ᠬᠢᠵᠢᠭ ᠤᠨ ᠪᠠᠶᠢᠳᠠᠯ ᠲᠤᠤᠷ᠎ᠠ ᠵᠠᠪᠠᠯ ᠮᠡᠳᠡᠬᠦ ᠴᠢᠬᠤᠯᠠᠳᠠᠢ ᠬᠦᠳᠡᠯᠮᠦᠷᠢ ᠶᠢᠨ ᠬᠠᠷᠢᠴᠠᠭᠠᠨ ᠤ ᠲᠤᠬᠠᠢ ᠮᠡᠳᠡᠯᠬᠡ
ᠨᠡᠶᠢᠲᠡᠯᠡᠭᠰᠡᠨ ᠴᠠᠭ᠄
2022/11/15
                        1᠂ ᠬᠦᠳᠡᠯᠮᠦᠷᠢᠴᠢᠨ ᠬᠠᠤᠯᠢ ᠶᠤᠰᠤᠭᠠᠷ ᠲᠤᠰᠠᠭᠠᠷᠯᠠᠭᠳᠠᠭᠰᠠᠨ ᠪᠠᠶᠢᠪᠠᠯ ᠴᠠᠯᠢᠩ ᠤᠯᠭᠤᠮᠵᠢ ᠶᠢ ᠨᠢ ᠬᠡᠷᠬᠢᠨ ᠪᠤᠳᠤᠵᠤ ᠤᠯᠭᠤᠬᠤ ᠪᠤᠢ︖       ᠬᠠᠷᠢᠭᠤᠯᠳᠠ᠄ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ ᠶᠢᠨ ᠲᠤᠭᠳᠠᠭᠠᠯ ᠢ ᠦᠨᠳᠦᠰᠦᠯᠡᠪᠡᠯ᠂ ᠡᠮᠴᠢᠯᠡᠬᠡᠨ ᠤ ᠪᠠᠶᠢᠭᠤᠯᠤᠮᠵᠢ ᠪᠤᠶᠤ ᠵᠠᠰᠠᠭ ᠤᠨ ᠤᠷᠳᠤᠨ ᠠᠴᠠ ᠰᠢᠨ᠎ᠠ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠳᠡᠨ᠂ ᠡᠪᠡᠳᠴᠢᠨ ᠤ ᠡᠬᠦᠰᠬᠡᠭᠴᠢ ᠲᠠᠭᠠᠯᠳᠤᠭᠤᠯᠤᠭᠴᠢ᠂ ᠰᠡᠵᠢᠭᠯᠡᠯᠳᠡᠢ ᠡᠪᠡᠳᠴᠢᠳᠡᠨ᠂ ᠨᠢᠭᠳᠠ ᠤᠶᠢᠷᠠᠳᠤᠭᠰᠠᠳ ᠵᠡᠷᠬᠡ ᠳᠤ ᠲᠤᠰᠠᠭᠠᠷᠯᠠᠬᠤ ᠠᠷᠭ᠎ᠠ ᠬᠡᠮᠵᠢᠶ᠎ᠡ ᠶᠢ ᠬᠠᠤᠯᠢ ᠶᠤᠰᠤᠭᠠᠷ ᠬᠡᠷᠡᠭᠵᠢᠬᠦᠯᠵᠦ᠂ ᠬᠦᠳᠡᠯᠮᠦᠷᠢᠴᠢᠨ ᠢ ᠬᠡᠪ ᠤᠨ ᠬᠦᠳᠡᠯᠮᠦᠷᠢ ᠬᠠᠨᠭ᠍ᠭᠠᠵᠤ ᠴᠢᠳᠠᠬᠤ ᠦᠬᠡᠢ ᠪᠤᠯᠭᠠᠭᠰᠠᠨ ᠪᠠᠶᠢᠪᠠᠯ᠂ ᠠᠵᠤ ᠠᠬᠤᠶᠢᠯᠠᠯ ᠨᠢ ᠬᠡᠪ ᠤᠨ ᠬᠦᠳᠡᠯᠮᠦᠷᠢ ᠪᠠᠷ ᠨᠢ ᠲᠤᠰᠠᠭᠠᠷᠯᠠᠬᠤ ᠬᠤᠭᠤᠴᠠᠭᠠᠨ ᠳᠠᠬᠢ ᠴᠠᠯᠢᠩ ᠢ ᠦᠭᠬᠦᠨ᠎ᠠ᠃ ᠲᠤᠰᠠᠭᠠᠷᠯᠠᠬᠤ ᠬᠤᠭᠤᠴᠠᠭ᠎ᠠ ᠲᠠᠭᠤᠰᠤᠭᠰᠠᠨ ᠤ ᠲᠠᠷᠠᠭ᠎ᠠ᠂ ᠠᠵᠢᠯ ᠢᠶᠠᠨ ᠵᠤᠭᠰᠤᠭᠠᠵᠤ ᠡᠮᠨᠡᠨ ᠵᠠᠰᠠᠭᠤᠯᠬᠤ ᠴᠢᠬᠤᠯᠠ ᠲᠠᠢ ᠬᠦᠳᠡᠯᠮᠦᠷᠢᠯᠡᠭᠴᠢᠳ ᠲᠤ ᠠᠵᠤ ᠠᠬᠤᠶᠢᠯᠠᠯ ᠤᠨ ᠬᠦᠳᠡᠯᠮᠦᠷᠢ ᠶᠢᠨ ᠬᠡᠷ᠎ᠡ᠂ ᠬᠠᠮᠳᠤ ᠶᠢᠨ ᠬᠡᠷ᠎ᠡ ᠳᠤ ᠪᠤᠯᠵᠤᠨ ᠲᠤᠭᠳᠠᠭᠰᠠᠨ ᠪᠤᠶᠤ ᠤᠯᠤᠰ ᠤᠨ ᠡᠮᠨᠡᠬᠦᠯᠬᠦ ᠬᠤᠭᠤᠴᠠᠭᠠᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠴᠠᠯᠢᠩ ᠤᠯᠭᠤᠵᠤ ᠪᠤᠯᠤᠨ᠎ᠠ᠂ ᠤᠯᠭᠤᠬᠤ ᠴᠠᠯᠢᠩ ᠢ ᠨᠢ ᠲᠤᠬᠠᠢ ᠶᠢᠨ ᠭᠠᠵᠠᠷ ᠤᠨ ᠴᠠᠯᠢᠩ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢᠨ ᠵᠠᠭᠤᠨ ᠤ ᠨᠠᠶᠠ ᠠᠴᠠ ᠲᠤᠤᠷ᠎ᠠ ᠪᠠᠶᠢᠯᠭᠠᠵᠤ ᠪᠤᠯᠬᠤ ᠦᠬᠡᠢ᠃        2᠂ ᠵᠠᠰᠠᠭ ᠤᠨ ᠤᠷᠳᠤᠨ ᠬᠠᠤᠯᠢ ᠶᠤᠰᠤᠭᠠᠷ ᠪᠠᠴᠢᠮ ᠠᠷᠭ᠎ᠠ ᠬᠡᠮᠵᠢᠶ᠎ᠡ ᠠᠪᠤᠭᠰᠠᠨ ᠠᠴᠠ ᠪᠤᠯᠵᠤ᠂ ᠬᠦᠳᠡᠯᠮᠦᠷᠢᠴᠢᠨ ᠠᠵᠢᠯ ᠤᠨ ᠪᠠᠶᠢᠷᠢ ᠳᠠᠭᠠᠨ ᠪᠤᠴᠠᠵᠤ ᠲᠡᠶᠢᠯᠬᠦ ᠦᠬᠡᠢ ᠪᠤᠯᠪᠠᠯ᠂ ᠬᠦᠳᠡᠯᠮᠦᠷᠢᠴᠢᠨ ᠤ ᠴᠠᠯᠢᠩ ᠢ ᠬᠡᠷᠬᠢᠨ ᠪᠤᠳᠤᠵᠤ ᠤᠯᠭᠤᠬᠤ ᠪᠤᠢ︖         ᠬᠠᠷᠢᠭᠤᠯᠳᠠ᠄ ᠠᠵᠤ ᠠᠬᠤᠶᠢᠯᠠᠯ ᠤᠨ ᠲᠤᠬᠢᠷᠠᠭᠤᠯᠤᠭᠰᠠᠨ ᠠᠵᠢᠯ ᠤᠨ ᠪᠠᠶᠢᠷᠢ ᠳᠠᠭᠠᠨ ᠪᠤᠴᠠᠭᠠᠳᠤᠢ ᠬᠦᠳᠡᠯᠮᠦᠷᠢᠯᠡᠭᠴᠢ ᠤᠳᠠᠰᠤ᠂ ᠰᠦᠯᠵᠢᠶ᠎ᠡ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠤᠨ ᠬᠦᠳᠡᠯᠮᠦᠷᠢ ᠬᠠᠨᠭ᠍ᠭᠠᠭᠰᠠᠨ ᠪᠤᠯ ᠬᠡᠪ ᠤᠨ ᠬᠦᠳᠡᠯᠮᠦᠷᠢ ᠪᠤᠶᠤ ᠬᠦᠳᠡᠯᠮᠦᠷᠢ ᠶᠢᠨ ᠬᠡᠷ᠎ᠡ ᠳᠤ ᠪᠤᠯᠵᠤᠨ ᠲᠤᠭᠳᠠᠭᠰᠠᠨ ᠶᠤᠰᠤᠭᠠᠷ ᠴᠠᠯᠢᠩ ᠤᠯᠭᠤᠬᠤ ᠬᠡᠷᠡᠭᠳᠡᠢ᠃ ᠠᠵᠤ ᠠᠬᠤᠶᠢᠯᠠᠯ ᠠᠴᠠ ᠬᠦᠳᠡᠯᠮᠦᠷᠢᠯᠡᠭᠴᠢᠳ ᠲᠤ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠬᠤᠭᠤᠴᠠᠭᠠᠨ ᠳᠤ ᠴᠠᠯᠢᠩ ᠲᠠᠢ ᠪᠠᠷ ᠵᠢᠯ ᠤᠨ ᠠᠮᠠᠷᠠᠯᠳᠠ ᠠᠪᠬᠤ᠂ ᠠᠵᠤ ᠠᠬᠤᠶᠢᠯᠠᠯ ᠤᠨ ᠦᠪᠡᠷ ᠢᠶᠠᠨ ᠠᠰᠠᠷᠠᠮᠵᠢ ᠶᠢᠨ ᠠᠮᠠᠷᠠᠯᠳᠠ ᠭᠠᠷᠭᠠᠬᠤ ᠵᠡᠷᠬᠡ ᠡᠯ᠎ᠡ ᠲᠦᠷᠦᠯ ᠤᠨ ᠠᠮᠠᠷᠠᠯᠳᠠ ᠲᠤᠬᠢᠷᠠᠭᠤᠯᠵᠤ ᠦᠭᠬᠦᠭᠰᠡᠨ ᠪᠠᠶᠢᠪᠠᠯ᠂ ᠬᠠᠮᠢᠶ᠎ᠠ ᠪᠦᠬᠦᠢ ᠲᠤᠭᠳᠠᠭᠠᠯ ᠶᠤᠰᠤᠭᠠᠷ ᠴᠠᠯᠢᠩ ᠤᠯᠭᠤᠬᠤ ᠬᠡᠷᠡᠭᠳᠡᠢ᠃ ᠵᠠᠰᠠᠭ ᠤᠨ ᠤᠷᠳᠤᠨ ᠠᠴᠠ ᠬᠢᠵᠢᠭᠳᠦ ᠤᠷᠤᠨ ᠢ ᠪᠢᠳᠡᠬᠦᠮᠵᠢᠯᠡᠬᠦ ᠵᠡᠷᠬᠡ ᠪᠠᠴᠢᠮ ᠠᠷᠭ᠎ᠠ ᠬᠡᠮᠵᠢᠶ᠎ᠠ ᠠᠪᠤᠭᠰᠠᠨ ᠠᠴᠠ ᠪᠤᠯᠵᠤ ᠠᠵᠢᠯᠳᠠᠨ ᠠᠵᠢᠯᠴᠢᠨ ᠬᠤᠭᠤᠴᠠᠭ᠎ᠠ ᠶᠤᠰᠤᠭᠠᠷ ᠠᠵᠢᠯ ᠤᠨ ᠪᠠᠶᠢᠷᠢ ᠳᠠᠭᠠᠨ ᠪᠤᠴᠠᠵᠤ ᠬᠡᠪ ᠤᠨ ᠬᠦᠳᠡᠯᠮᠦᠷᠢ ᠬᠠᠨᠭ᠍ᠭᠠᠵᠤ ᠲᠡᠶᠢᠯᠬᠦ ᠦᠬᠡᠢ ᠪᠤᠯᠤᠭᠰᠠᠨ ᠪᠤᠰᠤᠳ ᠪᠠᠶᠢᠳᠠᠯ ᠳᠤ ᠪᠤᠯ ᠠᠵᠢᠯ ᠵᠤᠭᠰᠤᠬᠤ᠂ ᠦᠢᠯᠡᠳᠪᠦᠷᠢᠯᠡᠯ ᠵᠤᠭᠰᠤᠬᠤ ᠬᠤᠭᠤᠴᠠᠭᠠᠨ ᠳᠠᠬᠢ ᠴᠠᠯᠢᠩ ᠤᠯᠭᠤᠬᠤ ᠲᠤᠬᠠᠢ ᠤᠯᠤᠰ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ ᠢᠶᠠᠷ ᠯᠠᠪᠯᠠᠯᠳᠠ ᠪᠤᠯᠭᠠᠨ ᠬᠡᠷᠡᠭᠵᠢᠬᠦᠯᠬᠦ ᠬᠡᠷᠡᠭᠳᠡᠢ᠂ ᠲᠤᠬᠠᠶᠢᠯᠠᠪᠠᠯ ᠴᠠᠯᠢᠩ ᠤᠯᠭᠤᠬᠤ ᠨᠢᠬᠡ ᠦᠶᠡᠯᠡᠯ ᠤᠨ ᠬᠤᠭᠤᠴᠠᠭᠠᠨ ᠲᠤᠲᠤᠷ᠎ᠠ ᠪᠤᠯ ᠬᠦᠳᠡᠯᠮᠦᠷᠢ ᠶᠢᠨ ᠬᠡᠷ᠎ᠡ ᠳᠤ ᠪᠤᠯᠵᠤᠨ ᠲᠤᠭᠳᠠᠭᠰᠠᠨ ᠪᠠᠷᠢᠮᠵᠢᠶ᠎ᠠ ᠶᠤᠰᠤᠭᠠᠷ ᠬᠦᠳᠡᠯᠮᠦᠷᠢᠯᠡᠭᠴᠢᠳ ᠲᠤ ᠴᠠᠯᠢᠩ ᠤᠯᠭᠤᠬᠤ ᠬᠡᠷᠡᠭᠳᠡᠢ᠃ ᠴᠠᠯᠢᠩ ᠤᠯᠭᠤᠬᠤ ᠨᠢᠬᠡ ᠦᠶᠡᠯᠡᠯ ᠤᠨ ᠬᠤᠭᠤᠴᠠᠭ᠎ᠠ ᠠᠴᠠ ᠬᠡᠳᠦᠷᠡᠭᠰᠡᠨ ᠪᠠᠶᠢᠪᠠᠯ᠂ ᠠᠵᠤ ᠠᠬᠤᠶᠢᠯᠠᠯ ᠨᠢ ᠲᠤᠬᠠᠢ ᠶᠢᠨ ᠭᠠᠵᠠᠷ ᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠶᠢᠨ 80% ᠠᠴᠠ ᠲᠤᠤᠷ᠎ᠠ ᠪᠠᠶᠢᠯᠭᠠᠬᠤ ᠦᠬᠡᠢ ᠪᠠᠷ ᠠᠮᠢᠳᠤᠷᠠᠯ ᠤᠨ ᠵᠠᠷᠤᠳᠠᠯ ᠤᠯᠭᠤᠬᠤ ᠬᠡᠷᠡᠭᠳᠡᠢ᠃          3᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠲᠠᠢ ᠡᠪᠡᠳᠴᠢᠳᠡᠨ᠂ ᠡᠪᠡᠳᠴᠢᠨ ᠤ ᠡᠬᠦᠰᠬᠡᠭᠴᠢ ᠲᠠᠭᠠᠯᠳᠤᠭᠤᠯᠤᠭᠴᠢ᠂ ᠰᠡᠵᠢᠭᠯᠡᠯᠳᠡᠢ ᠡᠪᠡᠳᠴᠢᠳᠡᠨ᠂ ᠨᠢᠭᠳᠠ ᠤᠶᠢᠷᠠᠳᠤᠭᠰᠠᠳ ᠵᠢᠴᠢ ᠵᠠᠰᠠᠭ ᠤᠨ ᠤᠷᠳᠤᠨ ᠠᠴᠠ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠪᠤᠶᠤ ᠪᠤᠰᠤᠳ ᠪᠠᠴᠢᠮ ᠠᠷᠭ᠎ᠠ ᠬᠡᠮᠵᠢᠶ᠎ᠡ ᠠᠪᠤᠭᠰᠠᠨ ᠠᠴᠠ ᠪᠤᠯᠵᠤ ᠬᠡᠪ ᠤᠨ ᠬᠦᠳᠡᠯᠮᠦᠷᠢ ᠬᠠᠨᠭ᠍ᠭᠠᠵᠤ ᠲᠡᠶᠢᠯᠬᠦ ᠦᠬᠡᠢ ᠬᠦᠳᠡᠯᠮᠦᠷᠢᠴᠢᠨ ᠲᠠᠢ ᠠᠵᠤ ᠠᠬᠤᠶᠢᠯᠠᠯ ᠬᠦᠳᠡᠯᠮᠦᠷᠢ ᠶᠢᠨ ᠬᠡᠷ᠎ᠡ ᠪᠠᠨ ᠬᠦᠴᠦᠨ ᠦᠬᠡᠢ ᠪᠤᠯᠭᠠᠵᠤ ᠪᠤᠯᠤᠨ᠎ᠠ ᠤᠤ︖         ᠬᠠᠷᠢᠭᠤᠯᠳᠠ᠄ ᠬᠠᠤᠯᠢ ᠶᠤᠰᠤᠭᠠᠷ ᠲᠤᠰᠠᠭᠠᠷᠯᠠᠨ ᠡᠮᠨᠡᠬᠦ ᠪᠤᠶᠤ ᠠᠨᠠᠭᠠᠬᠤ ᠤᠬᠠᠭᠠᠨ ᠤ ᠠᠵᠢᠭᠯᠠᠯᠳᠠ ᠬᠢᠵᠦ ᠪᠠᠶᠢᠭ᠎ᠠ ᠰᠢᠨ᠎ᠠ ᠲᠢᠳᠢᠮᠯᠢᠭ ᠠᠭᠤᠰᠬᠢᠨ ᠦᠷᠪᠢᠰᠦᠯ ᠲᠠᠢ ᠡᠪᠡᠳᠴᠢᠳᠡᠨ᠂ ᠡᠪᠡᠳᠴᠢᠨ ᠤ ᠡᠬᠦᠰᠬᠡᠭᠴᠢ ᠲᠠᠭᠠᠯᠳᠤᠭᠤᠯᠤᠭᠴᠢ᠂ ᠰᠡᠵᠢᠭᠯᠡᠯᠳᠡᠢ ᠡᠪᠡᠳᠴᠢᠳᠡᠨ᠂ ᠨᠢᠭᠳᠠ ᠤᠶᠢᠷᠠᠳᠤᠭᠰᠠᠳ ᠵᠢᠴᠢ ᠵᠠᠰᠠᠭ ᠤᠨ ᠤᠷᠳᠤᠨ ᠲᠤᠰᠠᠭᠠᠷᠯᠠᠬᠤ ᠠᠷᠭ᠎ᠠ ᠬᠡᠮᠵᠢᠶ᠎ᠠ ᠠᠪᠤᠭᠰᠠᠨ ᠠᠴᠠ ᠪᠤᠯᠵᠤ ᠬᠡᠪ ᠤᠨ ᠬᠦᠳᠡᠯᠮᠦᠷᠢ ᠬᠠᠨᠭ᠍ᠭᠠᠵᠤ ᠲᠡᠶᠢᠯᠬᠦ ᠦᠬᠡᠢ ᠬᠦᠳᠡᠯᠮᠦᠷᠢᠴᠢᠨ ᠲᠠᠢ ᠠᠵᠤ ᠠᠬᠤᠶᠢᠯᠠᠯ ᠬᠦᠳᠡᠯᠮᠦᠷᠢ ᠶᠢᠨ ᠬᠡᠷ᠎ᠡ ᠪᠠᠨ ᠬᠦᠴᠦᠨ ᠦᠬᠡᠢ ᠪᠤᠯᠭᠠᠵᠤ ᠪᠤᠯᠬᠤ ᠦᠬᠡᠢ᠃ ᠬᠦᠳᠡᠯᠮᠦᠷᠢ ᠶᠢᠨ ᠬᠡᠷ᠎ᠡ ᠶᠢᠨ ᠬᠤᠭᠤᠴᠠᠭ᠎ᠠ ᠨᠢ ᠲᠤᠯᠤᠭᠰᠠᠨ ᠪᠠᠶᠢᠪᠠᠯ᠂ ᠬᠦᠳᠡᠯᠮᠦᠷᠢᠴᠢᠨ ᠤ ᠲᠤᠰᠠᠭᠠᠷᠯᠠᠨ ᠡᠮᠴᠢᠯᠡᠬᠦᠯᠬᠦ ᠬᠤᠭᠤᠴᠠᠭ᠎ᠠ᠂ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠤᠭᠤᠴᠠᠭ᠎ᠠ᠂ ᠲᠤᠰᠠᠭᠠᠷᠯᠠᠬᠤ ᠬᠤᠭᠤᠴᠠᠭ᠎ᠠ ᠲᠦᠬᠦᠷᠬᠦ ᠪᠤᠶᠤ ᠵᠠᠰᠠᠭ ᠤᠨ ᠤᠷᠳᠤᠨ ᠤ ᠠᠪᠤᠭᠰᠠᠨ ᠪᠠᠴᠢᠮ ᠠᠷᠭ᠎ᠠ ᠬᠡᠮᠵᠢᠶ᠎ᠡ ᠲᠠᠭᠤᠰᠳᠠᠯ᠎ᠠ ᠤᠷᠳᠤᠳᠬᠠᠨ᠎ᠠ᠃ ᠲᠤᠮᠢᠯᠠᠭᠳᠠᠭᠰᠠᠨ ᠬᠦᠳᠡᠯᠮᠦᠷᠢᠴᠢᠨ ᠢ ᠠᠵᠢᠯᠴᠢᠨ ᠬᠡᠷᠡᠭᠯᠡᠬᠦ ᠨᠢᠬᠡᠴᠢ ᠴᠤ ᠡᠬᠦᠨ ᠠᠴᠠ ᠪᠤᠯᠵᠤ ᠬᠦᠳᠡᠯᠮᠦᠷᠢ ᠦᠢᠯᠡᠴᠢᠯᠡᠭᠡ ᠲᠤᠮᠢᠯᠠᠬᠤ ᠨᠢᠬᠡᠴᠢ ᠳᠤ ᠪᠤᠴᠠᠭᠠᠵᠤ ᠪᠤᠯᠬᠤ ᠦᠬᠡᠢ᠃        4  ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ ᠠᠵᠤ ᠠᠬᠤᠶᠢᠯᠠᠯ ᠠᠵᠢᠯᠴᠢᠨ ᠢ ᠬᠡᠷᠬᠢᠨ ᠠᠮᠢᠳᠤᠯᠢᠭ ᠬᠡᠷᠡᠭᠯᠡᠬᠦ ᠪᠤᠢ︖      ᠠᠵᠢᠯᠯᠠᠬᠤ ᠴᠠᠭ ᠢ ᠬᠡᠷᠬᠢᠨ ᠠᠮᠢᠳᠤᠯᠢᠭ ᠲᠤᠬᠢᠷᠠᠭᠤᠯᠬᠤ ᠪᠤᠢ︖          ᠬᠠᠷᠢᠭᠤᠯᠳᠠ᠄ ᠬᠢᠵᠢᠭ ᠤᠨ ᠪᠠᠶᠢᠳᠠᠯ ᠤᠨ ᠨᠦᠯᠦᠭᠡ ᠠᠴᠠ ᠪᠤᠯᠵᠤ᠂ ᠠᠵᠢᠯᠳᠠᠨ ᠠᠵᠢᠯᠴᠢᠨ ᠲᠤᠭᠳᠠᠭᠰᠠᠨ ᠬᠤᠭᠤᠴᠠᠭᠠᠨ ᠳᠤ ᠠᠵᠢᠯ ᠤᠨ ᠪᠠᠶᠢᠷᠢ ᠳᠠᠭᠠᠨ ᠬᠦᠷᠴᠦ ᠲᠡᠶᠢᠯᠬᠦ ᠦᠬᠡᠢ ᠪᠤᠶᠤ ᠬᠡᠪ ᠤᠨ ᠶᠤᠰᠤᠭᠠᠷ ᠦᠢᠯᠡᠳᠪᠦᠷᠢᠯᠡᠨ ᠡᠵᠡᠩᠨᠡᠵᠤ ᠲᠡᠶᠢᠯᠬᠦ ᠦᠬᠡᠢ ᠪᠠᠶᠢᠪᠠᠯ᠂ ᠠᠵᠤ ᠠᠬᠤᠶᠢᠯᠠᠯ ᠨᠢ ᠬᠠᠮᠳᠤ ᠪᠠᠷ ᠡᠳ᠋ᠯᠡᠬᠦ ᠬᠦᠳᠡᠯᠮᠦᠷᠢ᠂ ᠪᠦᠬᠦᠯᠢ ᠡᠳᠦᠷ ᠤᠨ ᠪᠤᠰᠤ ᠲᠦᠷᠢᠮᠳᠦ ᠠᠵᠢᠯᠴᠢᠨ ᠬᠡᠷᠡᠭᠯᠡᠬᠦ᠂ ᠠᠯᠤᠰ ᠠᠴᠠ ᠠᠵᠢᠯᠯᠠᠬᠤ ᠵᠡᠷᠬᠡ ᠠᠵᠢᠯ ᠤᠨ ᠠᠷᠭ᠎ᠠ ᠬᠡᠯᠪᠡᠷᠢ ᠶᠢ ᠠᠪᠴᠤ᠂ ᠠᠵᠢᠯᠴᠢᠨ ᠬᠡᠷᠡᠭᠯᠡᠬᠦ ᠠᠮᠢᠳᠤᠯᠢᠭ ᠴᠢᠨᠠᠷ ᠢ ᠴᠢᠩᠭᠠᠳᠬᠠᠨ᠂ ᠬᠢᠵᠢᠭ ᠤᠨ ᠨᠦᠯᠦᠭᠡ ᠠᠴᠠ ᠪᠤᠯᠤᠭᠰᠠᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠵᠤ ᠪᠤᠯᠤᠨ᠎ᠠ᠃ ᠠᠵᠤ ᠠᠬᠤᠶᠢᠯᠠᠯ ᠨᠢ ᠪᠠᠰᠠ ᠠᠵᠢᠯᠳᠠᠨ ᠠᠵᠢᠯᠴᠢᠨ ᠲᠠᠢ ᠪᠠᠨ ᠵᠦᠪᠳᠡᠯᠴᠡᠵᠦ ᠪᠠᠶᠢᠭᠠᠳ ᠡᠯ᠎ᠡ ᠲᠦᠷᠦᠯ ᠤᠨ ᠠᠮᠠᠷᠠᠯᠳᠠ ᠶᠢᠨ ᠬᠤᠭᠤᠴᠠᠭ᠎ᠠ ᠶᠢ ᠤᠷᠢᠳ ᠢᠶᠠᠷ ᠬᠡᠷᠡᠭᠯᠡᠬᠦ ᠵᠡᠷᠬᠡ ᠠᠷᠭ᠎ᠠ ᠮᠠᠶ᠋ᠢᠭ ᠢ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠤᠨᠴᠠᠯᠢᠭ ᠲᠠᠢ ᠤᠶᠠᠯᠳᠤᠭᠤᠯᠤᠨ᠂ ᠠᠵᠢᠯᠯᠠᠬᠤ ᠴᠠᠭ ᠢ ᠶᠡᠷᠦᠩᠭᠡᠶᠢᠯᠡᠨ ᠪᠤᠳᠤᠬᠤ ᠪᠠ ᠲᠤᠭᠳᠠᠮᠠᠯ ᠪᠤᠰᠤ ᠴᠠᠭ ᠤᠨ ᠠᠵᠢᠯ ᠤᠨ ᠲᠦᠷᠢᠮ ᠢ ᠬᠠᠤᠯᠢ ᠶᠤᠰᠤᠭᠠᠷ ᠭᠤᠶᠤᠴᠢᠯᠠᠵᠤ᠂ ᠠᠵᠢᠯᠯᠠᠬᠤ ᠴᠠᠭ ᠢ ᠠᠮᠢᠳᠤᠯᠢᠭ ᠢᠶᠠᠷ ᠲᠤᠬᠢᠷᠠᠭᠤᠯᠵᠤ ᠪᠤᠯᠤᠨ᠎ᠠ᠃       5᠂ ᠶᠠᠮᠠᠷ ᠶᠠᠮᠠᠷ ᠠᠵᠤ ᠠᠬᠤᠶᠢᠯᠠᠯ ᠨᠢ ᠠᠵᠢᠯᠯᠠᠬᠤ ᠴᠠᠭ ᠢ ᠤᠷᠳᠤᠳᠬᠠᠬᠤ ᠬᠢᠵᠠᠭᠠᠷᠯᠠᠯ ᠳᠤ ᠬᠢᠵᠠᠭᠠᠷᠯᠠᠭᠳᠠᠬᠤ ᠦᠬᠡᠢ ᠪᠤᠢ︖          ᠬᠠᠷᠢᠭᠤᠯᠳᠠ᠄ ᠵᠠᠰᠠᠭ ᠤᠨ ᠤᠷᠳᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠳᠤᠯᠠᠭ᠎ᠠ ᠶᠢᠨ ᠡᠬᠦᠷᠬᠡ ᠶᠢ ᠡᠬᠦᠷᠬᠡᠯᠡᠭᠰᠡᠨ ᠪᠠᠴᠢᠮ ᠴᠠᠭ ᠨᠡᠮᠡᠵᠦ ᠠᠵᠢᠯᠯᠠᠬᠤ ᠴᠢᠬᠤᠯᠠᠳᠠᠢ ᠠᠵᠤ ᠠᠬᠤᠶᠢᠯᠠᠯ ᠳᠤ᠂ ᠬᠦᠳᠡᠯᠮᠦᠷᠢᠴᠢᠳ ᠤᠨ ᠪᠡᠶ᠎ᠡ ᠮᠠᠬᠠᠪᠤᠳ ᠤᠨ ᠡᠷᠡᠬᠦᠯ ᠮᠡᠨᠳᠦ ᠪᠠ ᠬᠦᠳᠡᠯᠮᠦᠷᠢ ᠶᠢᠨ ᠠᠮᠤᠷ ᠲᠦᠪᠰᠢᠨ ᠢ ᠪᠠᠳᠤᠯᠠᠭᠰᠠᠨ ᠤᠷᠢᠳᠠᠯ ᠲᠤᠤᠷ᠎ᠠ᠂ ᠠᠵᠤ ᠠᠬᠤᠶᠢᠯᠠᠯ ᠨᠢ ᠠᠵᠢᠯᠴᠢᠨ ᠤ ᠡᠪᠯᠡᠯ ᠪᠠ ᠠᠵᠢᠯᠳᠠᠨ ᠠᠵᠢᠯᠴᠢᠨ ᠲᠠᠢ ᠪᠠᠨ ᠵᠦᠪᠳᠡᠯᠴᠡᠵᠦ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ︾ ᠶᠢᠨ ᠲᠦᠴᠢᠨ ᠬᠤᠶᠠᠳᠤᠭᠠᠷ ᠵᠦᠢᠯ ᠤᠨ ᠲᠤᠭᠳᠠᠭᠠᠯ ᠢ ᠦᠨᠳᠦᠰᠦᠯᠡᠨ᠂ ᠠᠵᠢᠯᠯᠠᠬᠤ ᠴᠠᠭ ᠢ ᠵᠤᠬᠢᠰᠳᠠᠢ ᠤᠷᠳᠤᠳᠬᠠᠵᠤ ᠪᠠᠴᠢᠮ ᠦᠢᠯᠡᠳᠪᠦᠷᠢᠯᠡᠯ ᠤᠨ ᠡᠬᠦᠷᠬᠡ ᠶᠢ ᠠᠷᠭᠠᠴᠠᠭᠠᠵᠤ ᠪᠤᠯᠤᠨ᠎ᠠ᠃         6᠂ ᠬᠢᠵᠢᠭ ᠤᠨ ᠨᠦᠯᠦᠭᠡ ᠠᠴᠠ ᠪᠤᠯᠵᠤ ᠠᠵᠤ ᠠᠬᠤᠶᠢᠯᠠᠯ ᠨᠢ ᠬᠦᠳᠡᠯᠮᠦᠷᠢᠯᠡᠭᠴᠢ ᠲᠠᠢ ᠬᠠᠤᠯᠢ ᠶᠤᠰᠤᠭᠠᠷ ᠴᠠᠭ ᠲᠤᠬᠠᠢ ᠳᠤᠨᠢ ᠬᠦᠳᠡᠯᠮᠦᠷᠢ ᠶᠢᠨ ᠬᠡᠷ᠎ᠡ ᠲᠤᠭᠳᠠᠵᠤ ᠲᠡᠶᠢᠯᠬᠦ ᠦᠬᠡᠢ ᠪᠤᠶᠤ ᠪᠢᠴᠢᠭ ᠢᠶᠠᠷ ᠬᠦᠳᠡᠯᠮᠦᠷᠢ ᠶᠢᠨ ᠬᠡᠷ᠎ᠡ ᠦᠷᠬᠦᠯᠵᠢᠯᠡᠨ ᠲᠤᠭᠳᠠᠵᠤ ᠲᠡᠶᠢᠯᠬᠦ ᠦᠬᠡᠢ ᠪᠤᠯ ᠬᠡᠷᠬᠢᠨ ᠰᠶᠢᠳᠪᠦᠷᠢᠯᠡᠬᠦ ᠪᠤᠢ︖          ᠬᠠᠷᠢᠭᠤᠯᠳᠠ᠄ ᠬᠢᠵᠢᠭ ᠤᠨ ᠪᠠᠶᠢᠳᠠᠯ ᠤᠨ ᠨᠦᠯᠦᠭᠡ ᠠᠴᠠ ᠪᠤᠯᠵᠤ᠂ ᠠᠵᠤ ᠠᠬᠤᠶᠢᠯᠠᠯ ᠪᠤᠯᠤᠨ ᠡᠯᠰᠡᠨ ᠬᠡᠷᠡᠭᠯᠡᠭᠰᠡᠨ ᠬᠦᠳᠡᠯᠮᠦᠷᠢᠯᠡᠭᠴᠢ ᠬᠠᠤᠯᠢ ᠶᠤᠰᠤᠭᠠᠷ ᠪᠢᠴᠢᠭ ᠢᠶᠠᠷ ᠬᠦᠳᠡᠯᠮᠦᠷᠢ ᠶᠢᠨ ᠬᠡᠷ᠎ᠡ ᠲᠤᠭᠳᠠᠬᠤ ᠪᠤᠶᠤ ᠦᠷᠬᠦᠯᠵᠢᠯᠡᠨ ᠲᠤᠭᠳᠠᠵᠤ ᠲᠡᠶᠢᠯᠬᠦ ᠦᠬᠡᠢ ᠪᠤᠯ ᠵᠦᠪᠳᠡᠯᠴᠡᠬᠦ ᠪᠠᠷ ᠲᠠᠮᠵᠢᠨ ᠪᠢᠴᠢᠭ ᠢᠶᠠᠷ ᠬᠦᠳᠡᠯᠮᠦᠷᠢ ᠶᠢᠨ ᠬᠡᠷ᠎ᠡ ᠲᠤᠭᠳᠠᠬᠤ ᠴᠠᠭ ᠢᠶᠠᠨ ᠵᠦᠢ ᠵᠤᠬᠢᠰᠳᠠᠢ ᠤᠷᠳᠤᠳᠬᠠᠵᠤ ᠪᠤᠯᠤᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠶᠠᠮᠤᠨ ᠤ ᠠᠯᠪᠠᠨ ᠲᠢᠩᠭᠢᠮ ᠤᠨ ᠨᠡᠶᠢᠳᠡᠯᠡᠭᠰᠡᠨ ︽ᠡᠯᠧᠺᠲᠷᠤᠨ ᠬᠦᠳᠡᠯᠮᠦᠷᠢ ᠶᠢᠨ ᠬᠡᠷ᠎ᠡ ᠲᠤᠭᠳᠠᠬᠤ ᠵᠢᠯᠤᠭᠤᠳᠤᠮᠵᠢ︾ ︵ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠭᠢᠮ ᠲᠠᠷᠬᠠᠭᠠᠭᠰᠠᠨ ︹2021︺54 ᠳ᠋ᠤᠬᠡᠷ ᠲᠤᠭᠠᠳᠤ︶ ᠪᠠᠷ ᠯᠠᠪᠯᠠᠯᠳᠠ ᠪᠤᠯᠭᠠᠵᠤ᠂ ᠬᠦᠳᠡᠯᠮᠦᠷᠢᠯᠡᠭᠴᠢ ᠲᠠᠢ ᠵᠦᠪᠳᠡᠯᠴᠡᠨ ᠰᠠᠨᠠᠯ ᠨᠢᠬᠡᠳᠴᠦ ᠡᠯᠧᠺᠲᠷᠤᠨ ᠬᠦᠳᠡᠯᠮᠦᠷᠢ ᠶᠢᠨ ᠬᠡᠷ᠎ᠡ ᠲᠤᠭᠳᠠᠭᠰᠠᠨ ᠴᠤ ᠪᠤᠯᠤᠨ᠎ᠠ᠃         7᠂ ᠠᠵᠢᠯ ᠢᠶᠠᠨ ᠰᠡᠷᠬᠦᠬᠡᠭᠰᠡᠨ ᠤ ᠲᠠᠷᠠᠭ᠎ᠠ ᠠᠵᠢᠯ ᠤᠨ ᠪᠠᠶᠢᠷᠢ ᠳᠠᠭᠠᠨ ᠪᠤᠴᠠᠬᠤ ᠲᠤᠷ᠎ᠠ ᠦᠬᠡᠢ ᠠᠵᠢᠯᠳᠠᠨ ᠠᠵᠢᠯᠴᠢᠨ ᠢ ᠬᠡᠷᠬᠢᠨ ᠰᠶᠢᠳᠪᠦᠷᠢᠯᠡᠬᠦ ᠪᠤᠢ︖        ᠬᠠᠷᠢᠭᠤᠯᠳᠠ᠄ ᠲᠤᠭᠳᠠᠭᠠᠯ ᠳᠤ ᠨᠡᠶᠢᠴᠡᠭᠰᠡᠨ ᠠᠵᠢᠯ ᠰᠡᠷᠬᠦᠬᠡᠭᠰᠡᠨ ᠠᠵᠤ ᠠᠬᠤᠶᠢᠯᠠᠯ ᠨᠢ ᠴᠢᠬᠤᠯᠠ ᠪᠦᠬᠦᠢ ᠬᠢᠵᠢᠭ ᠢ ᠰᠡᠷᠬᠡᠶᠢᠯᠡᠬᠦ ᠠᠷᠭ᠎ᠠ ᠬᠡᠮᠵᠢᠶ᠎ᠡ ᠪᠠ ᠬᠦᠳᠡᠯᠮᠦᠷᠢ ᠶᠢᠨ ᠬᠠᠮᠠᠭᠠᠯᠠᠯᠳᠠ ᠬᠠᠨᠭ᠍ᠭᠠᠭᠰᠠᠨ ᠤᠷᠢᠳᠠᠯ ᠲᠤᠤᠷ᠎ᠠ᠂ ᠠᠵᠢᠯ ᠢᠶᠠᠨ ᠰᠡᠷᠬᠦᠬᠡᠬᠦ ᠨᠦᠬᠦᠴᠡᠯ ᠢ ᠪᠦᠷᠢᠯᠳᠦᠭᠦᠯᠦᠭᠰᠡᠨ ᠠᠵᠢᠯᠳᠠᠨ ᠠᠵᠢᠯᠴᠢᠨ ᠢ ᠠᠵᠢᠯ ᠢᠶᠠᠨ ᠰᠡᠷᠬᠦᠬᠡᠬᠦ ᠪᠠᠷ ᠱᠠᠭᠠᠷᠳᠠᠪᠠᠯ᠂ ᠠᠵᠢᠯᠳᠠᠨ ᠠᠵᠢᠯᠴᠢᠨ ᠠᠵᠤ ᠠᠬᠤᠶᠢᠯᠠᠯ ᠤᠨ ᠠᠵᠢᠯ ᠤᠨ ᠲᠤᠬᠢᠷᠠᠭᠤᠯᠤᠯᠳᠠ ᠶᠢ ᠲᠠᠭᠠᠬᠤ ᠬᠡᠷᠡᠭᠳᠡᠢ᠃ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠬᠦᠬᠡᠬᠦ ᠲᠤᠷ᠎ᠠ ᠦᠬᠡᠢ ᠠᠵᠢᠯᠳᠠᠨ ᠠᠵᠢᠯᠴᠢᠨ ᠢ ᠠᠵᠤ ᠠᠬᠤᠶᠢᠯᠠᠯ ᠨᠢ ᠰᠠᠨᠠᠭᠠᠴᠢᠯᠠᠭ᠎ᠠ ᠠᠴᠠ ᠪᠠᠨ ᠢᠳᠬᠠᠵᠤ ᠪᠠᠶᠢᠭᠠᠳ ᠴᠠᠭ ᠲᠤᠬᠠᠢ ᠳᠤᠨᠢ ᠠᠵᠢᠯ ᠤᠨ ᠪᠠᠶᠢᠷᠢ ᠳᠤᠨᠢ ᠪᠤᠴᠠᠭᠠᠬᠤ ᠬᠡᠷᠡᠭᠳᠡᠢ᠃ ᠢᠳᠬᠠᠭᠠᠳ ᠲᠤᠰᠠ ᠭᠠᠷᠬᠤ ᠦᠬᠡᠢ ᠪᠤᠶᠤ ᠪᠤᠰᠤᠳ ᠵᠦᠢ ᠪᠤᠰᠤ ᠰᠢᠯᠳᠠᠭᠠᠨ ᠢᠶᠠᠷ ᠠᠵᠢᠯ ᠤᠨ ᠪᠠᠶᠢᠷᠢ ᠳᠠᠭᠠᠨ ᠪᠤᠴᠠᠬᠤ ᠶᠢ ᠲᠡᠪᠴᠢᠭᠰᠡᠨ ᠪᠠᠶᠢᠪᠠᠯ᠂ ᠠᠵᠤ ᠠᠬᠤᠶᠢᠯᠠᠯ ᠨᠢ ︽ᠬᠦᠳᠡᠯᠮᠦᠷᠢ ᠶᠢᠨ ᠬᠡᠷ᠎ᠡ ᠶᠢᠨ ᠬᠠᠤᠯᠢ︾ ᠶᠢᠨ ᠭᠤᠴᠢᠨ ᠵᠢᠷᠭᠤᠳᠤᠭᠠᠷ ᠵᠦᠢᠯ ᠤᠨ ᠲᠤᠭᠳᠠᠭᠠᠯ ᠶᠤᠰᠤᠭᠠᠷ ᠠᠵᠢᠯᠳᠠᠨ ᠠᠵᠢᠯᠴᠢᠨ ᠲᠠᠢ ᠵᠦᠪᠳᠡᠯᠴᠡᠨ ᠬᠦᠳᠡᠯᠮᠦᠷᠢ ᠶᠢᠨ ᠬᠡᠷ᠎ᠡ ᠶᠢ ᠬᠦᠴᠦᠨ ᠦᠬᠡᠢ ᠪᠤᠯᠭᠠᠵᠤ ᠪᠤᠯᠤᠨ᠎ᠠ᠃ ︽ᠬᠦᠳᠡᠯᠮᠦᠷᠢ ᠶᠢᠨ ᠬᠡᠷ᠎ᠡ ᠶᠢᠨ ᠬᠠᠤᠯᠢ︾ ᠶᠢᠨ ᠭᠤᠴᠢ ᠵᠢᠦᠳᠦᠬᠡᠷ ᠵᠦᠢᠯ ᠤᠨ ︵ᠬᠤᠶᠠᠷ︶ ᠳ᠋ᠤᠭᠠᠷ ᠵᠤᠷᠪᠤᠰ ᠤᠨ ᠲᠤᠭᠳᠠᠭᠠᠯ ᠶᠤᠰᠤᠭᠠᠷ ᠬᠦᠳᠡᠯᠮᠦᠷᠢ ᠶᠢᠨ ᠬᠡᠷ᠎ᠡ ᠶᠢ ᠤᠷᠢᠳᠴᠢᠯᠠᠨ ᠬᠦᠴᠦᠨ ᠦᠬᠡᠢ ᠪᠤᠯᠭᠠᠭᠰᠠᠨ ᠴᠤ ᠪᠤᠯᠤᠨ᠎ᠠ᠃                
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ