᠬᠠᠬᠤ ᠨᠥᠬᠦᠪᠦᠷᠢ       ᠠᠩᠬ᠎ᠠ ᠤᠳᠠᠭ᠎ᠠ ᠵᠢᠵᠢᠭ ᠠᠵᠤ ᠠᠬᠤᠶᠢᠯᠠᠯ ᠡᠷᠬᠢᠯᠡᠭᠰᠡᠨ ᠪᠤᠶᠤ ᠬᠤᠪᠢ ᠶᠢᠨ ᠡᠵᠡᠩᠨᠡᠯᠲᠡ ᠬᠢᠵᠦ ᠪᠠᠶᠢᠭ᠎ᠠ ᠮᠥᠷᠲᠡᠭᠡᠨ ᠵᠢᠵᠢᠭ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠪᠠᠨ ᠡᠬᠢᠯᠡᠨ 1 ᠵᠢᠯ ᠠᠴᠠ ᠳᠡᠭᠡᠭᠰᠢ ᠬᠡᠪ ᠤᠨ ᠶᠣᠰᠣᠭᠠᠷ ᠡᠵᠡᠩᠨᠡᠭᠰᠡᠨ᠂ ᠰᠤᠷᠭᠠᠭᠤᠯᠢ ᠠᠴᠠ ᠪᠠᠨ ᠲᠡᠭᠦᠰᠦᠭᠡᠳ 2 ᠵᠢᠯ ᠤᠨ ᠳᠣᠲᠣᠷ᠎ᠠ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠬᠥᠮᠥᠰ᠂ ᠠᠵᠢᠯ ᠤᠯᠬᠤ ᠳᠤ ᠬᠦᠴᠢᠷᠲᠡᠶ ᠬᠥᠮᠦᠰ᠂ ᠨᠤᠲᠤᠭ ᠲᠠᠭᠠᠨ ᠪᠤᠴᠠᠵᠤ ᠠᠳᠠᠯ ᠦᠢᠯᠡᠰ ᠪᠣᠰᠬᠠᠭᠰᠠᠨ ᠬᠥᠮᠥᠰ ᠲᠤ ᠨᠥᠬᠦᠪᠦᠷᠢ ᠣᠯᠭᠤᠨ᠎ᠠ᠃ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ᠄ ᠲᠤᠬᠠᠶ ᠶᠢᠨ ᠭᠠᠵᠠᠷ ᠤᠨ ᠬᠥᠮᠦᠨ ᠤ ᠨᠥᠭᠡᠴᠡ ᠪᠣᠯᠣᠨ ᠨᠡᠶᠢᠭᠡᠮ ᠤᠨ ᠪᠠᠲᠤᠯᠠᠭᠠᠨ ᠤ ᠰᠠᠯᠠᠭ᠎ᠠ ᠮᠥᠴᠢᠷ᠃   
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ