| ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 22 ᠤᠨ ᠡᠳᠦᠷ 2022 ᠣᠨ ᠤ ᠬᠤᠶᠠᠳᠤᠭᠠᠷ ᠤᠯᠠᠷᠢᠯ ᠤᠨ ᠪᠥᠬᠦ | ᠤᠯᠤᠰ ᠤᠨ 100 ᠠᠵᠢᠯ ᠲᠦᠷᠦᠯ ᠤᠨ ᠵᠢᠭᠰᠠᠭᠠᠯᠲᠠ ᠶᠢ ᠨᠡᠶᠢᠲᠡᠯᠡᠪᠡ᠃ ᠡᠭᠦᠨ ᠳᠤ᠂ ᠪᠣᠷᠣᠯᠠᠭᠤᠯᠤᠭᠴᠢ᠂ ᠲᠦᠷᠭᠡᠨ ᠬᠦᠷᠭᠡᠭᠴᠢ᠂ ᠮᠠᠰᠢᠨ ᠲᠡᠷᠭᠡᠨ ᠤ | ᠠᠵᠢᠯᠴᠢᠨ᠂ ᠲᠠᠸᠠᠷ ᠡᠵᠡᠩᠨᠡᠭᠴᠢ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠤᠰᠬᠠᠶ ᠮᠡᠷᠭᠡᠵᠢᠯ ᠤᠨ ᠠᠵᠢᠯᠲᠠᠨ᠂ ᠬᠤᠭᠤᠯᠠᠨ ᠬᠡᠷ ᠤᠨ ᠦᠢᠯᠡᠴᠢᠯᠡᠭᠴᠢ | ᠂ ᠠᠮᠤᠷ ᠢ ᠬᠠᠮᠠᠭᠠᠯᠠᠭᠴᠢ᠂ ᠬᠡᠷ ᠠᠬᠤᠶ ᠶᠢᠨ ᠦᠢᠯᠡᠴᠢᠯᠡᠭᠴᠢ᠂ ᠡᠯᠧᠺᠲᠷᠣᠨ ᠦᠢᠯᠡᠳᠭᠦᠨ ᠤ ᠬᠡᠪ ᠬᠢᠭᠴᠢ᠂ ᠴᠡᠪᠡᠷᠯᠡᠭᠴᠢ ᠵᠡᠷᠭᠡ ᠠᠵᠢᠯ ᠮᠡᠷᠭᠡᠵᠢᠯ ᠨᠢ | ᠲᠦᠷᠦᠭᠦᠦ ᠠᠷᠪᠠ ᠳᠤ ᠵᠢᠭᠰᠠᠭᠠᠭᠳᠠᠵᠤ ᠪᠠᠶᠢᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ | 2022 ᠣᠨ ᠤ ᠨᠢᠭᠡᠳᠦᠭᠡᠷ ᠤᠯᠠᠷᠢᠯ ᠲᠠᠢ ᠬᠠᠷᠢᠴᠠᠭᠤᠯᠪᠠᠯ᠂ ᠲᠣᠰ ᠬᠤᠭᠤᠴᠠᠭᠠᠨ ᠤ ᠵᠢᠭᠰᠠᠭᠠᠯᠲᠠ ᠶᠢᠨ ᠠᠵᠢᠯᠲᠠᠨ ᠡᠯᠰᠡᠬᠦ ᠬᠡᠷᠡᠭᠴᠡᠭᠡ ᠱᠠᠭᠠᠷᠳᠠᠯᠭ᠎ᠠ ᠶᠢᠨ | ᠬᠥᠮᠦᠨ ᠤ ᠲᠤᠭ᠎ᠠ ᠪᠠ ᠠᠵᠢᠯ ᠡᠷᠢᠬᠦ ᠬᠥᠮᠦᠨ ᠤ ᠲᠤᠭ᠎ᠠ ᠦᠷᠭᠦᠯᠵᠢᠯᠡᠨ ᠨᠡᠮᠡᠭᠲᠡᠪᠡ᠃ ᠡᠨᠡ ᠨᠢ 5᠂ 6 ᠳ᠋ᠤᠭᠠᠷ ᠰᠠᠷ᠎ᠠ ᠶᠢᠨ ᠬᠢᠵᠢᠭ ᠤᠨ ᠪᠠᠶᠢᠳᠠᠯ | ᠰᠠᠶᠢᠵᠢᠷᠠᠬᠤ ᠶᠢ ᠳᠠᠭᠠᠯᠳᠤᠨ᠂ ᠠᠵᠤ ᠠᠬᠤᠶ ᠠᠯᠬᠤᠮ ᠠᠯᠬᠤᠮ ᠢᠶᠠᠷ ᠰᠠᠶᠢᠵᠢᠷᠠᠵᠤ᠂ ᠤᠷᠢᠬᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠴᠦ ᠳᠠᠭᠠᠯᠳᠤᠨ | ᠰᠡᠷᠭᠦᠭᠰᠡᠨ ᠢ ᠬᠠᠷᠠᠭᠤᠯᠵᠤ ᠪᠠᠶᠢᠨ᠎ᠠ᠃ | ᠦᠢᠯᠡᠳᠬᠦ ᠠᠵᠦ ᠦᠢᠯᠡᠰ ᠤᠨ ᠠᠵᠢᠯᠲᠠᠨ ᠳᠤᠲᠠᠭᠳᠠᠵᠤ ᠪᠠᠶᠢᠭ᠎ᠠ ᠪᠠᠶᠢᠳᠠᠯ ᠦᠷᠭᠦᠯᠵᠢᠯᠡᠨ᠂ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ | ᠠᠵᠢᠯᠲᠠᠨ ᠳᠤᠲᠠᠭᠳᠠᠵᠤ ᠪᠠᠶᠢᠭ᠎ᠠ ᠪᠠᠶᠢᠳᠠᠯ ᠨᠡᠯᠢᠶᠡᠳ ᠲᠣᠪᠤᠶᠢᠮ᠎ᠠ ᠪᠠᠶᠢᠨ᠎ᠠ᠃ ᠬᠤᠷᠠᠮᠠᠯ ᠴᠠᠬᠢᠯᠭᠠᠨ ᠬᠡᠯᠬᠢᠶ᠎ᠡ ᠶᠢᠨ ᠢᠨᠵᠧᠨᠧᠷᠢᠩ ᠤᠨ ᠮᠡᠷᠭᠡᠵᠢᠯ ᠤᠨ ᠠᠵᠢᠯᠲᠠᠨ᠂ | ᠬᠠᠭᠠᠰ ᠳᠠᠮᠵᠢᠭᠤᠯᠤᠭᠴᠢ ᠶᠢᠨ ᠴᠢᠫ ᠦᠢᠯᠡᠳᠬᠦ ᠠᠵᠢᠯᠴᠢᠨ᠂ ᠡᠯᠧᠺᠲᠷᠣᠨ ᠬᠡᠮᠵᠢᠭᠦᠷᠯᠢᠭ ᠪᠣᠯᠤᠨ ᠡᠯᠧᠺᠲᠷᠣᠨ ᠬᠡᠮᠵᠢᠯᠲᠡ ᠶᠢᠨ ᠢᠨᠵᠧᠨᠧᠷᠢᠩ ᠤᠨ | ᠮᠡᠷᠭᠡᠵᠢᠯ ᠤᠨ ᠠᠵᠢᠯᠲᠠᠨ ᠵᠡᠷᠭᠡ ᠠᠵᠢᠯ ᠮᠡᠷᠭᠡᠵᠢᠯ ᠳᠤ ᠰᠢᠨ᠎ᠡ ᠵᠢᠭᠰᠠᠭᠠᠯᠲᠠ ᠬᠢᠵᠦ᠂ ᠬᠠᠭᠠᠰ ᠳᠠᠮᠵᠢᠭᠤᠯᠤᠭᠴᠢ ᠶᠢᠨ ᠲᠤᠰᠬᠠᠢ ᠲᠣᠨᠣᠭᠯᠠᠭᠠᠰᠤ ᠪᠠ ᠬᠤᠷᠠᠮᠠᠯ | ᠴᠠᠬᠢᠯᠭᠠᠨ ᠬᠡᠯᠬᠢᠶ᠎ᠡ ᠶᠢᠨ ᠤᠭᠰᠠᠷᠠᠵᠤ ᠲᠣᠬᠢᠷᠠᠭᠤᠯᠬᠤ ᠠᠵᠢᠯᠲᠠᠨ᠂ ᠺᠣᠮᠫᠢᠦ᠋ᠲ᠋ᠧᠷ ᠤᠨ ᠰᠦᠯᠵᠢᠶᠡᠨ ᠤ ᠢᠨᠵᠧᠨᠧᠷᠢᠩ ᠤᠨ ᠮᠡᠷᠭᠡᠵᠢᠯ ᠤᠨ ᠠᠵᠢᠯᠲᠠᠨ | ᠳᠤᠲᠠᠭᠳᠠᠵᠤ ᠪᠠᠶᠢᠭ᠎ᠠ ᠬᠡᠮᠵᠢᠶ᠎ᠡ ᠨᠡᠮᠡᠭᠳᠡᠵᠦ᠂ ᠡᠯᠧᠺᠲᠷᠣᠨ ᠦᠢᠯᠡᠳᠭᠦᠨ ᠤ ᠬᠡᠪ ᠦᠢᠯᠡᠳᠬᠦ ᠠᠵᠢᠯᠴᠢᠨ ᠲᠦᠷᠦᠭᠦᠦ ᠠᠷᠪᠠ ᠳᠤ ᠣᠷᠣᠪᠠ᠃ | ᠲᠣᠰ ᠵᠢᠭᠰᠠᠭᠠᠯᠲᠠ ᠪᠣᠯ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠮᠡᠷᠭᠡᠵᠢᠯ ᠤᠨ ᠵᠢᠯᠣᠭᠤᠳᠬᠤ ᠲᠥᠪ ᠠᠴᠠ 102 ᠴᠡᠭ | ᠲᠣᠭᠲᠠᠭᠠᠨ ᠬᠤᠲᠠ ᠶᠢᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠬᠤᠶᠠᠳᠤᠭᠠᠷ | ᠤᠯᠠᠷᠢᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠨᠡᠯᠢᠶᠡᠳ ᠪᠠᠴᠢᠮ ᠪᠠᠶᠢᠭ᠎ᠠ ᠠᠵᠢᠯᠲᠠᠨ | ᠡᠯᠰᠡᠬᠦ᠂ ᠠᠵᠢᠯ ᠡᠷᠢᠬᠦ ᠬᠡᠷᠡᠭᠴᠡᠭᠡ ᠪᠥᠬᠦᠶ ᠠᠵᠢᠯ ᠮᠡᠷᠭᠡᠵᠢᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠭᠰᠠᠨ ᠪᠠᠶᠢᠲᠠᠯ | ᠪᠤᠯᠤᠨ᠎ᠠ᠃ | |