ᠯᠢ ᠺᠧ ᠴᠢᠶᠠᠩ ᠫᠨᠣᠮ ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ
ᠨᠡᠶᠢᠲᠡᠯᠡᠭᠰᠡᠨ ᠴᠠᠭ᠄
2022/11/11
    

11.10.1.png

    

     ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠣᠷᠣᠢ ᠺᠠᠮᠪᠤᠵᠠ ᠸᠠᠩᠲᠤ ᠤᠯᠤᠰ ᠤᠨ ᠲᠡᠷᠢᠭᠦᠨ ᠰᠠᠶᠢᠳ 

ᠡᠾᠦ᠋ᠨᠰᠧᠨ ᠤ ᠤᠷᠢᠯᠭ᠎ᠠ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ

ᠪᠧᠩ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ

ᠰᠢᠷᠢᠰ ᠬᠤᠷᠠᠯᠳᠤᠭᠠᠨ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃

     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ

     ᠰᠢᠨᠬᠤᠸᠠ ᠬᠤᠷᠢᠶᠠᠨ ᠤ ᠫᠨᠣᠮ ᠪᠧᠩ ᠤᠨ 11 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ 

ᠰᠠᠷ᠎ᠠ ᠶᠢᠨ 8 ᠤ ᠡᠳᠦᠷ ᠤᠨ ᠣᠷᠣᠢ ᠂ ᠺᠠᠮᠪᠤᠵᠠ ᠸᠠᠩᠲᠤ ᠤᠯᠤᠰ ᠤᠨ ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ ᠂ ᠲᠦᠷᠦ ᠶᠢᠨ ᠶᠠᠪᠤᠳᠠᠯ ᠤᠨ ᠬᠤᠷᠢᠶᠠᠨ ᠤ

ᠶᠡᠷᠦᠩᠬᠡᠢ ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠵᠡᠭᠦᠨ

ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ

ᠶᠣᠰᠣᠨ ᠤ ᠠᠶᠢᠯᠴᠢᠯᠠᠯᠲᠠ ᠬᠢᠪᠡ ᠃ ᠶᠡᠷᠦᠩᠬᠡᠢ ᠰᠠᠶᠢᠳ ᠯᠢ ᠺᠧ ᠴᠢᠶᠠᠩ ᠤᠨ ᠬᠠᠳᠤᠨ ᠴᠧᠩ ᠬᠤᠩ ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ

ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠵᠡᠷᠭᠡ ᠪᠠᠷ᠎ᠠ ᠪᠣᠯᠣᠭᠰᠠᠳ ᠬᠠᠮᠲᠤ ᠪᠠᠢᠯᠴᠠᠵᠠᠢ᠃

    ᠺᠠᠮᠪᠤᠵᠠ ᠶᠢᠨ ᠳᠡᠳ᠋ ᠲᠡᠷᠢᠭᠦᠨ ᠰᠠᠶᠢᠳ ᠡᠾᠥ᠋ᠷᠨᠠᠮᠾᠤᠩ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ 

ᠲᠤᠰᠢᠶᠠᠯᠲᠠᠳ ᠢᠶᠠᠨ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ ᠃ ᠶᠣᠰᠣᠯᠠᠯ ᠤᠨ ᠴᠡᠷᠢᠭ ᠤᠯᠠᠭᠠᠨ

ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠪᠠ ᠃ ᠲᠤᠬᠠᠢ ᠶᠢᠨ ᠭᠠᠵᠠᠷ ᠤᠨ ᠵᠠᠯᠠᠭᠤᠴᠤᠳ ᠯᠢ ᠺᠧ ᠴᠢᠶᠠᠩ ᠪᠣᠯᠣᠨ ᠲᠡᠭᠦᠨ ᠤ ᠬᠠᠳᠤᠨ ᠴᠧᠩ ᠬᠤᠩ ᠳᠤ

ᠰᠣᠷᠭᠤᠭ ᠴᠡᠴᠡᠭ ᠬᠦᠷᠭᠡᠪᠡ ᠃ ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠲᠢᠶᠠᠨ ᠪᠣᠯᠣᠨ ᠵᠡᠭᠦᠨ ᠡᠮᠦᠨᠡᠲᠦ ᠠᠽᠢᠶ᠎ᠠ ᠶᠢᠨ

ᠤᠯᠤᠰ ᠤᠳ ᠤᠨ ᠬᠤᠯᠪᠣᠭ᠎ᠠ ᠳᠤ ᠰᠠᠭᠤᠭ᠎ᠠ ᠡᠯᠴᠢᠨ ᠰᠠᠶᠢᠳ ᠳ᠋ᠧᠩ ᠰᠢ ᠵᠢᠶᠦ᠋ᠨ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ ᠃

ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯ ᠪᠦᠬᠦ ᠲᠠᠯ᠎ᠠ ᠶᠢᠨ ᠪᠠᠶᠢᠯᠳᠤᠬᠤ

ᠪᠣᠳᠣᠯᠭ᠎ᠠ ᠶᠢᠨ ᠬᠠᠨᠢᠲᠠᠨ ᠪᠠ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠮᠥᠨ᠃ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠨᠠᠷᠢᠨ

ᠪᠤᠳᠤᠯᠢᠶᠠᠨᠲᠠᠢ ᠪᠥᠭᠡᠳ ᠭᠦᠨᠵᠡᠭᠡᠢ ᠤᠯᠠᠷᠢᠨ ᠬᠤᠪᠢᠰᠴᠤ ᠂ ᠡᠯ᠎ᠡ ᠵᠦᠢᠯ ᠤᠨ ᠲᠣᠭᠲᠠᠪᠤᠷᠢ ᠦᠭᠡᠢ ᠮᠥᠷᠲᠡᠭᠡᠨ ᠲᠣᠭᠲᠠᠭᠤᠨ ᠪᠤᠰᠤ ᠬᠦᠴᠦᠨ ᠵᠦᠢᠯ ᠣᠯᠠᠰᠢᠷᠠᠵᠤ ᠂

ᠪᠦᠬᠦ ᠪᠥᠮᠪᠥᠷᠴᠡᠭ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠵᠡᠭᠦᠨ

ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠤᠨ ᠬᠥᠭᠵᠢᠯᠲᠡ ᠪᠠ ᠬᠠᠮᠲᠤᠷᠠᠯᠴᠠᠭ᠎ᠠ ᠳᠤ ᠤᠯᠠᠨ ᠲᠠᠯᠠᠲᠤ ᠦᠵᠡᠯ ᠪᠠ

ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ ᠂ ᠨᠡᠭᠡᠭᠡᠯᠲᠡ ᠲᠠᠢ ᠪᠠᠷ ᠬᠠᠮᠲᠤᠷᠠᠯᠴᠠᠬᠤ ᠪᠠ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ ᠂

ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ

ᠬᠠᠮᠲᠤ ᠪᠠᠷ ᠬᠠᠮᠠᠭᠠᠯᠠᠵᠤ ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠭᠠᠷ ᠢᠶᠠᠨ ᠬᠤᠯᠪᠣᠯᠴᠠᠨ ᠠᠷᠭᠠᠴᠠᠭᠠᠵᠤ᠂ ᠣᠷᠣᠨ

ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠬᠤ ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ 

ᠠᠮᠤᠷ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠬᠠᠮᠠᠭᠠᠯᠠᠬᠤ ᠳᠤ ᠰᠢᠨ᠎ᠡ ᠬᠥᠳᠡᠯᠭᠡᠬᠦ ᠬᠦᠴᠦᠨ 

ᠨᠡᠮᠡᠷᠢᠯᠡᠬᠦ ᠪᠡᠷ ᠬᠦᠰᠡᠨ ᠡᠷᠡᠮᠡᠯᠵᠡᠵᠦ ᠪᠠᠢᠨ᠎ᠠ ᠭᠡᠵᠡᠢ᠃

ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠺᠠᠮᠪᠤᠵᠠ ᠪᠤᠯ ᠬᠥᠷᠰᠢ ᠵᠡᠷᠭᠡᠯᠡᠳᠡᠭᠡ ᠤᠯᠤᠰ ᠪᠠᠶᠢᠵᠤ᠂ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ ᠂

ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠪᠠ ᠃ ᠳᠤᠮᠳᠠᠳᠤ ᠶᠢᠨ ᠲᠠᠯ᠎ᠠ ᠶᠢᠨ ᠬᠢᠨ ᠲᠤᠰ ᠤᠳᠠᠭ᠎ᠠ ᠶᠢᠨ

ᠠᠶᠢᠯᠴᠢᠯᠠᠯᠲᠠ ᠪᠠᠷ ᠳᠠᠮᠵᠢᠭᠤᠯᠤᠨ ᠺᠠᠮᠪᠤᠵᠠ ᠶᠢᠨ ᠲᠠᠯ᠎ᠠ ᠶᠢᠨ ᠬᠢᠨ ᠲᠠᠢ ᠪᠦᠯᠬᠦᠮᠳᠡᠯ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ ᠂ ᠬᠠᠮᠲᠤᠷᠠᠯᠴᠠᠭᠠᠨ ᠤ ᠶᠡᠭᠡ

ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ

ᠪᠦᠲᠦᠭᠡᠯ ᠣᠯᠬᠤ ᠶᠢ ᠠᠬᠢᠭᠤᠯᠵᠤ ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠨᠡᠩ  ᠶᠡᠬᠡ ᠪᠤᠶᠠᠨ ᠦᠢᠯᠡᠳᠬᠦ ᠶᠢ ᠬᠦᠰᠡᠵᠦ

ᠪᠠᠶᠢᠨ᠎ᠠ ᠭᠡᠵᠡᠢ᠃

    ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠤᠯᠴᠠᠬᠤ ᠬᠤᠭᠤᠴᠠᠭᠠᠨ ᠳᠤ ᠂ ᠯᠢ ᠺᠧ ᠴᠢᠶᠠᠩ 25 ᠳ᠋ᠤᠭᠠᠷ

ᠤᠳᠠᠭ᠎ᠠ ᠶᠢᠨ ᠳᠤᠮᠳᠠᠳᠤ ᠤᠯᠤᠰ ︱ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ︵ 10 + 1 ︶ ᠤᠳᠤᠷᠢᠳᠬᠤ ᠬᠥᠮᠥᠰ ᠤᠨ ᠬᠤᠷᠠᠯ ᠂ 25

ᠳ᠋ᠤᠭᠠᠷ ᠤᠳᠠᠭ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠳᠤᠮᠳᠠᠳᠤ ᠶᠠᠫᠤᠨ ᠺᠣᠷᠢᠶᠠ ᠶᠢᠨ ︵ 10 + 3 ︶

ᠤᠳᠤᠷᠢᠳᠬᠤ ᠬᠥᠮᠥᠰ ᠤᠨ ᠬᠤᠷᠠᠯ ᠪᠣᠯᠣᠨ 17 ᠳ᠋ᠤᠭᠠᠷ ᠬᠤᠭᠤᠴᠠᠭᠠᠨ ᠤ ᠵᠡᠭᠦᠨ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ

ᠪᠣᠯᠣᠨ᠎ᠠ᠃

    ᠺᠠᠮᠪᠤᠵᠠ ᠳᠤ ᠠᠶᠢᠯᠴᠢᠯᠠᠬᠤ ᠬᠤᠭᠤᠴᠠᠭᠠᠨ ᠳᠤ ᠪᠠᠨ ᠂ ᠯᠢ ᠺᠧ ᠴᠢᠶᠠᠩ ᠤᠯᠤᠰ ᠤᠨ ᠸᠠᠩ ᠰᠢᠾᠠᠮᠦ᠋ᠨᠢ ᠲᠠᠢ ᠠᠭᠤᠯᠵᠠᠨ᠂ ᠲᠡᠷᠢᠭᠦᠨ ᠰᠠᠶᠢᠳ 

ᠾᠦᠨᠰᠧᠨ ᠲᠠᠢ ᠬᠡᠯᠡᠯᠴᠡᠭᠡ ᠬᠢᠵᠦ ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠦ ᠂ 

ᠫᠨᠣᠮ ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠂ ᠳᠤᠮᠳᠠᠳᠤ ᠤᠯᠤᠰ ᠤᠨ ᠺᠠᠮᠪᠤᠵᠠ ᠶᠢ ᠲᠤᠰᠠᠯᠠᠭᠰᠠᠨ 

ᠤᠩᠭᠤ᠋ ᠶᠢᠨ ᠡᠷᠲᠡᠨ ᠤ ᠳ᠋ᠡᠭᠧᠤ᠋ ᠰᠦᠮ᠎ᠡ ᠶᠢ ᠰᠡᠯᠪᠢᠨ ᠵᠠᠰᠠᠬᠤ ᠲᠦᠷᠦᠯ ᠵᠦᠢᠯ ᠤᠨ ᠪᠣᠳᠠᠲᠤ ᠴᠣᠭᠴᠠ ᠶᠢ ᠰᠢᠯᠵᠢᠭᠦᠯᠦᠨ

ᠲᠤᠰᠢᠶᠠᠬᠤ ᠵᠡᠷᠭᠡ ᠠᠵᠢᠯᠯᠠᠭ᠎ᠠ ᠳᠤ ᠣᠷᠣᠯᠴᠠᠨ᠎ᠠ ᠃

 

 

 

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ