ᠭᠡᠷᠢᠶᠡᠰ ᠦᠯᠡᠳᠡᠭᠡᠭᠴᠢ ᠤᠯᠠᠨ ᠬᠤᠪᠢ ᠭᠡᠷᠢᠶᠡᠰ ᠦᠯᠡᠳᠡᠭᠡᠭᠰᠡᠨ ᠪᠠᠶᠢᠪᠠᠯ ᠠᠯᠢ ᠪᠠᠷ ᠨᠢ ᠪᠠᠷᠢᠮᠵᠢᠶ᠎ᠠ ᠪᠣᠯᠭᠠᠬᠤ ᠪᠤᠢ︖
ᠨᠡᠶᠢᠲᠡᠯᠡᠭᠰᠡᠨ ᠴᠠᠭ᠄
2022/11/15
     ᠬᠡᠷᠡᠭ ᠤᠨ ᠵᠢᠱᠢᠶ᠎ᠡ        ᠯᠢ ᠨᠠᠰᠤᠲᠠᠨ ᠭᠡᠷᠢᠶᠡᠰ ᠦᠯᠡᠳᠡᠭᠡᠵᠦ᠂ ᠬᠤᠶᠠᠷ ᠢᠵᠢ ᠭᠡᠷ ᠬᠥᠷᠤᠩᠭᠡ ᠶᠢ ᠭᠡᠷ ᠦᠭᠡᠢ ᠭᠤᠷᠪᠠᠳᠤᠭᠠᠷ ᠬᠦᠦ ᠳᠡᠭᠡᠨ ᠥᠭᠴᠦ᠂ ᠦᠯᠡᠳᠡᠭᠰᠡᠨ ᠬᠤᠶᠠᠷ ᠢᠵᠢ ᠭᠡᠷ ᠢ ᠲᠤᠮᠤ ᠬᠦᠦ ᠪᠣᠯᠤᠨ ᠬᠤᠶᠠᠳᠤᠭᠠᠷ ᠬᠦᠦ ᠳᠡᠭᠡᠨ ᠲᠤᠰᠪᠤᠷᠢ ᠨᠢᠭᠡ ᠶᠢ ᠦᠯᠡᠳᠡᠭᠡᠬᠦ ᠪᠠᠷ ᠭᠡᠷᠢᠶᠡᠰ ᠲᠤ ᠠᠯᠪᠠᠨ ᠭᠡᠷᠡᠴᠢᠯᠡᠭᠡ ᠬᠢᠯᠭᠡᠪᠡ᠃ ᠶᠡᠭᠡ ᠬᠦᠦ ᠨᠢ ᠳᠤᠷ᠎ᠠ ᠦᠭᠡᠶᠢᠴᠡᠵᠦ᠂ ᠨᠠᠰᠤᠲᠠᠨ ᠢᠶᠠᠨ ᠡᠷᠭᠢᠵᠦ ᠦᠵᠡᠬᠦ ᠦᠭᠡᠢ ᠠᠴᠢᠯᠠᠨ ᠲᠡᠵᠢᠭᠡᠬᠦ ᠵᠠᠷᠤᠳᠠᠯ ᠴᠤ ᠥᠭᠬᠦ ᠦᠭᠡᠢ ᠪᠣᠯᠪᠠ᠃ ᠯᠢ ᠨᠠᠰᠤᠲᠠᠨ ᠠᠭᠤᠷᠯᠠᠬᠤ ᠳᠠᠭᠠᠨ ᠲᠠᠬᠢᠵᠤ ᠭᠡᠷᠢᠶᠡᠰ ᠦᠯᠡᠳᠡᠭᠡᠵᠦ᠂ ᠲᠦᠷᠪᠡᠨ ᠢᠵᠢ ᠭᠡᠷ ᠬᠥᠷᠤᠩᠭᠡ ᠶᠢ ᠬᠤᠶᠠᠳᠤᠭᠠᠷ ᠬᠦᠦ ᠪᠠ ᠭᠤᠷᠪᠠᠳᠤᠭᠠᠷ ᠬᠦᠦ ᠳᠡᠭᠡᠨ ᠲᠡᠭᠰᠢ ᠪᠠᠷ ᠬᠤᠪᠢᠶᠠᠨ ᠥᠭᠴᠡᠢ᠃ ᠬᠤᠶᠠᠷ ᠰᠠᠷ᠎ᠠ ᠶᠢᠨ ᠲᠠᠷᠠᠭ᠎ᠠ᠂ ᠯᠢ ᠡᠪᠦᠭᠡ ᠡᠪᠡᠳᠴᠢᠨ ᠢᠶᠠᠷ ᠨᠠᠰᠤ ᠪᠠᠷᠠᠵᠠᠢ᠂ ᠶᠡᠭᠡ ᠬᠦᠦ ᠨᠢ ᠠᠯᠪᠠᠨ ᠭᠡᠷᠡᠴᠢᠯᠡᠭᠡ ᠶᠢᠨ ᠭᠡᠷᠢᠶᠡᠰ ᠶᠣᠰᠣᠭᠠᠷ ᠭᠡᠷ ᠬᠤᠪᠢᠶᠠᠬᠤ ᠪᠠᠷ ᠱᠠᠭᠠᠷᠳᠠᠵᠠᠢ᠃      ᠲᠡᠭᠡᠪᠡᠯ ᠯᠢ ᠨᠠᠰᠤᠲᠠᠨ ᠤ ᠬᠤᠶᠠᠷ ᠬᠤᠪᠢ ᠭᠡᠷᠢᠶᠡᠰ ᠤᠨ ᠠᠯᠢ ᠪᠠᠷ ᠨᠢ ᠪᠠᠷᠢᠮᠵᠢᠶ᠎ᠠ ᠪᠣᠯᠭᠠᠬᠤ ᠪᠤᠢ︖      ᠬᠠᠤᠯᠢ ᠢᠶᠠᠷ ᠲᠠᠶᠢᠯᠪᠤᠷᠢᠯᠠᠬᠤ ᠨᠢ        ᠬᠠᠮᠤᠭ ᠰᠡᠭᠦᠯᠴᠢ ᠶᠢᠨ ᠨᠢᠭᠡ ᠬᠤᠪᠢ ᠭᠡᠷᠢᠶᠡᠰ ᠢᠶᠠᠷ ᠪᠠᠷᠢᠮᠵᠢᠶ᠎ᠠ ᠪᠤᠯᠭᠠᠨ᠎ᠠ ᠠᠯᠪᠠᠨ ᠭᠡᠷᠡᠴᠢᠯᠡᠭᠡ ᠲᠠᠢ ᠭᠡᠷᠢᠶᠡᠰ ᠨᠢ ᠲᠡᠷᠢᠭᠦᠯᠡᠬᠦ ᠬᠦᠴᠦᠨ ᠦᠭᠡᠢ ᠪᠣᠯᠤᠨ᠎ᠠ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠳᠥᠴᠢᠨ ᠬᠤᠶᠠᠳᠤᠭᠠᠷ  ᠵᠦᠢᠯ ᠳᠤ᠂ ᠭᠡᠷᠢᠶᠡᠰ ᠦᠯᠡᠳᠡᠭᠡᠭᠴᠢ ᠥᠪᠡᠷ ᠤᠨ ᠦᠯᠡᠳᠡᠭᠡᠭᠰᠡᠨ ᠭᠡᠷᠢᠶᠡᠰ ᠢᠶᠠᠨ ᠪᠤᠴᠠᠭᠠᠬᠤ ᠪᠤᠶᠤ ᠬᠤᠪᠢᠷᠠᠭᠤᠯᠵᠤ ᠪᠣᠯᠤᠨ᠎ᠠ ᠭᠡᠵᠦ ᠲᠣᠭᠲᠠᠭᠠᠵᠠᠢ᠃ ᠭᠡᠷᠢᠶᠡᠰ ᠦᠯᠡᠳᠡᠭᠡᠭᠰᠡᠨ ᠤ ᠲᠠᠷᠠᠭ᠎ᠠ᠂ ᠭᠡᠷᠢᠶᠡᠰ ᠦᠯᠡᠳᠡᠭᠡᠭᠴᠢ ᠭᠡᠷᠢᠶᠡᠰ ᠤᠨ ᠠᠭᠤᠯᠭ᠎ᠠ ᠲᠠᠢ ᠡᠰᠡᠷᠭᠦ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠠᠵᠢᠯᠯᠠᠭ᠎ᠠ ᠶᠢ ᠬᠢᠭᠰᠡᠨ ᠪᠠᠶᠢᠪᠠᠯ᠂ ᠭᠡᠷᠢᠶᠡᠰ ᠤᠨ ᠬᠤᠯᠪᠣᠭᠳᠠᠯ ᠪᠦᠬᠦᠢ ᠠᠭᠤᠯᠭ᠎ᠠ ᠶᠢ ᠪᠤᠴᠠᠭᠠᠭᠰᠠᠨ ᠢᠶᠠᠷ ᠦᠵᠡᠨ᠎ᠡ᠃ ᠬᠡᠳᠦᠨ ᠭᠡᠷᠢᠶᠡᠰ ᠦᠯᠡᠳᠡᠭᠡᠭᠡᠳ ᠠᠭᠤᠯᠭ᠎ᠠ ᠨᠢ ᠬᠠᠷᠰᠢᠯᠳᠤᠬᠤ ᠳᠤ ᠬᠦᠷᠪᠡᠯ᠂ ᠬᠠᠮᠤᠭ ᠰᠡᠭᠦᠯᠴᠢ ᠶᠢᠨ ᠭᠡᠷᠢᠶᠡᠰ ᠢᠶᠠᠷ ᠪᠠᠷᠢᠮᠵᠢᠶ᠎ᠠ ᠪᠣᠯᠭᠠᠨ᠎ᠠ᠃     
ᠢᠷᠡᠯᠲᠡ᠄ ᠠᠷᠠᠳ ᠤᠨ ᠰᠦᠯᠵᠢᠶ᠎ᠡ