ᠲᠥᠪᠯᠡᠷᠡᠭᠦᠯᠵᠦ ᠲᠤᠰᠠᠭᠠᠷᠯᠠᠬᠤ ᠶᠢ ᠬᠦᠴᠦᠨ ᠦᠭᠡᠢ ᠪᠣᠯᠭᠠᠨ᠎ᠠ ᠦᠦ︖
ᠨᠡᠶᠢᠲᠡᠯᠡᠭᠰᠡᠨ ᠴᠠᠭ᠄
2022/11/15
     ᠲᠥᠪᠯᠡᠷᠡᠭᠦᠯᠵᠦ ᠲᠤᠰᠠᠭᠠᠷᠯᠠᠬᠤ ᠪᠣᠳᠣᠯᠭ᠎ᠠ ᠶᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ ᠦᠦ︖      ᠳᠤᠮᠳᠠᠳᠤ ᠤᠯᠤᠰ ᠤᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠭᠠᠵᠠᠷ ᠤᠨ ᠬᠢᠨ ᠢᠯᠡᠷᠬᠡᠶᠢᠯᠡᠬᠦ ᠳᠡᠭᠡᠨ᠂ ᠡᠨᠡ ᠤᠳᠠᠭ᠎ᠠ ᠬᠢᠵᠢᠭ ᠢ ᠰᠡᠷᠭᠡᠶᠢᠯᠡᠨ ᠳᠠᠷᠤᠬᠤ ᠠᠷᠭ᠎ᠠ ᠪᠣᠳᠣᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠬᠤ ᠦᠶ᠎ᠡ᠂ ᠥᠨᠳᠥᠷ ᠡᠷᠡᠰᠳᠡᠯ ᠲᠠᠢ ᠬᠥᠮᠥᠰ ᠢ ᠲᠥᠪᠯᠡᠷᠡᠭᠦᠯᠵᠦ ᠲᠤᠰᠠᠭᠠᠷᠯᠠᠬᠤ ᠬᠤᠭᠤᠴᠠᠭ᠎ᠠ ᠶᠢ ᠪᠣᠭᠤᠨᠢᠰᠬᠠᠭᠰᠠᠨ ᠪᠤᠶᠤ ᠲᠥᠪᠯᠡᠷᠡᠭᠦᠯᠵᠦ ᠲᠤᠰᠠᠭᠠᠷᠯᠠᠬᠤ ᠶᠢ ᠭᠡᠷ ᠲᠤᠨᠢ ᠲᠤᠰᠠᠭᠠᠷᠯᠠᠬᠤ ᠪᠣᠯᠭᠠᠨ ᠬᠤᠪᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠬᠤᠶᠢᠰᠢᠳᠠ ᠮᠥᠨ ᠬᠢᠵᠢᠭ ᠤᠨ ᠪᠠᠶᠢᠳᠠᠯ ᠢ ᠦᠨᠳᠦᠰᠦᠯᠡᠨ ᠲᠤᠰᠠᠭᠠᠷᠯᠠᠬᠤ ᠠᠷᠭ᠎ᠠ ᠪᠣᠳᠣᠯᠭ᠎ᠠ ᠳᠤ ᠴᠢᠨᠠᠭᠰᠢᠳᠠ ᠲᠣᠬᠢᠷᠠᠭᠤᠯᠤᠯᠲᠠ ᠬᠢᠬᠦ ᠪᠣᠯᠣᠮᠵᠢ ᠶᠢ ᠦᠭᠡᠶᠢᠰᠬᠡᠬᠦ ᠦᠭᠡᠢ ᠭᠡᠵᠡᠢ᠃    
ᠢᠷᠡᠯᠲᠡ᠄ ᠠᠷᠠᠳ ᠤᠨ ᠰᠦᠯᠵᠢᠶ᠎ᠡ