ᠯᠢ ᠣᠪᠣᠭᠲᠤ ᠭᠤᠷᠪᠠᠨ ᠬᠡᠤᠬᠡᠳ ᠲᠠᠢ᠂ ᠬᠤᠶᠠᠳᠤᠭᠠᠷ ᠥᠬᠢᠨ ᠪᠣᠯᠤᠨ ᠭᠤᠷᠪᠠᠳᠤᠭᠠᠷ ᠬᠦᠦ ᠨᠢ ᠡᠴᠢᠭᠡ ᠡᠬᠡ ᠲᠠᠢ ᠪᠠᠨ ᠬᠡᠷᠡᠯᠳᠦᠵᠦ ᠰᠢᠭᠦᠬᠦ ᠳᠤ ᠬᠦᠷᠴᠤ | ᠦᠩᠭᠡᠷᠡᠭᠰᠡᠨ ᠪᠠᠶᠢᠨ᠎ᠠ᠃ ᠲᠡᠭᠦᠨ ᠠᠴᠠ ᠬᠤᠶᠢᠰᠢ ᠤᠯᠡᠠ ᠵᠢᠯ ᠤᠨ ᠲᠤᠷᠰᠢ᠂ ᠬᠤᠶᠠᠳᠤᠭᠠᠷ ᠥᠬᠢᠨ ᠪᠠ ᠭᠤᠷᠪᠠᠳᠤᠭᠠᠷ ᠬᠦᠦ ᠨᠢ ᠡᠴᠢᠭᠡ ᠡᠭᠡ ᠪᠠᠨ ᠠᠴᠢᠯᠠᠨ | ᠲᠡᠵᠢᠭᠡᠬᠦ ᠡᠭᠦᠷᠭᠡ ᠪᠠᠨ ᠲᠡᠬᠢᠵᠦ ᠭᠦᠢᠴᠡᠳᠬᠡᠭᠰᠡᠨ ᠤᠢᠭᠡᠢ᠂ ᠰᠡᠭᠦᠯᠡᠷ ᠨᠢ ᠬᠠᠷᠢᠴᠠᠭ᠎ᠠ ᠨᠢ ᠪᠠᠭ᠋ᠠᠨ ᠰᠠᠶᠢᠵᠢᠷᠠᠭᠰᠠᠨ ᠪᠣᠯᠪᠠᠴᠤ ᠡᠴᠢᠭᠡ ᠡᠭᠡ ᠨᠢ ᠨᠠᠰᠤ ᠪᠠᠷᠠᠲᠠᠯ᠎ᠠ ᠪᠠᠨ | ᠶᠡᠭᠡ ᠥᠬᠢᠨ ᠤ ᠳᠠᠭᠠᠨ ᠰᠠᠭᠤᠵᠤ᠂ ᠶᠡᠭᠡ ᠥᠬᠢᠨ ᠨᠢ ᠬᠠᠷᠠᠭᠠᠯᠵᠠᠬᠤ ᠪᠣᠯᠵᠠᠢ᠃ ᠡᠴᠢᠭᠡ ᠡᠬᠡ ᠶᠢᠨ ᠥᠪ ᠬᠥᠷᠥᠩᠭᠡ ᠶᠢ ᠪᠠᠰᠠ ᠬᠤᠶᠠᠳᠤᠭᠠᠷ ᠥᠬᠢᠨ ᠪᠠ | ᠭᠤᠷᠪᠠᠳᠤᠭᠠᠷ ᠬᠦᠦ ᠳᠤ ᠬᠤᠪᠢᠶᠠᠨ ᠥᠭᠴᠦ ᠪᠣᠯᠤᠨ᠎ᠠ ᠦᠦ︖ | ᠬᠠᠤᠯᠢ ᠢᠶᠠᠷ ᠲᠠᠶᠢᠯᠪᠤᠷᠢᠯᠠᠬᠤ ᠨᠢ | ᠬᠤᠪᠢᠶᠠᠬᠤ ᠦᠭᠡᠢ ᠪᠤᠶᠤ ᠪᠠᠭ᠎ᠠ ᠬᠤᠪᠢᠶᠠᠪᠠᠯ ᠵᠣᠬᠢᠨ᠎ᠠ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠭᠤᠴᠢᠳᠤᠭᠠᠷ ᠵᠦᠢᠯ ᠳᠤ᠂ ᠠᠳᠠᠯᠢ ᠨᠢᠭᠡᠨ ᠳᠡᠰ | ᠳᠠᠷᠠᠭᠠᠯᠠᠯ ᠤᠨ ᠥᠪ ᠵᠠᠯᠭᠠᠮᠵᠢᠯᠠᠭᠴᠢ ᠶᠢᠨ ᠥᠪ ᠬᠦᠷᠦᠩᠭᠡ ᠵᠠᠯᠭᠠᠮᠵᠢᠯᠠᠬᠤ ᠬᠤᠪᠢ ᠶᠢ ᠡᠩ ᠤᠨ ᠪᠠᠶᠢᠳᠠᠯ ᠳᠤ ᠠᠳᠠᠯᠢ ᠲᠡᠭᠰᠢ ᠪᠠᠶᠢᠯᠭᠠᠬᠤ ᠬᠡᠷᠡᠭᠲᠡᠢ ᠭᠡᠵᠦ | ᠲᠣᠭᠲᠠᠭᠠᠵᠠᠢ᠃ ᠠᠮᠢᠳᠤᠷᠠᠯ ᠨᠢ ᠣᠨᠴᠠᠭᠠᠢ ᠬᠦᠴᠢᠷᠳᠡᠯ ᠲᠠᠢ ᠮᠥᠷᠲᠡᠭᠡᠨ ᠬᠥᠳᠡᠯᠮᠦᠷᠢᠯᠡᠬᠦ ᠴᠢᠳᠠᠪᠤᠷᠢ ᠪᠠᠷ ᠳᠤᠲᠠᠮᠠᠭ ᠥᠪ ᠵᠠᠯᠭᠠᠮᠵᠢᠯᠠᠭᠴᠢ ᠳᠤ ᠥᠪ ᠬᠥᠷᠤᠩᠭᠡ | ᠬᠤᠪᠢᠶᠠᠬᠤ ᠳᠠᠭᠠᠨ ᠬᠠᠷᠠᠭᠠᠯᠵᠠᠯ ᠦᠵᠡᠭᠦᠯᠬᠦ ᠬᠡᠷᠡᠭᠲᠡᠢ᠃ ᠥᠪ ᠵᠠᠯᠭᠠᠮᠵᠢᠯᠠᠭᠤᠯᠤᠭᠴᠢ ᠶᠢ ᠠᠰᠠᠷᠠᠨ ᠲᠡᠵᠢᠭᠡᠬᠦ ᠭᠤᠣᠯ ᠡᠭᠦᠷᠭᠡ ᠶᠢ ᠭᠦᠢᠴᠡᠳᠬᠡᠭᠰᠡᠨ ᠪᠤᠶᠤ ᠥᠪ | ᠵᠠᠯᠭᠠᠮᠵᠢᠯᠠᠭᠤᠯᠤᠭᠴᠢ ᠲᠠᠢ ᠬᠠᠮᠲᠤ ᠠᠮᠢᠳᠤᠷᠠᠵᠤ ᠪᠠᠶᠢᠭᠰᠠᠨ ᠥᠪ ᠵᠠᠯᠭᠠᠮᠵᠢᠯᠠᠭᠴᠢ ᠳᠤ ᠥᠪ ᠬᠦ᠋ᠷᠦᠩᠭᠡ ᠬᠤᠪᠢᠶᠠᠬᠤ ᠳᠠᠭᠠᠨ ᠢᠯᠡᠭᠦᠦ ᠥᠭᠴᠦ ᠪᠣᠯᠤᠨ᠎ᠠ᠃ | ᠠᠰᠠᠷᠠᠨ ᠲᠡᠵᠢᠭᠡᠬᠦ ᠴᠢᠳᠠᠪᠤᠷᠢ ᠲᠠᠢ ᠪᠥᠭᠡᠳ ᠠᠰᠠᠷᠠᠨ ᠲᠡᠵᠢᠭᠡᠬᠦ ᠨᠥᠬᠦᠴᠡᠯ ᠲᠠᠢ ᠥᠪ ᠵᠠᠯᠭᠠᠮᠵᠢᠯᠠᠭᠴᠢ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠭᠰᠡᠨ ᠦᠭᠡᠢ | ᠪᠣᠯ ᠥᠪ ᠬᠦ᠋ᠷᠦᠩᠭᠡ ᠬᠤᠪᠢᠶᠠᠬᠤ ᠳᠠᠭᠠᠨ ᠥᠭᠬᠦ ᠦᠭᠡᠢ ᠪᠤᠶᠤ ᠳᠤᠲᠠᠭᠤ ᠥᠭᠬᠦ ᠬᠡᠷᠡᠭᠲᠡᠢ᠃ ᠥᠪ ᠵᠠᠯᠭᠠᠮᠵᠢᠯᠠᠭᠴᠢᠳ ᠵᠥᠪᠯᠡᠵᠦ ᠵᠥᠪᠰᠢᠶᠡᠷᠡᠭᠰᠡᠨ ᠪᠠᠶᠢᠪᠠᠯ ᠲᠡᠭᠰᠢ | ᠪᠤᠰᠤ ᠪᠠᠶᠢᠵᠤ ᠴᠤ ᠪᠣᠯᠤᠨ᠎ᠠ᠃ | | |