ᠳᠠᠷᠤᠮᠠᠯᠯᠠᠭᠰᠠᠨ ᠭᠡᠷᠢᠶᠡᠰ ᠬᠠᠤᠯᠢ ᠶᠢᠨ ᠬᠦᠴᠦᠨ ᠲᠠᠢ ᠦᠦ︖
ᠨᠡᠶᠢᠲᠡᠯᠡᠭᠰᠡᠨ ᠴᠠᠭ᠄
2022/11/15
    ᠬᠡᠷᠡᠭ ᠤᠨ ᠵᠢᠱᠢᠶ᠎ᠡ     ᠬᠠᠨ ᠠᠪᠤᠭᠠᠢ ᠪᠣᠯ ᠭᠡᠷ ᠲᠡᠭᠡᠨ ᠤᠳᠬᠤᠨ ᠬᠦᠦ᠂ ᠠᠪᠤ ᠨᠢ ᠡᠪᠡᠳᠴᠢᠯᠡᠭᠰᠡᠨ ᠦᠶ᠎ᠡ ᠳᠤ ᠦᠷᠭᠦᠯᠵᠢ ᠬᠠᠵᠠᠭᠤ ᠳᠤ ᠨᠢ ᠬᠠᠷᠠᠭᠠᠯᠵᠠᠳᠠᠭ᠃ ᠬᠠᠨ ᠠᠪᠤᠭᠠᠢ ᠶᠢᠨ ᠡᠴᠢᠭᠡ ᠨᠢ ᠠᠮᠢᠳᠤ ᠪᠠᠶᠢᠬᠤ ᠳᠠᠭᠠᠨ ᠭᠡᠷᠢᠶᠡᠰ ᠦᠯᠡᠳᠡᠭᠡᠵᠦ᠂ ᠲᠡᠭᠦᠨ ᠤ ᠨᠡᠷ᠎ᠡ ᠳᠡᠭᠡᠷᠡᠬᠢ ᠭᠡᠷ ᠪᠠᠶᠢᠰᠢᠩ ᠢ ᠬᠠᠨ ᠠᠪᠤᠭᠠᠢ ᠳᠤ ᠭᠠᠭᠴᠠᠭᠠᠷ ᠲᠤᠨᠢ ᠵᠠᠯᠭᠠᠮᠵᠢᠯᠠᠭᠤᠯᠬᠤ ᠪᠠᠷ ᠵᠢᠭᠠᠨ ᠲᠣᠭᠲᠠᠭᠠᠵᠠᠢ᠃ ᠡᠨᠡ ᠬᠦ ᠭᠡᠷᠢᠶᠡᠰ ᠤᠨ ᠠᠭᠤᠯᠭ᠎ᠠ ᠶᠢ ᠺᠣᠮᠫᠢᠦ᠋ᠲ᠋ᠧᠷ ᠢᠶᠠᠷ ᠮᠠᠰᠢᠨᠳᠠᠵᠦ ᠳᠠᠷᠤᠮᠠᠯᠯᠠᠵᠤ ᠦᠯᠡᠳᠡᠬᠡᠵᠠᠢ᠂ ᠥᠪ ᠵᠠᠯᠭᠠᠮᠵᠢᠯᠠᠭᠤᠯᠤᠭᠴᠢ ᠭᠡᠷᠢᠶᠡᠰ ᠦᠯᠡᠳᠡᠭᠡᠬᠦ ᠦᠶ᠎ᠡ ᠳᠤ ᠠᠰᠢᠭ ᠬᠤᠣᠷ ᠤᠨ ᠬᠠᠷᠢᠴᠠᠭ᠎ᠠ ᠦᠭᠡᠢ ᠬᠤᠶᠠᠷ ᠭᠡᠷᠡᠴᠢᠯᠡᠭᠴᠢ ᠠᠬᠤᠢ ᠲᠠᠯᠠᠪᠤᠷ ᠲᠤ ᠭᠡᠷᠡᠴᠢᠯᠡᠵᠡᠢ᠃ ᠭᠡᠷᠢᠶᠡᠰ ᠤᠨ ᠪᠥᠬᠦ ᠠᠭᠤᠯᠭ᠎ᠠ ᠨᠢ ᠵᠥᠪᠬᠡᠨ ᠨᠢᠭᠡ ᠯᠡ ᠬᠠᠭᠤᠳᠠᠰᠤ ᠪᠠᠶᠢᠵᠤ᠂ ᠥᠪ ᠵᠠᠯᠭᠠᠮᠵᠢᠯᠠᠭᠤᠯᠤᠭᠴᠢ ᠵᠢᠴᠢ ᠬᠤᠶᠠᠷ ᠭᠡᠷᠡᠴᠢᠯᠡᠭᠴᠢ ᠬᠥᠮᠦᠨ ᠪᠦᠷ ᠭᠠᠷ ᠤᠨ ᠥᠰᠥᠭ  ᠵᠢᠷᠤᠵᠤ  ᠲᠠᠮᠠᠭ᠎ᠠ ᠪᠠᠨ ᠳᠠᠷᠤᠵᠤ᠂ ᠡᠳᠦᠷ  ᠬᠤᠭᠤᠴᠠᠭ᠎ᠠ ᠶᠢ ᠲᠤᠲᠤᠷᠬᠠᠶᠢᠯᠠᠭᠰᠠᠨ ᠤ ᠬᠠᠮᠲᠤ ᠳᠦᠷᠰᠦ ᠰᠢᠩᠭᠡᠭᠡᠯᠲᠡ ᠬᠢᠵᠦ ᠭᠡᠷᠡᠴᠢᠯᠡᠵᠡᠢ᠃  ᠡᠨᠡ ᠬᠤᠪᠢ ᠲᠠᠷᠣᠮᠠᠯᠯᠠᠭᠰᠠᠨ ᠭᠡᠷᠢᠶᠡᠰ ᠨᠢ ᠬᠠᠤᠯᠢ ᠶᠢᠨ ᠬᠦᠴᠦᠨ ᠲᠠᠢ ᠦᠦ︖     ᠬᠠᠤᠯᠢ ᠢᠶᠠᠷ ᠲᠠᠶᠢᠯᠪᠤᠷᠢᠯᠠᠬᠤ ᠨᠢ      ᠬᠦᠴᠦᠨ ᠲᠠᠢ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠭᠤᠴᠢᠨ ᠵᠢᠷᠭᠤᠳᠤᠭᠠᠷ ᠵᠦᠢᠯ ᠳᠤ᠂ ᠭᠡᠷᠢᠶᠡᠰ ᠢ ᠳᠠᠷᠤᠮᠠᠯᠯᠠᠬᠤ ᠳᠤ ᠬᠤᠶᠠᠷ ᠠᠴᠠ ᠳᠡᠭᠡᠭᠰᠢ ᠭᠡᠷᠡᠴᠢᠯᠡᠭᠴᠢ ᠠᠬᠤᠢ ᠲᠠᠯᠠᠪᠤᠷ ᠲᠤ ᠭᠡᠷᠡᠴᠢᠯᠡᠬᠦ ᠬᠡᠷᠡᠭᠲᠡᠢ᠃ ᠭᠡᠷᠢᠶᠡᠰ ᠦᠯᠡᠳᠡᠭᠡᠭᠴᠢ ᠪᠠ ᠭᠡᠷᠡᠴᠢᠯᠡᠭᠴᠢ ᠭᠡᠷᠢᠶᠡᠰ ᠤᠨ ᠬᠠᠭᠤᠳᠠᠰᠤ ᠪᠦᠷᠢ ᠳᠤ  ᠭᠠᠷ ᠤᠨ  ᠦᠰᠦᠭ ᠢᠶᠠᠨ  ᠵᠢᠷᠤᠵᠤ᠂ ᠣᠨ᠂ ᠰᠠᠷ᠎ᠠ᠂ ᠡᠳᠦᠷ ᠢ ᠲᠣᠳᠣᠷᠬᠠᠢ ᠪᠢᠴᠢᠬᠦ ᠬᠡᠷᠡᠭᠲᠡᠢ ᠭᠡᠵᠦ ᠲᠣᠭᠲᠠᠭᠠᠵᠠᠢ᠃ 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ