ᠳ᠋ᠦ᠋ ᠬᠤᠢ ᠯᠢᠶᠠᠩ ᠲᠤᠰᠬᠠᠢ ᠰᠡᠳᠦᠪᠳᠤ ᠬᠤᠷᠡᠯ ᠢ ᠡᠷᠭᠢᠯᠡᠨ ᠬᠤᠷᠡᠯᠳᠤᠭᠤᠯᠵᠤ ︽ᠲᠡᠪᠤ ᠶᠢ ᠲᠦᠢᠯᠪᠤᠷᠢᠳᠡᠢ  ᠪᠠᠶᠢᠴᠠᠭᠠᠬᠤ︾ ᠠᠵᠢᠯᠯᠠᠭ᠎ᠠ ᠶᠢ ᠠᠬᠢᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2022/11/11
    ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠡᠪᠤ ᠶᠢ ᠲᠦᠢᠯᠪᠤᠷᠢᠳᠡᠢ ᠪᠠᠶᠢᠴᠠᠭᠠᠬᠤ︾ ᠠᠵᠢᠯᠯᠠᠭ᠎ᠠ ᠶᠢ ᠠᠭᠢᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠳ᠋ᠦ᠋ ᠬᠤᠢ ᠯᠢᠶᠠᠩ᠂ ︽ᠲᠠᠪᠤ ᠶᠢ ᠲᠦᠢᠯᠪᠤᠷᠢᠳᠡᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠤᠬᠳᠠᠭᠠᠬᠰᠡᠨ ᠴᠢᠬᠤᠯᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠪᠠᠳᠤᠳᠬᠠᠨ᠂ ᠪᠦᠬᠦ ᠲᠠᠯ᠎ᠠ ᠪᠠᠷ ᠤᠨᠢᠨ ᠳᠡᠭᠡᠷ᠎ᠡ ᠨᠢ ᠲᠣᠳᠣᠷᠬᠠᠢ ᠣᠶᠢᠯᠠᠭᠠᠵᠤ᠂ ᠠᠵᠢᠯ ᠤᠨ ᠡᠬᠡ ᠲᠠᠩᠰᠠ ᠶᠢ ᠡᠮᠬᠢᠯᠡᠵᠦ ᠪᠦᠷᠢᠯᠳᠦᠭᠦᠯᠤᠨ᠂ ᠠᠬᠢᠴᠠ ᠪᠠᠨ ᠲᠦᠷᠭᠡᠳᠭᠡᠵᠤ᠂ ᠡᠷᠴᠢᠮ ᠢᠶᠠᠨ ᠴᠢᠩᠭᠠᠷᠠᠭᠤᠯᠤᠨ ᠲᠦᠢᠯᠪᠤᠷᠢᠳᠡᠢ ᠪᠠᠶᠢᠴᠠᠭᠠᠬᠤ ᠠᠵᠢᠯ ᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠬᠠᠷᠢᠭᠤᠴᠠᠯᠭ᠎ᠠ ᠶᠢᠨ ᠭᠤᠤᠯ ᠴᠣᠭᠴᠠ᠂  ᠰᠢᠢᠳᠪᠤᠷᠢᠯᠡᠬᠦ ᠲᠥᠰᠦᠯ᠂ ᠰᠶᠢᠳᠪᠤᠷᠢᠯᠡᠨ ᠨᠠᠮᠳᠠᠭᠠᠬᠤ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ ᠡᠯ᠎ᠡ ᠲᠦᠷᠦᠯ ᠤᠨ ᠡᠭᠦᠷᠭᠡ ᠪᠠᠨ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠳᠦᠯᠲᠡᠢ ᠲᠦᠯᠦᠪᠵᠢᠭᠦᠯᠤᠨ ᠲᠤᠬᠢᠷᠠᠭᠤᠯᠬᠤ ᠶᠢ ᠴᠢᠩᠭᠠᠳᠬᠠᠨ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠤᠰᠬᠠᠢ ᠠᠩᠬᠢ ᠪᠠᠷ ᠠᠬᠢᠭᠤᠯᠬᠤ ᠶᠢ ᠴᠢᠩᠭᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃     ᠬᠤᠷᠠᠯ ᠠᠴᠠ ᠡᠮᠦᠨ᠎ᠡ᠂ ᠳ᠋ᠦ᠋ ᠬᠤᠢ ᠯᠢᠶᠠᠩ ᠪᠠᠰᠠ ᠤᠯᠠᠭᠠᠨᠮᠥ᠋ᠷᠡᠨ ᠴᠡᠴᠡᠷᠯᠢᠭ ᠤᠨ ᠪᠠᠷᠢᠯᠭ᠎ᠠ ᠵᠡᠷᠭᠡ ︽ᠬᠠᠭᠠᠰ ᠲᠤᠳᠠᠭᠤ ᠤᠷᠭᠢᠬᠰᠡᠨ︾ ᠪᠠᠷᠢᠯᠭ᠎ᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠦᠷᠦᠯ ᠵᠦᠢᠯ ᠤᠨ ᠵᠠᠩᠭᠢᠯᠠᠭ᠎ᠠ ᠶᠢᠨ ᠭᠠᠵᠠᠷ᠂ ᠰᠢᠢᠳᠪᠦᠷᠢᠯᠡᠬᠦ ᠲᠥᠰᠦᠯ ᠪᠣᠯᠤᠨ ᠲᠦᠯᠦᠪᠵᠢᠭᠦᠯᠭᠡ ᠶᠢᠨ ᠵᠢᠷᠤᠭ ᠲᠦᠯᠦᠪᠯᠡᠭᠡ᠂ ᠴᠢᠳᠠᠪᠬᠢ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠶ ᠲᠣᠰ ᠪᠦᠷᠢ ᠣᠷᠣᠯᠴᠠᠪᠠ᠃ 
ᠢᠷᠡᠯᠲᠡ᠄ ᠤᠷᠳᠣᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ