| ᠰᠢ ᠶᠢᠨ ᠫᠢᠩ ᠴᠢᠬᠤᠯᠠᠴᠢᠯᠠᠬᠤ ᠳᠠᠭᠠᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ | ᠲᠦᠮᠡᠨ ᠳᠤ ᠨᠠᠩ ᠪᠦᠷᠢᠨ ᠲᠡᠭᠦᠯᠳᠡᠷ᠂ ᠨᠠᠩ ᠡᠯᠪᠡᠭ ᠪᠠᠶᠠᠯᠢᠭ᠂ ᠨᠠᠩ ᠴᠢᠨᠠᠷ ᠰᠠᠶᠢᠲᠠᠶ ᠣᠶᠤᠨ ᠤ ᠰᠣᠶᠣᠯ ᠤᠨ ᠠᠮᠢᠳᠤᠷᠠᠯ ᠢ ᠡᠳ᠋ᠯᠡᠭᠦᠯᠬᠦ ᠬᠡᠷᠡᠭᠲᠡᠶ ᠭᠡᠵᠡᠶ᠃ | ᠰᠣᠶᠣᠯ ᠤᠨ ᠦᠢᠯᠡᠰ ᠢ ᠬᠥᠭᠵᠢᠭᠦᠯᠬᠦ ᠪᠣᠯ ᠠᠷᠠᠳ ᠤᠯᠠᠨ ᠤ ᠤᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠷᠠᠳ ᠤᠯᠠᠨ ᠤ ᠰᠣᠶᠣᠯ ᠤᠨ ᠡᠷᠬᠡ | ᠠᠰᠢᠭ ᠢ ᠪᠠᠲᠤᠯᠠᠬᠤ ᠦᠨᠳᠦᠰᠦᠨ ᠠᠷᠭ᠎ᠠ ᠵᠠᠮ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠰᠣᠶᠣᠯ ᠤᠨ ᠦᠢᠯᠡᠰ ᠯᠤᠳᠤ ᠶᠡᠭᠡ ᠠᠮᠵᠢᠯᠲᠠ ᠣᠯᠵᠤ ᠲᠡᠦᠬᠡᠲᠦ ᠴᠢᠨᠠᠷᠲᠠᠢ | ᠬᠤᠪᠢᠰᠤᠯᠲᠠ ᠭᠠᠷᠴᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠬᠥᠭᠵᠢᠭᠦᠯᠬᠦ᠂ ᠨᠠᠮ ᠪᠣᠯᠤᠨ ᠤᠯᠤᠰ ᠤᠨ ᠦᠳᠳᠡᠷ | ᠲᠦᠷᠬᠡᠨ ᠬᠦᠭᠵᠢᠭᠦ ᠳᠤ ᠬᠦᠴᠦᠷᠬᠡᠭ ᠶᠡᠭᠡ ᠢᠳᠡᠪᠬᠢ ᠬᠦᠴᠦᠨ ᠬᠠᠩᠭᠠᠵᠠᠢ᠃ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠠᠷᠪᠠᠨ ᠳᠥᠷᠪᠡᠳᠦᠭᠡᠷ ᠲᠠᠪᠤᠨ | ᠵᠢᠯ ᠤᠨ ᠰᠣᠶᠣᠯ ᠤᠨ ᠬᠥᠭᠵᠢᠯᠲᠡ ᠶᠢᠨ ᠲᠦᠯᠦᠪᠵᠢᠭᠦᠯᠭᠡ︾ ︵ᠳᠣᠷᠣᠭᠰᠢ ︽ ᠲᠦᠯᠦᠪᠵᠢᠭᠦᠯᠭᠡ︾ ᠭᠡᠵᠦ ᠲᠣᠪᠴᠢᠯᠠᠨ᠎ᠠ︶ ᠨᠢ ᠠᠷᠪᠠᠨ ᠳᠥᠷᠪᠡᠳᠦᠭᠡᠷ ᠲᠠᠪᠤᠨ | ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠰᠣᠶᠣᠯ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠠᠷᠠᠯᠲᠠ ᠡᠭᠦᠷᠭᠡ᠂ ᠴᠢᠬᠤᠯᠠ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠪᠠ ᠴᠢᠬᠤᠯᠠ ᠶᠡᠭᠡ ᠢᠨᠵᠧᠨᠧᠷᠢᠩ ᠤᠨ ᠵᠦᠢᠯᠡᠰ ᠢ ᠰᠢᠰᠲ᠋ᠧᠮ ᠲᠠᠢ ᠪᠠᠷ ᠲᠦᠯᠦᠪᠯᠡᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠦᠵᠡᠯ ᠰᠠᠨᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠳᠡᠮᠵᠢᠯᠭᠡ᠂ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠠ | ᠰᠣᠶᠣᠯ ᠤᠨ ᠨᠥᠬᠦᠴᠡᠯ ᠢ ᠬᠠᠩᠭᠠᠪᠠ᠃ | ᠠᠷᠠᠳ ᠲᠦᠮᠡᠨ ᠤ ᠰᠣᠶᠣᠯ ᠤᠨ ᠡᠷᠬᠡ ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠪᠣᠯ ᠮᠠᠨ ᠤ ᠤᠯᠤᠰ ᠤᠨ | ᠰᠣᠶᠣᠯ ᠤᠨ ᠬᠥᠭᠵᠢᠯᠲᠡ ᠶᠢ ᠠᠬᠢᠭᠤᠯᠬᠤ ᠶᠢᠨ ᠡᠬᠢᠯᠠᠯᠲᠠ ᠪᠠ ᠬᠠᠷᠠᠯᠲᠠ ᠮᠥᠨ᠃ ︽ᠲᠦᠯᠦᠪᠵᠢᠭᠦᠯᠭᠡ︾ ᠳᠤ ︽ᠠᠷᠠᠳ ᠲᠦᠮᠡᠨ ᠢ ᠳᠡᠭᠡᠳᠦᠯᠡᠬᠦ ᠶᠢ | ᠪᠠᠷᠢᠮᠲᠠᠯᠠᠬᠤ ᠬᠡᠷᠡᠭᠲᠡᠶ︾᠂ ︽ᠰᠣᠶᠣᠯ ᠢ ᠠᠷᠠᠳ ᠲᠦᠮᠡᠨ ᠤ ᠲᠦᠯᠦᠭᠡ ᠬᠥᠭᠵᠢᠭᠦᠯᠵᠤ᠂ ᠠᠷᠠᠳ ᠲᠦᠮᠡᠨ ᠢᠶᠠᠷ ᠦᠨᠳᠦᠰᠦ ᠪᠤᠯᠭᠠᠨ ᠬᠦᠭᠵᠢᠭᠦᠯᠤᠨ᠂ ᠦᠷ᠎ᠡ | ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠬᠡᠷᠡᠭᠲᠡᠶ︾ ᠭᠡᠵᠦ ᠲᠣᠳᠣᠷᠬᠠᠶ ᠱᠠᠭᠠᠷᠳᠠᠭᠰᠠᠨ ᠪᠠᠶᠢᠨ᠎ᠠ᠃ ︽ ᠲᠦᠯᠦᠪᠵᠢᠭᠦᠯᠭᠡ︾ ᠨᠢ ︽ᠠᠷᠠᠳ | ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠪᠠ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠵᠢᠴᠢ ᠪᠡᠶ᠎ᠡ ᠰᠡᠳᠭᠢᠯ ᠤᠨ ᠡᠷᠡᠭᠦᠯ ᠮᠡᠨᠳᠦ ᠶᠢᠨ | ᠬᠡᠪ ᠴᠢᠨᠠᠷ ᠢ ᠢᠯᠡᠳᠲᠡ ᠳᠡᠭᠡᠭᠰᠢᠯᠡᠭᠦᠯᠬᠦ︾᠂ ︽ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠬᠤ︾ | ᠵᠡᠷᠭᠡ ᠪᠠᠷ ᠬᠠᠷᠠᠯᠲᠠ ᠡᠭᠦᠷᠭᠡ ᠪᠠᠨ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠪᠡ᠃ | ᠤᠢᠢᠷ᠎ᠠ ᠶᠢᠨ ᠵᠢᠯ ᠠᠴᠠ ︽ᠤᠯᠤᠰ ᠤᠨ ᠡᠷᠳᠡᠨᠢᠰ ᠤᠨ ᠰᠠᠩ︾᠂ ︽ᠲᠠᠩ ᠤᠯᠤᠰ ᠤᠨ ᠣᠷᠳᠣᠨ ᠤ ᠰᠥᠨᠢ ᠶᠢᠨ ᠳᠠᠶᠢᠯᠠᠯᠭ᠎ᠠ︾ ᠵᠡᠷᠭᠡ ᠰᠤᠶᠤᠯ ᠤᠨ ᠵᠤᠬᠢᠶᠠᠨ | ᠪᠦᠲᠦᠭᠡᠯᠭᠡ᠂ ᠡᠯ᠎ᠡ ᠵᠦᠢᠯ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠭᠦᠨ ᠵᠡᠷᠭᠡ ᠠᠯᠢ ᠤᠯᠠᠨ ᠰᠢᠯᠢᠳᠡᠭ ᠰᠣᠶᠣᠯ ᠤᠨ ᠬᠠᠩᠭᠠᠯᠭ᠎ᠠ ᠨᠢ ᠬᠥᠮᠦᠰ ᠤᠨ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠳᠡ ᠶᠢ ᠴᠡᠴᠡᠭᠯᠡᠭᠦᠯᠤᠨ ᠬᠥᠭᠵᠢᠭᠦᠯᠵᠦ᠂ ᠨᠡᠩ ᠰᠢᠯᠢᠳᠡᠭ ᠤᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡ ᠶᠢ ᠴᠢᠷᠮᠠᠶᠢᠨ ᠬᠠᠩᠭᠠᠪᠠᠯ | ᠰᠠᠶ᠋ᠢ ᠠᠷᠠᠳ ᠤᠯᠠᠨ ᠳᠤ ᠨᠡᠩ ᠲᠡᠭᠦᠯᠳᠡᠷ᠂ ᠨᠡᠩ ᠪᠠᠶᠠᠯᠢᠭ᠂ ᠨᠡᠩ ᠴᠢᠨᠠᠷ ᠰᠠᠶᠢᠲᠠᠶ ᠤᠶᠤᠨ ᠤ ᠰᠣᠶᠣᠯ ᠤᠨ ᠠᠮᠢᠳᠤᠷᠠᠯ ᠢ ᠡᠳ᠋ᠯᠡᠭᠦᠯᠵᠦ ᠴᠢᠳᠠᠨ᠎ᠠ ᠭᠡᠳᠡᠭ ᠢ | ᠦᠢᠯᠡᠳᠦᠯᠭᠡ ᠭᠡᠷᠡᠴᠢᠯᠡᠵᠡᠶ᠃ | ᠰᠣᠶᠣᠯ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢ ᠦᠨᠳᠦᠰᠦᠨ ᠠᠴᠠ ᠨᠢ ᠠᠪᠴᠤ | ᠬᠡᠯᠡᠪᠡᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠬᠠᠩᠭᠠᠵᠤ᠂ ᠠᠷᠠᠳ | ᠲᠦᠮᠡᠨ ᠤ ᠤᠶᠤᠨ ᠤ ᠶᠢᠷᠳᠢᠨᠴᠤ ᠶᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠷᠠᠳ ᠲᠦᠮᠡᠨ ᠤ ᠤᠶᠤᠨ ᠤ ᠬᠦᠴᠦᠨ ᠢ ᠨᠡᠮᠡᠭᠳᠡᠭᠦᠯᠬᠦ ᠶᠢᠨ ᠲᠦᠯᠦᠭᠡ ᠶᠤᠮ᠃ | ᠣᠳᠣᠬᠠᠨ ᠳᠤ ᠮᠠᠨ ᠤ ᠤᠯᠤᠰ ᠤᠨ ᠰᠣᠶᠣᠯ ᠤᠨ ᠬᠡᠷᠡᠭᠴᠡᠭᠡ ᠪᠠ ᠬᠠᠩᠭᠠᠯᠭ᠎ᠠ ᠶᠢᠨ ᠬᠤᠭᠤᠷᠣᠨᠳᠣ ᠪᠠᠰᠠ ᠪᠦᠲᠦᠴᠡ ᠶᠢᠨ ᠴᠢᠨᠠᠷᠲᠠᠶ ᠵᠥᠷᠢᠴᠡᠯ ᠣᠷᠣᠰᠢᠵᠤ᠂ ︽ | ᠳᠤᠲᠠᠭᠳᠠᠬᠤ ᠡᠰᠡᠬᠦ᠂ ᠬᠦᠷᠦᠯᠴᠡᠬᠦ ᠡᠰᠡᠬᠦ︾ ᠠᠰᠠᠭᠤᠳᠠᠯ ᠶᠡᠷᠦᠩᠬᠡᠶ ᠳᠡᠭᠡᠨ ᠰᠢᠢᠳᠪᠤᠷᠢᠯᠡᠭᠳᠡᠵᠤ᠂ ︽ᠰᠠᠶᠢᠨ ᠡᠰᠡᠬᠦ᠂ ᠴᠢᠨᠠᠷᠯᠢᠭ ᠡᠰᠡᠬᠦ︾ ᠠᠰᠠᠭᠤᠳᠠᠯ | ᠤᠯᠠᠮ ᠠᠴᠠ ᠤᠯᠠᠮ ᠲᠤᠪᠤᠶᠢᠮ᠎ᠡ ᠪᠤᠯᠵᠤ ᠪᠠᠶᠢᠨ᠎ᠠ᠃ ᠡᠨᠡ ᠨᠢ ᠰᠣᠶᠣᠯ ᠤᠨ ᠠᠵᠢᠯ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠯᠲᠡ ᠬᠥᠭᠵᠢᠯᠲᠡ ᠳᠤ | ᠰᠢᠨ᠎ᠡ ᠱᠠᠭᠠᠷᠳᠠᠯᠭ᠎ᠠ ᠳᠤᠷᠠᠳᠤᠭᠰᠠᠨ ᠪᠥᠭᠡᠳ ᠪᠠᠰᠠ ᠰᠢᠨ᠎ᠡ ᠣᠷᠣᠨ ᠵᠠᠶ ᠶᠢ ᠪᠤᠢ ᠪᠣᠯᠭᠠᠭᠰᠠᠨ ᠪᠠᠶᠢᠨ᠎ᠠ᠃ ︽ᠲᠦᠯᠦᠪᠵᠢᠭᠦᠯᠭᠡ︾ ᠨᠢ ᠤᠳᠬ᠎ᠠ ᠤᠷᠠᠯᠢᠭ ᠤᠨ | ᠵᠣᠬᠢᠶᠠᠨ ᠪᠦᠲᠦᠭᠡᠯᠳᠡ ᠶᠢ ᠠᠬᠢᠭᠤᠯᠬᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠦᠷᠬᠦᠴᠡ ᠶᠢᠨ ᠬᠡᠮᠵᠢᠶ᠎ᠡ ᠪᠠ ᠦᠷ᠎ᠡ ᠪᠦᠳᠦᠮᠵᠢᠳᠤ ᠴᠢᠨᠠᠷ ᠢ | ᠳᠡᠭᠡᠭᠰᠢᠯᠡᠭᠦᠯᠬᠦ᠂ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠵᠦ᠂ | ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠶᠠᠰᠤ ᠴᠢᠨᠠᠷ ᠤᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢ | ᠨᠡᠮᠡᠭᠳᠡᠭᠦᠯᠬᠦ ᠳᠤ ᠲᠤᠰᠠᠲᠠᠢ ᠶᠤᠮ᠃ | ᠠᠷᠠᠳ ᠲᠦᠮᠡᠨ ᠤ ᠰᠣᠶᠣᠯ ᠤᠨ ᠡᠷᠬᠡ ᠠᠰᠢᠭ ᠢ ᠦᠨᠡᠨ ᠬᠦ ᠪᠠᠲᠤᠯᠠᠭ᠎ᠠ ᠲᠠᠢ ᠪᠣᠯᠭᠠᠬᠤ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠦᠯᠦᠪᠯᠡᠨ ᠠᠬᠢᠭᠤᠯᠬᠤ ᠴᠢᠬᠤᠯᠠᠲᠠᠶ ᠶᠤᠮ᠃ ᠲᠤᠭᠠᠵᠢᠭᠤᠯᠤᠬᠰᠠᠨ ᠮᠡᠷᠭᠡᠵᠢᠯ ᠵᠡᠷᠭᠡ ᠠᠷᠭ᠎ᠠ ᠪᠠᠷᠢᠯ ᠳᠤ ᠲᠦᠰᠢᠭᠯᠡᠨ | ᠂ ᠮᠠᠨ ᠤ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠲᠦᠷᠭᠡᠨ ᠲᠠᠪᠰᠢᠯᠳᠠ ᠲᠠᠢ ᠪᠣᠯᠤᠭᠰᠠᠨ ᠪᠣᠯᠪᠠᠴᠤ ᠪᠦᠷᠬᠦᠴᠡ ᠶᠢᠨ ᠶᠠᠰᠤ ᠴᠢᠨᠠᠷ ᠨᠢ | ᠥᠨᠳᠥᠷ ᠪᠢᠰᠢ᠂ ᠦᠢᠯᠡᠴᠢᠯᠡᠭᠡᠨ ᠤ ᠦᠢᠯᠡᠳᠦᠯ ᠴᠢᠳᠠᠪᠬᠢ ᠨᠢ ᠬᠦᠷᠦᠯᠴᠡᠬᠦ ᠦᠭᠡᠢ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠬᠠᠨᠭ᠍ᠭᠠᠯᠭ᠎ᠠ ᠲᠡᠩᠴᠡᠭᠦᠷᠢ | ᠦᠭᠡᠢ ᠪᠠᠶᠢᠬᠤ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ︽ᠲᠦᠯᠦᠪᠵᠢᠭᠦᠯᠭᠡ︾ ᠳᠤ ᠨᠠᠰᠤᠲᠠᠶᠢᠴᠤᠳ᠂ ᠬᠤᠲᠠ ᠣᠷᠣᠵᠤ ᠬᠦᠯᠦᠰᠤᠨ ᠠᠵᠢᠯ | ᠬᠢᠭᠰᠡᠳ᠂ ᠬᠥᠳᠡᠭᠡ ᠲᠣᠰᠬᠤᠨ ᠳᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠪᠤᠯᠤᠨ ᠬᠡᠦᠬᠡᠳ᠂ ᠵᠡᠮᠳᠡᠭᠴᠦᠳ ᠤᠨ ᠣᠯᠠᠨ ᠨᠡᠶᠢᠲᠡ ᠶᠢᠨ ᠰᠣᠶᠣᠯ ᠤᠨ | ᠬᠠᠩᠭᠠᠯᠭ᠎ᠠ ᠶᠢ ᠪᠠᠶᠠᠯᠢᠭᠵᠢᠭᠤᠯᠬᠤ᠂ ᠦᠨᠳᠦᠰᠦᠨ ᠱᠠᠳᠤ ᠢᠯᠠᠩᠭᠤᠶ᠎ᠠ ᠬᠥᠳᠡᠭᠡ ᠲᠣᠰᠬᠤᠨ ᠳᠤ ᠦᠢᠯᠡᠴᠢᠯᠡᠬᠦ ᠪᠠ ᠣᠷᠣᠨ ᠪᠦᠰᠡ ᠶᠢᠨ ᠰᠣᠶᠣᠯ ᠤᠨ ᠬᠠᠮᠵᠢᠯᠴᠠᠨ | ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠳᠤᠷᠠᠳᠤᠨ ᠭᠠᠷᠭᠠᠵᠤ᠂ ᠬᠤᠳᠠ ᠬᠥᠳᠡᠭᠡ ᠣᠷᠣᠨ ᠪᠦᠰᠡ ᠶᠢᠨ ᠰᠣᠶᠣᠯ ᠤᠨ ᠵᠣᠬᠢᠴᠠᠩᠭᠤᠶ ᠬᠥᠭᠵᠢᠯᠲᠡ ᠶᠢ | ᠠᠬᠢᠭᠤᠯᠬᠤ ᠶᠢ ᠴᠢᠬᠤᠯᠠᠴᠢᠯᠠᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠢᠭᠡ ᠴᠤᠭᠴᠠᠵᠢᠭᠤᠯᠤᠨ | ᠪᠠᠶᠢᠭᠤᠯᠬᠤ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠪᠠ ᠪᠣᠳᠠᠲᠤ ᠪᠦᠲᠦᠮᠵᠢᠲᠦ | ᠴᠢᠨᠠᠷ ᠢ ᠬᠦᠴᠦᠯᠡᠨ ᠳᠡᠭᠡᠭᠰᠢᠯᠡᠭᠦᠯᠤᠨ᠎ᠡ ᠬᠡᠵᠡᠢ᠃ ᠰᠣᠶᠣᠯ ᠪᠣᠯ ᠤᠯᠤᠰ ᠪᠠ ᠦᠨᠳᠦᠰᠦᠲᠡᠨ ᠤ ᠰᠦᠭ ᠰᠦᠨᠡᠰᠦ ᠮᠥᠨ᠂ ᠪᠠᠰᠠ ᠴᠤ ᠤᠯᠤᠰ ᠢ ᠵᠠᠰᠠᠬᠤ ᠶᠢᠨ | ᠰᠦᠭ ᠰᠦᠨᠡᠰᠦ ᠮᠥᠨ᠃ | ᠰᠤᠶᠤᠯ ᠤᠨ ᠬᠦᠭᠵᠢᠯᠲᠡ ᠶᠢᠨ ᠬᠠᠮᠢᠶ᠎ᠠ ᠪᠦᠬᠦᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠡᠶᠡᠴᠢ ᠴᠣᠭᠴᠠ ᠶᠢ ︽ | ᠲᠦᠯᠦᠪᠵᠢᠭᠦᠯᠭᠡ︾ ᠶᠢᠨ ᠬᠡᠷᠡᠭᠵᠢᠭᠦᠯᠤᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠢ ᠬᠥᠭᠵᠢᠭᠡᠪᠡᠯ ᠠᠷᠠᠳ | ᠤᠯᠠᠨ ᠤ ᠰᠣᠶᠣᠯ ᠤᠨ ᠵᠤᠯ ᠵᠢᠷᠭᠠᠯ ᠤᠨ ᠬᠦᠷᠲᠡᠭᠡᠮᠵᠢ ᠶᠢ ᠲᠠᠰᠤᠷᠠᠯᠳᠠ ᠦᠭᠡᠢ ᠨᠡᠮᠡᠭᠳᠡᠭᠦᠯᠵᠦ ᠴᠢᠳᠠᠬᠤ ᠪᠦᠭᠡᠳ ᠨᠠᠮ ᠪᠠ ᠤᠯᠤᠰ ᠣᠷᠣᠨ ᠤ ᠡᠯ᠎ᠡ ᠵᠦᠢᠯ ᠤᠨ | ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠷᠳᠡᠭ ᠤᠨ ᠬᠦᠳᠦᠯᠤᠨ ᠳᠠᠭᠠᠭᠤᠯᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ ᠪᠠ ᠤᠶᠤᠨ | ᠰᠠᠨᠠᠭᠠᠨ ᠤ ᠲᠦᠯᠬᠢᠴᠡ ᠬᠦᠴᠦᠨ ᠢ ᠬᠠᠩᠭᠠᠵᠤ ᠴᠢᠳᠠᠬᠤ ᠶᠤᠮ᠃ | | | |