ᠠᠶᠠᠯᠠᠯ ᠵᠢᠭᠤᠯᠴᠢᠯᠡᠯ ᠤᠨ ᠳᠤᠷᠠᠰᠬᠠᠯ ᠤᠨ ᠪᠤᠳᠠᠰ ᠤᠨ ᠰᠢᠨ᠎ᠠ ᠶᠢ ᠡᠬᠦᠳᠬᠦ ᠶᠢ ᠡᠷᠬᠢᠮᠯᠡᠶ᠎ᠠ
ᠨᠡᠶᠢᠲᠡᠯᠡᠭᠰᠡᠨ ᠴᠠᠭ᠄
2022/11/15
      ᠠᠶᠠᠯᠠᠯ ᠵᠢᠭᠤᠯᠴᠢᠯᠡᠯ ᠤᠨ ᠳᠤᠷᠠᠰᠬᠠᠯ ᠤᠨ ᠪᠤᠳᠠᠰ ᠨᠢ ᠵᠤᠭᠠᠴᠠᠯ ᠤᠨ ᠦᠢᠯᠡᠰ ᠤᠨ ᠨᠢᠭᠡᠨ ᠦᠨᠳᠤᠷ ᠨᠡᠮᠡᠯᠳᠡ ᠦᠷᠳᠡᠭᠳᠤ ᠠᠵᠦ ᠦᠢᠯᠡᠰ ᠪᠤᠯᠤᠭᠰᠠᠨ ᠤ ᠬᠤᠪᠢ ᠳᠤ᠂ ᠶᠠᠪᠤᠬᠤ ᠳᠤᠰᠤᠮ ᠢᠶᠠᠨ ᠤᠯᠠᠨ ᠭᠠᠵᠠᠷ ᠤᠷᠤᠨ ᠤ ᠬᠢᠨ ᠳᠤ ᠴᠢᠬᠤᠯᠠᠴᠢᠯᠠᠭᠳᠠᠬᠤ ᠪᠤᠯᠪᠠ᠃ ᠠᠶᠠᠯᠠᠯ ᠵᠢᠭᠤᠯᠴᠢᠯᠡᠯ ᠤᠨ ᠳᠤᠷᠠᠰᠬᠠᠯ ᠤᠨ ᠪᠤᠳᠠᠰ ᠢ ᠨᠡᠭᠡᠭᠡᠨ ᠬᠦᠭᠵᠢᠬᠦᠯᠬᠦ ᠨᠢ ᠵᠤᠭᠠᠴᠠᠯ ᠤᠨ ᠭᠠᠵᠠᠷ ᠤᠷᠤᠨ ᠤ ᠨᠡᠷ᠎ᠠ ᠠᠯᠳᠠᠷᠰᠢᠯ ᠢ ᠳᠡᠭᠡᠭᠰᠢᠯᠡᠬᠦᠯᠬᠦ ᠳᠡᠳᠤᠢ ᠦᠭᠡᠢ᠂ ᠳᠤᠬᠠᠢ ᠶᠢᠨ ᠭᠠᠵᠠᠷ ᠤᠷᠤᠨ ᠤ ᠠᠵᠦ ᠠᠬᠤᠢ ᠶᠢᠨ ᠬᠦᠭᠵᠢᠯᠳᠡ ᠶᠢ ᠠᠬᠢᠭᠤᠯᠵᠦ᠂ ᠠᠷᠠᠳ ᠤᠨ ᠠᠮᠢᠳᠤᠷᠠᠯ ᠢ ᠳᠡᠭᠡᠭᠰᠢᠯᠡᠬᠦᠯᠵᠦ ᠴᠢᠳᠠᠨ᠎ᠠ᠃ ᠳᠠᠯ᠎ᠠ ᠨᠤᠳᠤᠭ᠂ ᠤᠢ ᠳᠠᠶᠢᠭ᠎ᠠ᠂ ᠨᠠᠭᠤᠷ ᠪᠦᠷᠢᠳᠤ᠂ ᠡᠯᠡᠰᠤ ᠮᠠᠩᠬ᠎ᠠ ᠵᠡᠷᠭᠡ ᠭᠤᠶᠢᠳᠠ ᠰᠠᠶᠢᠬᠠᠨ ᠪᠠᠶᠢᠭᠠᠯᠢ ᠶᠢᠨ ᠦᠵᠡᠮᠵᠢ ᠪᠡ ᠦᠨᠢ ᠤᠳᠠᠭᠠᠨ ᠳᠡᠤᠬᠡ ᠰᠤᠶᠤᠯ ᠵᠢᠴᠢ ᠬᠦᠨ ᠵᠤᠵᠠᠭᠠᠨ ᠰᠤᠶᠤᠯ ᠢᠷᠭᠡᠨᠰᠢᠯ ᠢᠶᠠᠷ ᠢᠶᠠᠨ ᠮᠠᠨ ᠤ ᠤᠷᠤᠨ ᠤᠯᠤᠰ ᠤᠨ ᠳᠤᠳᠤᠭᠠᠳᠤ ᠭᠠᠳᠠᠭᠠᠳᠤ ᠶᠢᠨ ᠵᠤᠭᠠᠴᠠᠭᠰᠠᠳ ᠢ ᠳᠠᠳᠠᠵᠦ᠂ ᠪᠦᠬᠦ ᠤᠯᠤᠰ᠂ ᠴᠢᠨᠠᠭᠰᠢᠯᠠᠪᠠᠯ ᠳᠡᠯᠡᠬᠡᠢ ᠳ᠋ᠠᠬᠢᠨ ᠳᠤ ᠠᠯᠳᠠᠷᠰᠢᠭᠰᠠᠨ ᠪᠠᠶᠢᠳᠠᠭ᠃ ᠤᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠷᠤᠨ ᠪᠦᠬᠦ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ ᠵᠤᠭᠠᠴᠠᠯ᠂ ᠴᠢᠨᠠᠷᠯᠢᠭ ᠵᠤᠭᠠᠴᠠᠯ ᠵᠡᠷᠭᠡ ᠶᠢ ᠬᠦᠭᠵᠢᠬᠦᠯᠵᠦ᠂ ᠵᠤᠭᠠᠴᠠᠯ ᠤᠨ ᠠᠵᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠭᠰᠠᠨ ᠪᠠᠶᠢᠨ᠎ᠠ᠃ ᠡᠬᠦᠨ ᠳᠤ ᠠᠶᠠᠯᠠᠯ ᠵᠢᠭᠤᠯᠴᠢᠯᠠᠯ ᠤᠨ ᠳᠤᠷᠠᠰᠬᠠᠯ ᠤᠨ ᠪᠤᠳᠠᠰ ᠢ ᠨᠡᠭᠡᠭᠡᠨ ᠬᠦᠭᠵᠢᠬᠦᠯᠬᠦ ᠠᠵᠦ ᠦᠢᠯᠡᠰ ᠨᠢ ᠵᠤᠬᠢᠬᠤ ᠬᠤᠪᠢ ᠶᠢᠨ ᠵᠢᠩ ᠢ ᠡᠳ᠋ᠯᠡᠵᠦ᠂ ᠪᠦᠬᠦᠢ ᠯᠡ ᠵᠤᠭᠠᠴᠠᠯ ᠤᠨ ᠤᠷᠤᠯᠭ᠎ᠠ ᠶᠢᠨ ᠴᠢᠬᠤᠯᠠ ᠢᠷᠡᠯᠳᠡ ᠶᠢᠨ ᠨᠢᠭᠡ ᠪᠤᠯᠵᠦ᠂ ᠵᠤᠭᠠᠴᠠᠯ ᠤᠨ ᠦᠢᠯᠡᠰ ᠢ ᠠᠬᠢᠭᠤᠯᠬᠤ ᠴᠢᠬᠤᠯᠠ ᠬᠦᠴᠤᠨ ᠵᠦᠢᠯ ᠪᠤᠯᠤᠭᠰᠠᠨ ᠪᠠᠶᠢᠨ᠎ᠠ᠃ ᠠᠶᠠᠯᠠᠯ ᠵᠢᠭᠤᠯᠴᠢᠯᠠᠯ ᠤᠨ ᠲᠤᠷᠠᠰᠬᠠᠯ ᠤᠨ ᠪᠤᠳᠠᠰ ᠨᠢ ᠭᠠᠵᠠᠷ ᠤᠷᠤᠨ ᠤ ᠦᠪᠡᠷᠮᠢᠴᠡ ᠤᠨᠴᠠᠯᠢᠭ ᠢ ᠪᠤᠰᠤᠳ ᠲᠤ ᠬᠠᠷᠠᠭᠤᠯᠬᠤ ᠨᠢᠭᠡᠨ ᠴᠤᠩᠬᠤᠪᠴᠢ ᠪᠤᠯᠬᠤ ᠶᠤᠮ᠃ ᠳᠡᠷᠡ ᠨᠢ ᠳᠤᠬᠠᠢ ᠶᠢᠨ ᠭᠠᠵᠠᠷ ᠤᠷᠤᠨ ᠤ ︽ᠨᠡᠷ᠎ᠠ ᠶᠢᠨ ᠬᠠᠭᠤᠳᠠᠰᠤ︾ ᠪᠤᠯᠬᠤ ᠮᠦᠷᠳᠡᠭᠡᠨ ᠠᠵᠦ ᠠᠬᠤᠢ ᠶᠢ ᠬᠦᠭᠵᠢᠬᠦᠯᠵᠦ ᠠᠷᠠᠳ ᠤᠨ ᠠᠮᠢᠳᠤᠷᠠᠯ ᠢ ᠳᠡᠭᠡᠭᠰᠢᠯᠡᠬᠦᠯᠬᠦ ᠳᠤ ᠴᠢᠬᠤᠯᠠ ᠦᠢᠯᠡᠳᠤᠯ ᠦᠵᠡᠬᠦᠯᠵᠦ ᠪᠠᠶᠢᠳᠠᠭ᠃ ᠬᠦᠮᠦᠰ ᠤᠨ ᠠᠮᠢᠳᠤᠷᠠᠯ ᠤᠨ ᠴᠢᠨᠠᠷ ᠴᠢᠨᠰᠠᠭ᠎ᠠ ᠳᠡᠭᠡᠭᠰᠢᠯᠡᠬᠦ ᠶᠢ ᠳᠠᠭᠠᠯᠳᠤᠨ᠂ ᠬᠡᠷᠡᠭᠯᠡᠭᠴᠢᠳ ᠤᠨ ᠠᠶᠠᠯᠠᠯ ᠵᠢᠭᠤᠯᠴᠢᠯᠠᠯ ᠤᠨ ᠲᠤᠷᠠᠰᠬᠠᠯ ᠤᠨ ᠪᠤᠳᠠᠰ ᠢ ᠨᠡᠭᠡᠭᠡᠨ ᠬᠦᠭᠵᠢᠬᠦᠯᠬᠦ ᠳᠤ ᠳᠠᠯᠪᠢᠬᠤ ᠱᠠᠭᠠᠷᠳᠠᠯᠭ᠎ᠠ ᠶᠠᠪᠤᠬᠤ ᠳᠤᠰᠤᠮ ᠢᠶᠠᠨ ᠦᠨᠳᠤᠷ ᠪᠤᠯᠵᠦ᠂ ᠨᠡᠩ ᠴᠢᠨᠠᠷᠯᠢᠭ ᠮᠦᠷᠳᠡᠭᠡᠨ ᠨᠡᠩ ᠤᠯᠠᠨ ᠬᠡᠯᠪᠡᠷᠢ ᠶᠠᠩᠵᠦ ᠶᠢᠨ ᠪᠠᠶᠢᠬᠤ ᠶᠢ ᠬᠦᠰᠡᠳᠡᠭ ᠪᠤᠯᠵᠠᠢ᠃ ᠵᠠᠰᠠᠯ ᠴᠢᠮᠡᠭᠯᠡᠯ ᠨᠢ ᠭᠤᠶᠤᠮᠰᠤᠭ ᠨᠠᠷᠢᠯᠢᠭ᠂ ᠬᠤᠷᠢᠶᠠᠨ ᠬᠠᠳᠠᠭᠠᠯᠠᠬᠤ ᠤᠳᠬ᠎ᠠ ᠠᠭᠤᠯᠭ᠎ᠠ ᠪᠠ ᠦᠨ᠎ᠡ ᠦᠷᠳᠡᠭ ᠲᠠᠢ ᠠᠶᠠᠯᠠᠯ ᠵᠢᠭᠤᠯᠴᠢᠯᠠᠯ ᠤᠨ ᠲᠤᠷᠠᠰᠬᠠᠯ ᠤᠨ ᠪᠤᠳᠠᠰ ᠨᠢ ᠬᠡᠷᠡᠭᠯᠡᠭᠴᠢᠳ ᠤᠨ ᠰᠠᠨᠠᠭᠠᠨ ᠳᠤ ᠨᠡᠶᠢᠴᠡᠳᠡᠭ ᠪᠠᠶᠢᠵᠠᠢ᠃ ᠤᠶᠢᠷ᠎ᠠ ᠶᠢᠨ ᠵᠢᠯ ᠤᠳ ᠲᠤ ᠮᠠᠨ ᠤ ᠤᠷᠤᠨ ᠤ ᠡᠯ᠎ᠡ ᠠᠶᠢᠮᠠᠭ ᠬᠤᠳᠠ ᠨᠢ ᠠᠶᠠᠯᠡᠯ ᠵᠢᠭᠤᠯᠴᠢᠯᠡᠯ ᠤᠨ ᠳᠤᠷᠠᠰᠬᠠᠯ ᠤᠨ ᠪᠤᠳᠠᠰ ᠢ ᠨᠡᠭᠡᠭᠡᠨ ᠬᠦᠭᠵᠢᠬᠦᠯᠬᠦ ᠳᠠᠯ᠎ᠠ ᠪᠠᠷ ᠤᠯᠠᠨ ᠵᠦᠢᠯ ᠤᠨ ᠠᠷᠭ᠎ᠠ ᠬᠡᠮᠵᠢᠶ᠎ᠠ ᠠᠪᠴᠤ᠂ ᠰᠢᠨ᠎ᠠ ᠶᠢ ᠡᠬᠦᠳᠬᠦ ᠳᠠᠯ᠎ᠠ ᠪᠠᠷ ᠴᠤ ᠶᠡᠬᠡᠬᠡᠨ ᠠᠮᠵᠢᠯᠳᠠ ᠤᠯᠤᠭᠰᠠᠨ ᠶᠤᠮ᠃ ᠭᠡᠬᠦ ᠳᠤ ᠵᠤᠭᠠᠴᠠᠯ ᠤᠨ ᠦᠢᠯᠡᠰ ᠬᠦᠭᠵᠢᠭᠰᠡᠨ ᠭᠠᠵᠠᠷ ᠤᠷᠤᠨ ᠲᠠᠢ ᠬᠠᠷᠢᠴᠠᠭᠤᠯᠪᠠᠯ ᠮᠦᠨ ᠬᠦᠭᠵᠢᠯᠳᠡ ᠶᠢᠨ ᠳᠠᠯ᠎ᠠ ᠪᠠᠷ ᠵᠦᠷᠢᠶ᠎ᠠ ᠲᠠᠢ ᠪᠠᠶᠢᠵᠦ᠂ ᠳᠤᠳᠠᠭᠳᠠᠯ ᠲᠠᠢ ᠳᠠᠯ᠎ᠠ ᠴᠤ ᠤᠷᠤᠰᠢᠵᠦ ᠪᠠᠶᠢᠨ᠎ᠠ᠃ ᠶᠡᠷᠤᠩᠬᠡᠶᠢᠯᠡᠭᠡᠳ ᠬᠡᠯᠡᠪᠡᠯ᠂ ᠠᠶᠠᠯᠡᠯ ᠵᠢᠭᠤᠯᠴᠢᠯᠡᠯ ᠤᠨ ᠳᠤᠷᠠᠰᠬᠠᠯ ᠤᠨ ᠪᠤᠳᠠᠰ ᠤᠨ ᠰᠤᠶᠤᠯ ᠤᠨ ᠳᠤᠳᠤᠭᠠᠳᠤ ᠠᠭᠤᠯᠬᠤᠨ ᠢ ᠠᠭᠤᠳᠠᠯᠤᠭᠰᠠᠨ ᠢᠶᠠᠷ ᠬᠦᠷᠦᠯᠴᠡᠬᠦ ᠦᠭᠡᠢ᠂ ᠠᠶᠠᠯᠡᠯ ᠵᠢᠭᠤᠯᠴᠢᠯᠡᠯ ᠤᠨ ᠳᠤᠷᠠᠰᠬᠠᠯ ᠤᠨ ᠪᠤᠳᠠᠰ ᠲᠤ ᠦᠪᠡᠷᠮᠢᠴᠡ ᠤᠨᠴᠠᠯᠢᠭ ᠳᠤᠳᠠᠭᠳᠠᠵᠦ᠂ ᠬᠡᠳᠤ ᠨᠢᠭᠡ ᠯᠡ ᠬᠡᠪ ᠤᠨ ᠪᠤᠯᠤᠭᠰᠠᠨ ᠦᠵᠡᠭᠳᠡᠯ ᠨᠡᠯᠢᠶᠡᠳ ᠲᠦᠭᠡᠮᠡᠯ ᠪᠠᠶᠢᠬᠤ᠂ ᠠᠶᠠᠯᠡᠯ ᠵᠢᠭᠤᠯᠴᠢᠯᠡᠯ ᠤᠨ ᠳᠤᠷᠠᠰᠬᠠᠯ ᠤᠨ ᠪᠤᠳᠠᠰ ᠢ ᠨᠡᠭᠡᠭᠡᠨ  ᠬᠦᠭᠵᠢᠭᠦᠯᠦᠭᠰᠡᠨ ᠨᠢ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠳᠤ ᠳᠤᠬᠢᠷᠠᠬᠤ ᠦᠭᠡᠢ ᠪᠠᠶᠢᠬᠤ ᠵᠡᠷᠭᠡ ᠠᠰᠠᠭᠤᠳᠠᠯ ᠤᠷᠤᠰᠢᠵᠤ ᠪᠠᠶᠢᠬᠤ ᠪᠤᠯᠤᠨ᠎ᠠ᠃ ᠡᠨᠡ ᠬᠦ ᠪᠠᠶᠢᠳᠠᠯ ᠳᠤ ᠴᠢᠭᠯᠡᠭᠦᠯᠤᠨ ᠪᠢᠳᠠ ᠵᠠᠪᠠᠯ ᠪᠤᠳᠠᠳᠤ ᠪᠠᠶᠢᠳᠠᠯ ᠠᠴᠠ ᠡᠬᠦᠰᠴᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ ᠠᠶᠠᠯᠠᠯ ᠵᠢᠭᠤᠯᠴᠢᠯᠠᠯ ᠤᠨ ᠲᠤᠷᠠᠰᠬᠠᠯ ᠤᠨ ᠪᠤᠳᠠᠰ ᠢ ᠰᠢᠨ᠎ᠡ ᠪᠠᠷ ᠲᠦᠰᠦᠪᠯᠡᠵᠦ᠂ ᠳᠠᠰᠤᠷᠠᠯᠳᠠ ᠦᠭᠡᠢ ᠰᠢᠨ᠎ᠡ ᠶᠢ ᠡᠭᠦᠳᠴᠤ᠂ ᠠᠶᠠᠯᠠᠯ ᠵᠢᠭᠤᠯᠴᠢᠯᠠᠯ ᠤᠨ ᠲᠤᠷᠠᠰᠬᠠᠯ ᠤᠨ ᠪᠤᠳᠠᠰ ᠤᠨ ᠤᠯᠠᠨ ᠶᠠᠩᠵᠦᠳᠦ ᠴᠢᠨᠠᠷ᠂ ᠰᠤᠨᠢᠷᠬᠠᠯᠳᠦ ᠴᠢᠨᠠᠷ᠂ ᠵᠦᠷᠢᠶᠡᠳᠦ ᠴᠢᠨᠠᠷ᠂ ᠲᠤᠷᠠᠰᠬᠠᠯᠳᠦ ᠴᠢᠨᠠᠷ ᠵᠡᠷᠭᠡ ᠶᠢ ᠡᠷᠬᠢᠮᠯᠡᠬᠦ ᠬᠡᠷᠡᠭᠳᠡᠢ᠃ ᠡᠬᠦᠨ ᠤ ᠬᠠᠮᠳᠤ ᠬᠡᠷᠡᠭᠯᠡᠭᠴᠢᠳ ᠢ ᠲᠦᠷᠦᠯ ᠠᠩᠭᠢᠯᠠᠨ᠂ ᠬᠤᠳᠠᠯᠳᠤᠨ ᠪᠤᠷᠤᠯᠠᠭᠤᠯᠤᠭᠰᠠᠨ ᠲᠤᠭ᠎ᠠ ᠬᠡᠮᠵᠢᠶ᠎ᠡ᠂ ᠬᠡᠷᠡᠭᠯᠡᠭᠴᠢᠳ ᠤᠨ ᠦᠢᠯᠡᠳᠬᠦᠨ ᠳᠤ ᠦᠭᠭᠦᠭᠰᠡᠨ ᠦᠨᠡᠯᠡᠯᠲᠡ ᠵᠡᠷᠭᠡ ᠶᠢ ᠦᠨᠳᠤᠰᠤᠯᠡᠨ ᠳᠠᠬᠢᠨ ᠲᠦᠰᠦᠪ ᠲᠦᠯᠦᠪᠯᠡᠭᠡ ᠬᠢᠵᠦ᠂ ᠳᠠᠰᠤᠷᠠᠯᠳᠠ ᠦᠭᠡᠢ ᠰᠢᠨ᠎ᠠ ᠶᠢ ᠡᠬᠦᠳᠬᠦ ᠶᠢ ᠪᠠᠷᠢᠮᠳᠠᠯᠡᠠ᠂ ᠴᠢᠨᠠᠷᠯᠢᠭ ᠬᠦᠭᠵᠢᠯᠳᠡ ᠶᠢ ᠡᠷᠬᠢᠮᠯᠡᠪᠡᠯ ᠵᠤᠬᠢᠨ᠎ᠠ ᠃ ᠢᠡᠭᠬᠢᠪᠡᠯ ᠰᠠᠶ᠋ᠢ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠦ᠂ ᠦᠪᠡᠷᠮᠢᠴᠡ ᠤᠨᠴᠠᠯᠢᠭᠳᠤ ᠵᠤᠭᠠᠴᠠᠯ ᠤᠨ ᠦᠢᠯᠡᠰ ᠢᠶᠠᠨ ᠨᠡᠩ ᠤᠯᠠᠨ ᠬᠦᠮᠦᠨ ᠳᠤ ᠳᠠᠨᠢᠭᠤᠯᠵᠦ ᠴᠢᠳᠠᠨ᠎ᠠ᠃        
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ