ᠬᠠᠨ ᠤᠯᠤᠰ ᠤᠨ ᠦᠶ᠎ᠡ ᠶᠢᠨ ᠬᠤᠷᠤᠭᠠᠨᠴᠠᠶᠢᠳᠠᠮ ᠤᠨ ᠡᠷᠲᠡᠨ ᠤ ᠬᠤᠳᠠ
ᠨᠡᠶᠢᠲᠡᠯᠡᠭᠰᠡᠨ ᠴᠠᠭ᠄
2022/11/14
                                    ᠬᠠᠨ ᠤᠯᠤᠰ ᠤᠨ ᠦᠶ᠎ᠡ ᠶᠢᠨ ᠬᠤᠷᠤᠭᠠᠨᠴᠠᠶᠢᠳᠠᠮ ᠤᠨ ᠡᠷᠲᠡᠨ ᠤ ᠬᠤᠲᠠ ᠨᠢ ᠬᠠᠩᠭᠢᠨ ᠬᠤᠰᠢᠭᠤᠨ ᠤ ᠬᠤᠷᠤᠭᠠᠨᠴᠠᠶᠢᠳᠠᠮ ᠰᠢᠶᠠᠩ ᠠᠴᠠ ᠬᠤᠶᠢᠰᠢ ᠪᠠᠷᠤᠭ 2000 ᠮᠧᠲᠷ ᠤᠨ ᠵᠠᠶᠢᠲᠠᠶ ᠭᠠᠵᠠᠷ ᠲᠤ ᠪᠠᠶᠢᠷᠢᠯᠠᠵᠤ᠂ ᠠᠭᠤᠯᠠ ᠶᠢ ᠲᠦᠰᠢᠵᠦ ᠤᠰᠤ ᠶᠢ ᠬᠠᠪᠢᠳᠠᠵᠤ᠂ ᠴᠠᠶᠢᠳᠠᠮ ᠤᠨ ᠭᠤᠣᠯ ᠨᠢ ᠬᠤᠲᠠ ᠶᠢᠨ ᠵᠡᠭᠦᠨ ᠠᠴᠠ ᠬᠤᠲᠠ ᠶᠢᠨ ᠠᠷᠤ ᠪᠠᠷ ᠲᠣᠭᠤᠷᠢᠨ ᠭᠠᠷᠤᠭᠠᠳ᠂ ᠳᠠᠬᠢᠨ ᠬᠤᠲᠠ ᠶᠢᠨ ᠪᠠᠷᠠᠭᠤᠨ ᠠᠴᠠ ᠪᠠᠷᠠᠭᠤᠨ ᠡᠮᠦᠨᠡᠰᠢ ᠮᠤᠷᠤᠯᠵᠠᠨ ᠥᠩᠭᠡᠷᠡᠵᠦ ᠪᠠᠶᠢᠪᠠ᠃           ᠬᠤᠷᠤᠭᠠᠨᠴᠠᠶᠢᠳᠠᠮ ᠤᠨ ᠡᠷᠲᠡᠨ ᠤ ᠬᠤᠲᠠ ᠨᠢ ᠤᠷᠲᠤ ᠳᠥᠷᠪᠡᠯᠵᠢᠨ ᠬᠡᠯᠪᠡᠷᠢ ᠲᠠᠢ ᠪᠠᠶᠢᠵᠤ᠂ ᠵᠡᠭᠦᠨᠰᠢ ᠪᠠᠷᠠᠭᠤᠨᠰᠢ ᠣᠷᠳᠣ ᠨᠢ1446 ᠮᠧᠲᠷ᠂ ᠡᠮᠦᠨᠡᠰᠢ ᠤᠮᠠᠷᠠᠰᠢ ᠥᠷᠭᠡᠨ ᠨᠢ ᠪᠠᠷᠤᠭ 1100 ᠮᠧᠲᠷ ᠪᠠᠶᠢᠳᠠᠭ᠃ ᠬᠡᠷᠡᠮ ᠢ ᠴᠠᠭᠠᠨ ᠰᠢᠪᠠᠷ ᠢᠶᠠᠷ ᠪᠠᠷᠢᠵᠤ᠂ ᠪᠠᠳᠤ ᠪᠠᠬᠢ ᠪᠠᠶᠢᠭᠤᠯᠵᠠᠢ᠃ ᠬᠤᠲᠠ ᠶᠢᠨ ᠳᠣᠲᠣᠷ᠎ᠠ ᠸᠠᠭᠠᠷ ᠲᠣᠭᠤᠰᠬ᠎ᠠ᠂ ᠸᠠᠭᠠᠷ ᠤᠨ ᠬᠡᠯᠲᠡᠷᠬᠡᠶ ᠤᠯᠠᠨ ᠪᠠᠶᠢᠳᠠᠭ᠃ ᠬᠤᠲᠠ ᠶᠢᠨ ᠳᠣᠲᠣᠷᠠᠬᠢ ᠦᠯᠡᠳᠡᠭᠳᠡᠯ ᠡᠳ᠋ ᠲᠤ ᠵᠠᠳᠠᠯᠤᠯᠲᠠ ᠬᠢᠭᠰᠡᠨ ᠢ ᠦᠨᠳᠦᠰᠦᠯᠡᠪᠡᠯ᠂ ᠬᠤᠲᠠ ᠶᠢᠨ ᠪᠠᠷᠠᠭᠤᠨ ᠳᠤᠮᠳᠠ ᠬᠡᠰᠡᠭ ᠲᠤ ᠸᠠᠭᠠᠷ ᠲᠣᠭᠤᠰᠬ᠎ᠠ ᠣᠪᠣᠭᠠᠷᠠᠵᠤ᠂ ᠲᠣᠮᠣᠬᠠᠨ ᠪᠠᠷᠢᠯᠭ᠎ᠠ ᠶᠢᠨ ᠪᠠᠭᠤᠷᠢ ᠪᠠᠶᠢᠬᠤ ᠠᠴᠠ ᠦᠵᠡᠪᠡᠯ ᠲᠡᠷᠡ ᠨᠢ ᠠᠯᠪᠠᠨ ᠤ ᠵᠡᠭᠢᠷᠬ ᠎ᠠ ᠶᠢᠨ ᠲᠤᠭᠤᠷᠢᠭ ᠪᠠᠶᠢᠵᠤ ᠮᠡᠳᠡᠨ᠎ᠡ᠃ ᠬᠤᠷᠤᠭᠠᠨᠴᠠᠶᠢᠳᠠᠮ ᠤᠨ ᠡᠷᠲᠡᠨ ᠤ ᠬᠤᠲᠠ ᠶᠢᠨ ᠬᠠᠳᠠᠭᠠᠯᠠᠯᠲᠠ ᠪᠠᠷᠤᠭᠲᠠᠶ ᠪᠠᠶᠢᠵᠤ᠂ ᠬᠤᠲᠠ ᠶᠢᠨ ᠬᠡᠷᠡᠮ ᠤᠨ ᠦᠯᠡᠳᠡᠭᠳᠡᠯ ᠨᠢ ᠪᠠᠯᠠᠷᠬᠠᠢ ᠪᠤᠯᠵᠤ᠂ ᠣᠳᠣᠬᠠᠨ ᠳᠤ ᠵᠥᠪᠬᠡᠨ ᠡᠮᠦᠨ᠎ᠡ ᠬᠡᠷᠡᠮ ᠪᠠ ᠵᠡᠭᠦᠨ ᠬᠡᠷᠡᠮ ᠤᠨ ᠬᠡᠰᠡᠭ ᠬᠡᠷᠡᠮ ᠲᠠᠰᠤᠯᠳᠠᠨ ᠦᠷᠭᠦᠯᠵᠢᠯᠡᠵᠦ᠂ ᠸᠠᠭᠠᠷ ᠲᠣᠭᠤᠰᠬ᠎ᠠ ᠣᠪᠣᠭᠠᠷᠠᠭᠰᠠᠨ ᠭᠠᠵᠠᠷ ᠢ ᠭᠠᠷᠭᠠᠪᠠᠯ ᠪᠤᠰᠤᠳ ᠢ ᠨᠢ ᠨᠠᠷᠢᠨ ᠪᠠᠶᠢᠴᠠᠭᠠᠬᠤ ᠶᠢᠨ ᠠᠷᠭ᠎ᠠ ᠦᠭᠡᠶ ᠪᠣᠯᠵᠠᠶ᠃           ᠠᠯᠪᠠᠨ ᠤ ᠵᠠᠬᠢᠷᠭ᠎ᠠ ᠶᠢᠨ ᠲᠣᠭᠤᠷᠢᠭ ᠤᠨ ᠣᠶᠢᠷ᠎ᠠ ᠬᠠᠪᠢ ᠠᠴᠠ ᠵᠣᠭᠤᠰ ᠴᠢᠳᠬᠤᠬᠤ ᠪᠠᠭᠤᠷᠢ ᠶᠢ ᠢᠯᠡᠷᠡᠭᠦᠯᠵᠦ᠂ ᠵᠤᠭᠤᠰ ᠴᠢᠳᠬᠤᠵᠤ ᠪᠠᠶᠢᠭᠰᠠᠨ ᠬᠡᠪ ᠢ ᠮᠠᠯᠲᠠᠵᠤ ᠭᠠᠷᠭᠠᠵᠠᠶ᠃ ᠡ᠊ᠨᠳᠡ ᠠᠴᠠ 50 ᠮᠧᠲᠷ ᠤᠮᠠᠷᠠᠰᠢᠯᠠᠪᠠᠯ ᠭᠠᠵᠠᠷ ᠤᠨ ᠭᠠᠳᠠᠷᠭᠤ ᠳᠤ ᠶᠡᠭᠡ ᠬᠡᠮᠵᠢᠶᠡᠨ ᠤ ᠲᠡᠮᠦᠷ ᠤᠨ ᠢᠯᠲᠠᠰᠤ ᠲᠠᠷᠬᠠᠵᠤ ᠪᠠᠶᠢᠭᠰᠠᠨ ᠠᠴᠠ ᠦᠵᠡᠪᠡᠯ ᠲᠡᠨᠳᠡ ᠨᠢ ᠴᠡᠷᠢᠭ ᠤᠨ ᠵᠡᠪᠰᠡᠭ ᠤᠢᠢᠯᠡᠳᠬᠦ ᠲᠠᠯᠠᠪᠤᠷ ᠪᠠᠶᠢᠭᠰᠠᠨ ᠪᠤᠯᠤᠯᠳᠠᠢ᠃ ᠵᠣᠭᠤᠰ ᠴᠢᠳᠬᠤᠬᠤ ᠪᠠᠭᠤᠷᠢ ᠪᠣᠯᠤᠨ ᠴᠡᠷᠢᠭ ᠤᠨ ᠵᠡᠪᠰᠡᠭ ᠤᠢᠢᠯᠡᠳᠬᠦ ᠪᠠᠭᠤᠷᠢ ᠨᠢ ᠴᠥᠮ ᠠᠯᠪᠠᠨ ᠤ ᠵᠠᠬᠢᠷᠭ᠎ᠠ ᠶᠢᠨ ᠲᠣᠭᠤᠷᠢᠭ ᠤᠨ ᠣᠶᠢᠷᠠᠯᠴᠠᠭ᠎ᠠ ᠪᠠᠶᠢᠳᠠᠭ᠂ ᠡᠨᠡ ᠨᠢ ᠲᠤᠬᠠᠶ ᠶᠢᠨ ᠦᠶ᠎ᠡ ᠳᠤ ᠵᠣᠭᠤᠰ ᠴᠢᠳᠬᠤᠬᠤ ᠪᠠ ᠴᠡᠷᠢᠭ ᠤᠨ ᠵᠡᠪᠰᠡᠭ ᠤᠢᠢᠯᠡᠳᠬᠦ ᠶᠠᠪᠤᠳᠠᠯ ᠢ ᠴᠥᠮ ᠠᠯᠪᠠᠨ ᠤ ᠬᠢᠨ ᠴᠢᠩᠭ᠎ᠠ ᠬᠠᠮᠢᠶᠠᠷᠤᠨ ᠡᠵᠡᠮᠳᠡᠵᠦ ᠪᠠᠶᠢᠭᠰᠠᠨ ᠢ ᠭᠡᠷᠡᠴᠢᠯᠡᠵᠦ ᠪᠠᠶᠢᠨ᠎ᠠ᠃  ᠡᠷᠲᠡᠨ ᠤ ᠬᠤᠲᠠ ᠶᠢᠨ ᠬᠤᠶᠢᠲᠤ ᠬᠡᠰᠡᠭ ᠲᠤ ᠪᠠᠷᠤᠭ 100 ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ ᠨᠢᠭᠡ ᠬᠡᠰᠡᠭ ᠭᠠᠵᠠᠷ ᠪᠠᠶᠢᠵᠤ᠂ ᠲᠡᠮᠦᠷ ᠤᠨ ᠰᠢᠭᠠᠷᠤ ᠪᠠ ᠬᠡᠰᠡᠭ ᠬᠡᠰᠡᠭ ᠲᠡᠮᠦᠷ ᠨᠡᠶᠢᠳᠡᠮ ᠲᠠᠷᠬᠠᠵᠤ᠂ ᠵᠡᠭᠦᠨ ᠡᠮᠦᠨᠡᠲᠦ ᠬᠡᠰᠡᠭ ᠠᠴᠠ ᠶᠡᠭᠡ ᠬᠡᠮᠵᠢᠶᠡᠨ ᠤ ᠵᠡᠰ ᠤᠨ ᠰᠢᠭᠠᠷᠤ ᠪᠠ ᠪᠠᠯᠪᠠᠷᠬᠠᠢ ᠵᠡᠰ ᠤᠨ ᠢᠯᠲᠠᠰᠤ ᠶᠢ ᠢᠯᠡᠷᠡᠭᠦᠯᠦᠭᠰᠡᠨ ᠨᠢ ᠲᠤᠬᠠᠶ ᠶᠢᠨ ᠦᠶ᠎ᠡ ᠶᠢᠨ ᠲᠡᠮᠦᠷ ᠪᠣᠯᠪᠠᠰᠤᠷᠠᠭᠤᠯᠬᠤ ᠪᠠ ᠵᠡᠰ ᠴᠢᠳᠬᠤᠬᠤ ᠲᠠᠯᠠᠪᠤᠷ ᠪᠠᠶᠢᠭᠰᠠᠨ ᠨᠢ ᠢᠯᠡᠷᠬᠡᠢ ᠪᠠᠶᠢᠨ᠎ᠠ᠃ ᠡᠭᠦᠨ ᠠᠴᠠ ᠭᠠᠳᠠᠨ᠎ᠠ ᠴᠠᠶᠢᠳᠠᠮ ᠤᠨ ᠭᠤᠣᠯ ᠤᠨ ᠵᠡᠭᠦᠨ ᠡᠷᠭᠢ ᠶᠢᠨ ᠨᠠᠯᠠᠤ ᠭᠠᠵᠠᠷ ᠠᠴᠠ ᠪᠠᠰᠠ ᠸᠠᠭᠠᠷ ᠰᠠᠪᠠ ᠰᠢᠲᠠᠭᠠᠨ ᠦᠢᠯᠡᠳᠴᠤ ᠪᠠᠶᠢᠭᠰᠠᠨ ᠤᠯᠠᠨ ᠨᠦᠬᠡᠨ ᠭᠡᠷ ᠢ ᠢᠯᠡᠷᠡᠬᠦᠯᠵᠡᠢ᠃            ᠡᠷᠲᠡᠨ ᠤ ᠬᠤᠲᠠ ᠶᠢᠨ ᠵᠡᠭᠦᠨ᠂ ᠡᠮᠦᠨ᠎ᠡ᠂ ᠪᠠᠷᠠᠭᠤᠨ ᠭᠤᠷᠪᠠᠨ ᠲᠠᠯ᠎ᠠ ᠶᠢᠨ ᠠᠭᠤᠯᠠᠨ ᠬᠢᠷ᠎ᠠ ᠳᠡᠭᠡᠷ᠎ᠡ ᠮᠢᠩᠭ᠎ᠠ ᠭᠠᠷᠤᠢ ᠣᠩᠭᠤᠨ ᠪᠠᠶᠢᠳᠠᠭ᠃ ᠡᠷᠲᠡᠨ ᠤ ᠬᠤᠲᠠ ᠶᠢᠨ ᠬᠡᠪᠴᠢᠶ᠎ᠡ ᠵᠢᠴᠢ ᠣᠩᠭᠤᠨ ᠠᠴᠠ ᠣᠯᠳᠠᠭᠰᠠᠨ ᠦᠯᠡᠳᠡᠭᠳᠡᠯ ᠳᠤ ᠵᠠᠳᠠᠯᠤᠯᠲᠠ ᠬᠢᠭᠰᠡᠨ ᠪᠠᠶᠢᠳᠠᠯ ᠢ ᠦᠨᠳᠦᠰᠦᠯᠡᠪᠡᠯ᠂ ᠲᠤᠰ ᠬᠤᠲᠠ ᠶᠢᠨ ᠪᠠᠭᠤᠷᠢ ᠨᠢ ᠪᠠᠷᠠᠭᠤᠨ ᠬᠠᠨ ᠤᠯᠤᠰ ᠤᠨ ᠦᠶ᠎ᠡ ᠶᠢᠨ ᠤᠮᠠᠷᠠᠲᠤ ᠣᠷᠣᠨ ᠤ ᠴᠢᠬᠤᠯᠠ ᠬᠤᠲᠠ ᠪᠠᠶᠢᠭᠰᠠᠨ ᠠᠵᠢ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠦᠬᠡ ᠰᠣᠶᠣᠯ ᠤᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠭᠠᠵᠠᠷ ᠤᠨ ᠠᠯᠳᠠᠷᠲᠤ ᠬᠠᠭᠤᠴᠢ ᠰᠤᠳᠤᠯᠤᠯ ᠤᠨ ᠡᠷᠳᠡᠮᠲᠡᠨ ᠯᠢ ᠢ ᠶᠢᠤ ᠵᠡᠷᠭᠡ ᠡᠷᠳᠡᠮᠲᠡᠳ ᠤᠨ ᠨᠤᠲᠠᠯᠠᠭᠰᠠᠨ ᠢᠶᠠᠷ ᠂ ᠲᠤᠰ ᠡᠷᠲᠡᠨ ᠤ ᠬᠤᠲᠠ ᠨᠢ ᠪᠠᠷᠠᠭᠤᠨ ᠬᠠᠨ ᠤᠯᠤᠰ ᠤᠨ ᠦᠶ᠎ᠡ ᠶᠢᠨ ᠤᠮᠠᠷᠠᠲᠤ ᠶᠢᠨ ᠴᠢᠬᠤᠯᠠ ᠪᠠᠯᠭᠠᠰᠤ — ᠰᠢ ᠾᠧ ᠵᠢᠶᠦ᠋ᠨ ᠤ ᠬᠠᠮᠢᠶᠠᠷᠤᠯᠲᠠ ᠶᠢᠨ ᠭᠠᠵᠠᠷ ᠪᠠᠶᠢᠬᠤ ᠶᠣᠰᠣᠲᠠᠶ᠃       ᠬᠤᠷᠤᠭᠠᠨᠴᠠᠶᠢᠳᠠᠮ ᠤᠨ ᠡᠷᠲᠡᠨ ᠤ ᠬᠤᠲᠠ ᠶᠢᠨ ᠪᠠᠭᠤᠷᠢ ᠪᠣᠯ ᠦᠪᠦᠷ ᠮᠤᠩᠭᠤᠯ ᠤᠨ ᠳᠤᠮᠳᠠᠳᠤ ᠡᠮᠦᠨᠡᠲᠦ ᠬᠡᠰᠡᠭ ᠤᠨ ᠭᠠᠵᠠᠷ ᠣᠷᠣᠨ ᠤ ᠬᠡᠪᠴᠢᠶ᠎ᠡ ᠪᠠᠷ ᠨᠡᠯᠢᠶᠡᠳ ᠶᠡᠭᠡ᠂ ᠨᠡᠯᠢᠶᠡᠳ ᠰᠠᠶᠢᠨ ᠬᠠᠳᠠᠭᠠᠯᠠᠭᠳᠠᠵᠤ ᠪᠠᠶᠢᠭ᠎ᠠ ᠬᠠᠨ ᠤᠯᠤᠰ ᠤᠨ ᠦᠶ᠎ᠡ ᠶᠢᠨ ᠡᠷᠲᠡᠨ ᠤ ᠬᠤᠲᠠ ᠶᠢᠨ ᠨᠢᠭᠡ ᠪᠣᠯᠤᠨ᠎ᠠ᠃ ᠡᠷᠬᠢᠨ ᠲᠣᠭᠤᠷᠢᠨ ᠳᠤᠨᠢ ᠶᠡᠭᠡ ᠬᠡᠮᠵᠢᠶᠡᠨ ᠤ ᠠᠳᠠᠯᠢ ᠬᠤᠭᠤᠴᠠᠭᠠᠨ ᠤ ᠪᠤᠯᠠᠰᠢ ᠲᠠᠢ ᠪᠠᠶᠢᠵᠤ᠂ ᠰᠤᠷᠪᠤᠯᠵᠢ ᠪᠢᠴᠢᠭ ᠲᠤ ᠲᠡᠮᠳᠡᠭᠯᠡᠭᠳᠡᠭᠰᠡᠨ ᠡᠰᠢ ᠪᠠᠷᠢᠮᠳᠠ ᠪᠠᠷ ᠳᠤᠲᠠᠮᠠᠭ ᠤᠮᠠᠷᠠᠲᠤ ᠣᠷᠣᠨ ᠳᠤ ᠠᠪᠴᠤ ᠬᠡᠯᠡᠪᠡᠯ᠂ ᠤᠮᠠᠷᠠᠲᠤ ᠶᠢᠨ ᠲᠠᠯ᠎ᠠ ᠨᠤᠲᠤᠭ ᠤᠨ ᠲᠡᠦᠬᠡ᠂ ᠤᠯᠤᠰ ᠲᠦᠷᠦ᠂ ᠴᠡᠷᠢᠭ ᠤᠨ ᠶᠠᠪᠤᠳᠠᠯ᠂ ᠠᠵᠤ ᠠᠬᠤᠶ᠂ ᠰᠣᠶᠣᠯ ᠵᠡᠷᠭᠡ ᠶᠢ ᠰᠤᠳᠤᠯᠬᠤ ᠳᠤ ᠬᠤᠪᠣᠷ ᠨᠠᠨᠳᠢᠨ ᠪᠣᠳᠠᠲᠤ ᠪᠣᠳᠠᠰ ᠤᠨ ᠲᠡᠦᠬᠡᠨ ᠮᠠᠲ᠋ᠧᠷᠢᠶᠠᠯ ᠢ ᠬᠠᠨᠭ᠍ᠭᠠᠭᠰᠠᠨ ᠪᠦᠭᠡᠳ ᠬᠠᠨ ᠤᠯᠤᠰ ᠤᠨ ᠦᠶ᠎ᠡ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠢᠮ ᠢ ᠰᠤᠳᠤᠯᠬᠤ ᠳᠤ ᠪᠠᠶᠠᠯᠢᠭ ᠮᠠᠲ᠋ᠧᠷᠢᠶᠠᠯ ᠢ ᠬᠠᠩᠭᠠᠭᠰᠠᠨ ᠪᠠᠶᠢᠨ᠎ᠠ᠃        ᠬᠤᠷᠤᠭᠠᠨᠴᠠᠶᠢᠳᠠᠮ ᠤᠨ ᠡᠷᠲᠡᠨ ᠤ ᠬᠤᠲᠠ ᠶᠢᠨ ᠣᠷᠣᠰᠢᠵᠤ ᠪᠠᠶᠢᠭᠰᠠᠨ ᠭᠠᠵᠠᠷ ᠵᠦᠢ ᠶᠢᠨ ᠪᠠᠶᠢᠷᠢᠯᠠᠯ ᠨᠢ ᠲᠦᠢᠯ ᠤᠨ ᠣᠨᠴᠠᠭᠠᠶ ᠪᠠᠶᠢᠳᠠᠭ᠃ ᠡᠶᠢᠮᠦ ᠠᠴᠠ ᠪᠠᠷᠠᠭᠤᠨ ᠬᠠᠨ ᠤᠯᠤᠰ ᠤᠨ ᠡᠬᠢᠨ ᠤ ᠦᠶ᠎ᠡ ᠳᠤ ᠵᠦᠩᠶᠤᠸᠠᠨ ᠣᠷᠣᠨ ᠤ ᠸᠠᠩᠲᠤ ᠲᠥᠷᠥ ᠾᠦᠩᠨᠦ ᠳᠤ ᠶᠡᠭᠡ ᠪᠠᠷ ᠴᠡᠷᠢᠭ ᠬᠡᠷᠡᠭᠯᠡᠭᠰᠡᠨ ᠦᠶ᠎ᠡ ᠳᠤ ᠴᠦ ᠲᠡᠷᠡ᠂ ᠬᠤᠵᠢᠮ ᠤᠨ ᠾᠦᠡᠭᠨᠤ ᠪᠠ ᠬᠢᠳᠠᠳ ᠦᠨᠳᠦᠰᠦᠳᠡᠨ ᠬᠠᠷᠢᠯᠴᠠᠨ ᠡᠪᠰᠡᠵᠤ ᠨᠠᠶᠢᠷᠰᠠᠭ ᠶᠠᠪᠤᠯᠴᠠᠭᠰᠠᠨ ᠣᠨ ᠵᠢᠯ ᠤᠳ ᠲᠤ ᠴᠦ ᠲᠡᠷᠡ᠂ ᠡ᠊ᠨᠳᠡᠬᠢ ᠨᠢ ᠪᠠᠷᠠᠭᠤᠨ ᠬᠠᠨ ᠤᠯᠤᠰ ᠠᠴᠠ ᠤᠮᠠᠷᠠᠲᠤ ᠣᠷᠣᠨ ᠢ ᠡᠷᠭᠡᠰᠢᠶᠡᠯ ᠳᠡᠭᠡᠨ ᠤᠷᠤᠭᠤᠯᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠠᠶᠢᠭᠰᠠᠨ ᠢᠶᠠᠷ ᠪᠠᠷᠠᠬᠤ ᠦᠭᠡᠶ᠂ ᠵᠦᠩᠶᠤᠸᠠᠨ ᠣᠷᠣᠨ ᠬᠢᠭᠡᠳ ᠤᠮᠠᠷᠠᠲᠤ ᠣᠷᠣᠨ ᠤ ᠬᠢᠯᠢ ᠬᠢᠵᠠᠭᠠᠷ ᠣᠷᠣᠨ ᠤ ᠬᠠᠷᠢᠴᠠᠭ᠎ᠠ ᠶᠢ ᠬᠠᠮᠠᠭᠠᠯᠠᠬᠤ ᠪᠠ ᠨᠡᠪᠲᠡᠷᠡᠭᠦᠯᠬᠦ ᠲᠠᠯ᠎ᠠ ᠪᠠᠷ ᠮᠠᠰᠢ ᠴᠢᠬᠤᠯᠠ ᠦᠢᠯᠡᠳᠦᠯ ᠦᠵᠡᠭᠦᠯᠵᠤ ᠪᠠᠶᠢᠭᠰᠠᠨ ᠪᠠᠶᠢᠨ᠎ᠠ᠃ ᠡᠶᠢᠮᠦ ᠠᠴᠠ ᠲᠡᠷᠡ ᠨᠢ ᠵᠦᠩᠶᠤᠸᠠᠨ ᠣᠷᠣᠨ ᠤ ᠸᠠᠩᠲᠤ ᠲᠥᠷᠥ ᠬᠢᠭᠡᠳ ᠤᠮᠠᠷᠠᠲᠤ ᠶᠢᠨ ᠦᠨᠳᠦᠰᠦᠲᠡᠨ ᠤ ᠳᠠᠶᠢᠨ ᠤ ᠲᠡᠦᠬᠡ᠂ ᠠᠷᠠᠯᠵᠢᠶ᠎ᠠ ᠬᠤᠳᠠᠯᠳᠤᠭᠠᠨ ᠤ ᠲᠡᠦᠬᠡ᠂ ᠦᠨᠳᠦᠰᠦᠳᠡᠨ ᠤ ᠬᠠᠷᠢᠴᠠᠭ᠎ᠠ ᠵᠡᠷᠭᠡ ᠶᠢ ᠰᠤᠳᠤᠯᠬᠤ ᠲᠠᠯ᠎ᠠ ᠪᠠᠷ ᠣᠨᠴᠠᠭᠠᠶ ᠴᠢᠬᠤᠯᠠ ᠦᠨ᠎ᠡ ᠥᠷᠲᠡᠭ ᠲᠠᠢ ᠶᠤᠮ᠃         
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ