ᠯᠢ ᠺᠧ ᠴᠢᠶᠠᠩ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠬᠦ ᠳᠤ ᠪᠠᠨ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠪᠠᠨ ᠨᠡᠩ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/11/11
   

11.11.1.png

  

     ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ

ᠰᠠᠶᠢᠳ ᠯᠢ ᠺᠧ ᠴᠢᠶᠠᠩ ᠫᠨᠣᠮ ᠪᠧᠩ ᠤᠨ ᠨᠠᠢᠷᠠᠮᠳᠠᠯ ᠲᠣᠮᠣ ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ 

ᠡᠾᠦ᠋ᠨᠰᠧᠨ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ ᠡᠾᠦ᠋ᠨᠰᠧᠨ ᠨᠠᠢᠷᠠᠮᠳᠠᠯ ᠲᠣᠮᠣ

ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠤᠭᠲᠤᠯᠭ᠎ᠠ ᠶᠢᠨ ᠶᠣᠰᠣᠯᠠᠯ ᠶᠠᠪᠤᠭᠤᠯᠪᠠ ᠃

    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ

    ᠰᠢᠨᠬᠤᠸᠠ ᠬᠤᠷᠢᠶᠠᠨ ᠤ ᠫᠨᠤᠮ ᠪᠧᠩ ᠤᠨ 11 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ 

ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ 

ᠨᠠᠶᠢᠷᠠᠮᠳᠠᠯ ᠲᠣᠮᠣ ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ ᠃

ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠺᠠᠮᠪᠤᠵᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ ᠂ ᠳᠡᠭᠡᠳᠦ ᠬᠡᠮᠵᠢᠶᠡᠨ ᠤ ᠤᠯᠤᠰ

ᠲᠦᠷᠦ ᠶᠢᠨ ᠢᠲᠡᠭᠡᠯᠴᠡᠭᠡ ᠲᠠᠢ ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ ᠃ 

ᠲᠡᠷᠢᠭᠦᠯᠡᠭᠴᠢ ᠰᠢ  ᠶᠢᠨ ᠫᠢᠩ 2016 ᠣᠨ ᠳᠤ ᠺᠠᠮᠪᠤᠵᠠ ᠳᠤ ᠠᠮᠵᠢᠯᠲᠠ ᠲᠠᠢ ᠠᠶᠢᠯᠴᠢᠯᠠᠯᠲᠠ ᠬᠢᠵᠦ ᠂ 2020 ᠣᠨ ᠳᠤ ᠮᠦᠨᠢᠯᠢᠶᠧ ᠲᠠᠶᠢᠬᠡᠦ ᠳᠤ ︽ 

ᠨᠥᠬᠦᠷᠯᠡᠯ ᠤᠨ ᠭᠠᠪᠢᠶᠠᠨ ᠲᠡᠮᠳᠡᠭ ︾ ᠣᠯᠭᠤᠵᠤ ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ ᠲᠡᠷᠢᠭᠦᠨ ᠰᠠᠶᠢᠳ

ᠠᠪᠤᠭᠠᠢ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠦᠶ᠎ᠡ ᠳᠤ ᠳᠤᠮᠳᠠᠳᠤ

ᠤᠯᠤᠰ ᠲᠤ ᠠᠶᠢᠯᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ

ᠰᠠᠭᠤᠭᠳᠠᠯ ᠦᠯᠡᠳᠡᠭᠡᠵᠡᠢ᠃ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ ᠂ ᠪᠢ ᠠᠩᠬ᠎ᠠ ᠤᠳᠠᠭ᠎ᠠ ᠫᠨᠣᠮ

ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ

ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠣᠯᠣᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ

ᠬᠥᠭᠵᠢᠯᠲᠡ ᠲᠠᠢ ᠪᠣᠯᠤᠭᠰᠠᠨ ᠳᠤ ᠳᠤᠮᠳᠠᠳᠤ ᠤᠯᠤᠰ ᠪᠠᠶᠠᠷ ᠬᠦᠷᠭᠡᠵᠦ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ ᠤᠯᠤᠰ  

ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠪᠦᠷ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ

ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ ᠲᠠᠯ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ

ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ ᠂ ᠺᠠᠮᠪᠤᠵᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠲᠠᠪᠴᠠᠩ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ

ᠳᠡᠮᠵᠢᠵᠦ ᠂ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠨᠢᠭᠲᠠᠷᠠᠭᠤᠯᠵᠤ ᠂ ᠲᠤᠰ ᠲᠤᠰ ᠤᠨ ᠢᠶᠠᠨ

ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ ᠂ ᠳᠤᠮᠳᠠᠳᠤ

ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ  ᠬᠠᠷᠢᠴᠠᠭ᠎ᠠ ᠶᠢᠨ ᠦᠷᠭᠦᠯᠵᠢᠯᠡᠨ

ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠡᠢ᠃

ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ

ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠬᠢᠶᠠᠯ ᠪᠣᠯᠭᠠᠨ ᠂ ︽ ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ ︾ ᠤ ᠰᠢᠷᠢᠰ ᠠᠵᠢᠯᠯᠠᠭ᠎ᠠ ᠶᠢ

ᠰᠠᠶᠢᠲᠤᠷ ᠡᠷᠬᠢᠯᠡᠨ᠎ᠡ ᠃ ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠶᠢᠯᠡᠰᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ

ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ ᠳᠡᠮᠵᠢᠨ᠎ᠡ᠃ ᠺᠠᠮᠪᠤᠵᠠ ᠶᠢ ᠬᠠᠪᠰᠤᠷᠤᠨ

ᠮᠢᠨ᠎ᠠ ᠠᠷᠢᠯᠭᠠᠬᠤ ᠠᠵᠢᠯᠯᠠᠭ᠎ᠠ ᠶᠢ ᠥᠷᠨᠢᠭᠦᠯᠵᠦ ᠂ ᠺᠠᠮᠪᠤᠵᠠ ᠶᠢ ᠲᠤᠰᠠᠯᠠᠬᠤ ᠵᠠᠮ ᠂ ᠡᠮ ᠡᠮᠨᠡᠯᠭᠡ ᠂ ᠤᠰᠤ ᠬᠠᠩᠭᠠᠬᠤ ᠵᠡᠷᠭᠡ ᠲᠦᠷᠦᠯ ᠵᠦᠢᠯ ᠢ ᠰᠠᠶᠢᠲᠤᠷ

ᠨᠠᠶᠢᠳᠠᠪᠤᠷᠢᠵᠢᠭᠤᠯᠵᠤ  ᠂ ᠺᠠᠮᠪᠤᠵᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠂ ᠰᠤᠷᠭᠠᠨ ᠬᠥᠮᠦᠵᠢᠯ ᠂ ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠰᠢᠭᠤᠳ 

ᠬᠦᠷᠬᠦ ᠡᠭᠡᠯᠵᠢ ᠶᠢᠨ ᠨᠢᠰᠬᠡᠯ ᠢ ᠨᠡᠮᠡᠭᠳᠡᠭᠦᠯᠵᠦ ᠂ ᠺᠠᠮᠪᠤᠵᠠ ᠶᠢᠨ ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ

ᠰᠤᠷᠤᠯᠴᠠᠬᠤ ᠶᠢ ᠪᠠᠶᠠᠷᠯᠠᠨ ᠤᠭᠲᠤᠨ᠎ᠠ ᠭᠡᠵᠡᠢ᠃

    ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ ᠂ ᠬᠥᠭᠵᠢᠭᠰᠡᠨ ᠂ ᠴᠡᠴᠡᠭᠯᠡᠭᠰᠡᠨ ᠺᠠᠮᠪᠤᠵᠠ ᠨᠢ ᠭᠠᠵᠠᠷ ᠣᠷᠣᠨ ᠤ ᠲᠣᠭᠲᠠᠭᠤᠨ ᠪᠠ

ᠬᠥᠭᠵᠢᠯᠲᠡ ᠶᠢ ᠬᠠᠮᠠᠭᠠᠯᠠᠬᠤ ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ

ᠬᠤᠯᠪᠣᠭᠳᠠᠯ ᠲᠠᠢ ᠶᠤᠮ ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ

ᠺᠠᠮᠪᠤᠵᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠢ ᠰᠠᠶᠢᠲᠤᠷ ᠡᠷᠬᠢᠯᠡᠬᠦ ᠶᠢ 

ᠳᠤᠮᠳᠠᠳᠤ ᠤᠯᠤᠰ ᠪᠦᠬᠦ ᠬᠦᠴᠦᠨ ᠢᠶᠠᠷ ᠢᠶᠠᠨ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ  

ᠭᠣᠣᠯᠯᠠᠬᠤ ᠪᠠᠶᠢᠷᠢ ᠰᠠᠭᠤᠷᠢ ᠶᠢ ᠡᠷᠡᠰ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ

ᠪᠣᠯᠭᠠᠭᠰᠠᠨ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ ᠲᠥᠰᠥᠪ ᠢ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠣᠯᠠᠨ ᠤᠯᠤᠰ ᠤᠨ ᠭᠠᠵᠠᠷ

ᠣᠷᠣᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠶᠢ ᠳᠡᠮᠵᠢᠨ᠎ᠡ ᠭᠡᠵᠡᠢ᠃

     ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ ᠤᠯᠤᠰ ᠪᠣᠯ  ᠳᠣᠲᠣᠨᠣᠰᠤᠭ

ᠬᠠᠷᠢᠴᠠᠭ᠎ᠠ  ᠲᠠᠢ ᠨᠠᠶᠢᠵᠠ ᠶᠤᠮ ᠂ ᠺᠠᠮᠪᠤᠵᠠ ᠳᠤᠮᠳᠠᠳᠤ ᠶᠢᠨ ᠨᠥᠬᠦᠷᠯᠡᠯ ᠨᠢ ᠺᠠᠮᠪᠤᠵᠠ ᠶᠢᠨ ᠠᠷᠠᠳ ᠲᠦᠮᠡᠨ ᠤ ᠬᠦᠷᠢᠶᠡᠯᠡᠯ ᠳᠡᠮᠵᠢᠯᠭᠡ ᠶᠢ

ᠣᠯᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠦ ᠮᠠᠰᠢ ᠶᠡᠭᠡ ᠬᠦᠰᠡᠯ ᠡᠷᠡᠮᠡᠯᠵᠡᠯ ᠲᠠᠢ ᠪᠠᠶᠢᠨ᠎ᠠ ᠃ ᠺᠠᠮᠪᠤᠵᠠ ᠶᠢᠨ ᠲᠠᠯ᠎ᠠ ᠶᠢᠨ ᠬᠢᠨ ᠨᠢᠭᠡ

ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ 

ᠬᠠᠮᠲᠤ ᠪᠠᠷ ᠪᠠᠶᠢᠭᠤᠯᠬᠤ ᠶᠢ ᠳᠡᠮᠵᠢᠵᠦ ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ

ᠪᠠᠶᠢᠭᠤᠯᠤᠭᠰᠠᠨ 65 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠰᠠᠶᠢᠲᠤᠷ ᠡᠷᠬᠢᠯᠡᠵᠦ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠬᠥᠳᠡᠭᠡ ᠠᠵᠤ ᠠᠬᠤᠢ ᠂

ᠡᠨᠧᠷᠭᠢ ᠂ ᠰᠠᠭᠤᠷᠢ ᠲᠥᠬᠦᠭᠡᠷᠦᠮᠵᠢ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠰᠣᠯᠢᠯᠴᠠᠭ᠎ᠠ

ᠬᠠᠮᠲᠤᠷᠠᠯᠴᠠᠭ᠎ᠠ ᠪᠡᠨ ᠴᠢᠩᠭᠠᠳᠬᠠᠵᠤ ᠂ ᠬᠤᠶᠠᠷ ᠤᠯᠤᠰ ᠤᠨ ᠬᠠᠷᠢᠯᠴᠠᠭ᠎ᠠ ᠪᠣᠯᠣᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠃ 

ᠺᠠᠮᠪᠤᠵᠠ ᠶᠢᠨ ᠲᠠᠯ᠎ᠠ ᠶᠢᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠠᠬᠢ ᠡᠯ᠎ᠡ

ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠵᠠᠷᠴᠢᠮ ᠢ ᠬᠦᠨᠳᠦᠳᠬᠡᠵᠦ ᠂ ᠳᠤᠷᠠᠲᠠᠶ᠎ᠠ ᠳᠤᠮᠳᠠᠳᠤ ᠶᠢᠨ

ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ ᠂ ᠭᠠᠵᠠᠷ ᠣᠷᠣᠨ ᠪᠣᠯᠣᠨ ᠳᠡᠯᠡᠬᠡᠢ ᠶᠢᠨ

ᠡᠩᠬᠡ ᠲᠠᠶᠢᠪᠤᠩ ᠠᠮᠤᠷ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ ᠬᠠᠮᠠᠭᠠᠯᠠᠨ᠎ᠠ ᠭᠡᠵᠡᠢ᠃

     ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ

ᠰᠣᠯᠢᠯᠴᠠᠵᠠᠢ ᠃

     ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ 

ᠲᠡᠷᠢᠭᠦᠨ ᠰᠠᠶᠢᠳ ᠬᠠᠮᠲᠤ ᠪᠠᠷ ᠳᠤᠮᠳᠠᠳᠤ ᠺᠠᠮᠪᠤᠵᠠ ᠶᠢᠨ ᠬᠥᠳᠡᠭᠡ ᠠᠵᠤ ᠠᠬᠤᠢ ᠂ ᠰᠠᠭᠤᠷᠢ ᠲᠥᠬᠦᠭᠡᠷᠦᠮᠵᠢ ᠂

ᠰᠤᠷᠭᠠᠨ ᠬᠥᠮᠦᠵᠢᠯ ᠂ ᠬᠢᠲᠠᠳ ᠡᠮ ᠡᠮᠨᠡᠯᠭᠡ ᠂ ᠪᠣᠭᠤᠮᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ 

ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠦ ᠠᠷᠪᠠᠨ ᠬᠡᠳᠦᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ

ᠦᠰᠦᠭ ᠵᠢᠷᠤᠬᠤ ᠶᠢ ᠭᠡᠷᠡᠴᠢᠯᠡᠵᠦ ᠂ ᠫᠨᠣᠮ ᠪᠧᠩ  ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠵᠢᠴᠢ ᠢᠵᠢ

ᠪᠦᠷᠢᠳᠦᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠳᠤ ᠣᠷᠣᠯᠴᠠᠪᠠ ᠃ ᠳᠤᠮᠳᠠᠳᠤ ᠺᠠᠮᠪᠤᠵᠠ

ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠬᠦ ᠪᠣᠯᠣᠨ᠎ᠠ᠃

     ᠬᠡᠯᠡᠯᠴᠡᠭᠡ ᠬᠢᠬᠦ ᠠᠴᠠ ᠡᠮᠦᠨ᠎ᠡ ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ

ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ 

ᠲᠡᠷᠢᠭᠦᠨ ᠰᠠᠶᠢᠳ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠠᠩᠭᠢ ᠶᠢᠨ ᠬᠢᠨ ᠳᠤᠮᠳᠠᠳᠤ

ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠯᠢ ᠺᠧ ᠴᠢᠶᠠᠩ ᠡᠾᠦ᠋ᠨᠰᠧᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ

ᠠᠩᠭᠢ ᠶᠢ ᠰᠢᠯᠭᠠᠨ ᠦᠵᠡᠪᠡ ᠃

     ᠲᠤᠰ ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ ᠳᠤᠷᠠᠰᠬᠠᠯ ᠤᠨ ᠬᠥᠰᠢᠶ᠎ᠡ ᠪᠣᠯᠣᠨ ᠤᠯᠤᠰ ᠤᠨ ᠸᠠᠩ 

ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃

     ᠰᠢᠶᠣᠣ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃

  

 

 

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ