| | ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ | ᠤᠶᠢᠷ᠎ᠡ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠲᠠ ᠶᠢᠨ ᠰᠢᠨ᠎ᠡ ᠲᠢᠲᠢᠮᠯᠢᠭᠠ ᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ ᠶᠢᠨ ᠬᠤᠷᠠᠯ ᠪᠠ ᠪᠥᠬᠦ ᠤᠯᠤᠰ ᠤᠨ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ | ᠪᠠᠶᠢᠳᠠᠯ ᠤᠨ ᠬᠠᠷᠢᠭᠤ ᠮᠡᠳᠡᠭᠦᠯᠦ᠋ᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠤᠳᠤᠷᠢᠳᠤᠯᠭ᠎ᠠ ᠳ᠋ᠦ᠋ ᠬᠤᠢ ᠯᠢᠶᠠᠩ᠂ ᠰᠢᠩ ᠵᠧᠩ᠂ ᠰᠤ᠋ ᠵᠥᠩ ᠱᠧᠩ᠂ ᠰᠤ᠋ ᠼᠦᠢ ᠹᠠᠩ᠂ ᠵᠧᠨ ᠬᠤᠸᠠ᠂ ᠵᠠᠩ ᠸᠧᠶ᠂ ᠭᠤ᠋ ᠸᠧᠨ ᠾᠧ᠂ | ᠺᠦᠩ ᠹᠠᠨ ᠹᠸᠢ᠂ ᠮᠢᠶᠣᠣ ᠴᠧᠩ ᠢᠦᠶ᠂ ᠯᠢᠦ ᠹᠧᠩ ᠶᠦᠨ ᠬᠤᠷᠠᠯ ᠳᠤ ᠣᠷᠣᠯᠴᠠᠵᠠᠶ᠃ | ᠬᠤᠷᠠᠯ ᠠᠴᠠ ᠣᠳᠣᠬᠠᠨ ᠳᠤ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠥᠭᠡᠳ ᠡᠵᠡᠮᠳᠡᠵᠦ | ᠪᠣᠯᠬᠤ ᠪᠣᠯᠪᠠᠴᠤ ᠭᠠᠳᠠᠨ᠎ᠠ ᠠᠴᠠ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠠᠷᠤᠯᠲᠠ ᠮᠥᠨ ᠴᠤ ᠮᠠᠰᠢ ᠶᠡᠭᠡ ᠪᠠᠶᠢᠨ᠎ᠠ᠃ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠶᠡᠷᠤᠩᠬᠡᠢ ᠱᠥᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠵᠦ᠂ ᠲᠥᠪ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠦ᠋ᠨ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ︽ᠭᠤᠷᠪᠠᠨ ᠭᠤᠶᠢᠪᠢᠰᠢ ᠦᠭᠡᠢ ᠪᠠᠶᠢᠬᠤ︾ ᠱᠠᠭᠠᠷᠳᠠᠯᠭ᠎ᠠ | ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠨᠡᠩ ᠰᠢᠨᠵᠢᠯᠡᠬᠦ ᠤᠬᠠᠭᠠᠨᠴᠢ᠂ ᠨᠡᠩ ᠣᠨᠣᠪᠴᠢᠲᠠᠢ᠂ ᠬᠦᠴᠦᠨ ᠲᠠᠢ | ᠪᠥᠭᠡᠳ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠯᠴᠠᠭ᠎ᠠ ᠶᠢᠨ ᠨᠡᠶᠢᠲᠡᠯᠡᠭᠰᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠦᠶ᠋ᠯ ᠤᠨ ᠠᠷᠭ᠎ᠠ ᠬᠡᠮᠵᠢᠶ᠎ᠡ ᠲᠠᠢ ᠬᠢᠨᠠᠮᠠᠭᠠᠶ ᠬᠠᠷᠭᠤᠭᠤᠯᠤᠨ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠠᠮᠢᠶᠠᠷᠬᠤ ᠶᠣᠰᠣᠲᠠᠶ ᠶᠢ ᠨᠢ | ᠡᠷᠡᠰ ᠬᠠᠮᠢᠶᠠᠷᠴᠤ᠂ ᠲᠠᠯᠪᠢᠬᠤ ᠶᠣᠰᠣᠲᠠᠶ ᠶᠢ ᠨᠢ ᠡᠮᠬᠢ ᠵᠢᠷᠤᠮ ᠲᠠᠢ ᠪᠠᠷ ᠴᠢᠯᠤᠬᠡᠳᠡᠢ ᠲᠠᠯᠪᠢᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠵᠡᠭᠦᠯᠬᠦ ᠨᠥᠯᠥ᠋ᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠬᠡᠵᠥ ᠴᠢᠬᠤᠯᠠᠴᠢᠯᠠᠵᠠᠢ᠃ | ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠬᠤᠷᠢᠭ᠎ᠠ ᠱᠤᠭᠤᠮ ᠤᠨ | ᠰᠡᠳᠭᠢᠬᠦᠢ ᠶᠢ ᠪᠠᠲᠤᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠡᠮᠡᠴᠡᠯ ᠤᠨ ᠴᠢᠳᠠᠪᠤᠷᠢ ᠪᠠᠨ ᠲᠡᠬᠡᠭᠰᠢᠯᠡᠬᠦᠯᠦ᠋ᠨ᠂ ᠪᠠᠴᠢᠮ ᠪᠠᠶᠢᠳᠠᠯ ᠢ | ᠠᠷᠭᠠᠴᠠᠭᠠᠵᠤ ᠵᠢᠯᠣᠭᠤᠳᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ᠂ ᠡᠮᠴᠢᠯᠡᠭᠡᠨ ᠤ ᠠᠪᠤᠷᠠᠨ ᠵᠠᠰᠠᠯᠲᠠ᠂ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠪᠠ ᠡᠭᠢ ᠡᠭᠦᠰᠤᠯ ᠢ ᠨᠢ ᠡᠷᠢᠭᠦ᠂ ᠨᠡᠶᠢᠭᠡᠮ ᠠᠴᠠ ᠬᠠᠮᠢᠶᠠᠷᠤᠨ ᠡᠵᠡᠮᠳᠡᠬᠦ᠂ ᠰᠢᠯᠵᠢᠬᠦᠯᠤᠨ ᠵᠦᠭᠡᠭᠡᠪᠦᠷᠢᠯᠡᠵᠤ ᠲᠤᠰᠠᠭᠠᠷᠯᠠᠬᠤ᠂ ᠡᠮᠨᠡᠯᠭᠡ ᠶᠢᠨ | ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠡᠳ᠋ ᠪᠣᠳᠠᠰ ᠢ ᠪᠠᠲᠤᠯᠠᠬᠤ᠂ ᠤᠬᠠᠭᠤᠯᠤᠨ ᠵᠢᠯᠣᠭᠤᠳᠬᠤ ᠪᠠ ᠵᠠᠮ ᠬᠠᠷᠢᠯᠴᠠᠭ᠎ᠠ ᠶᠢ ᠪᠠᠲᠤᠯᠠᠬᠤ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ | ᠴᠢᠨᠠᠭᠰᠢᠳᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠬᠢᠯᠡᠯᠲᠡ ᠶᠢᠨ ᠦᠢᠯᠡᠳᠦᠯ ᠪᠠ ᠥᠷᠭᠡᠨ ᠤᠯᠠᠨ ᠨᠠᠮ ᠤᠨ ᠭᠡᠰᠢᠭᠦᠨ ᠤ ᠬᠤᠰᠢᠭᠤᠴᠢ ᠲᠠᠭᠤᠷᠢᠶᠠᠯ ᠥᠵᠡᠬᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ ᠬᠡᠵᠥ | ᠴᠢᠬᠤᠯᠠᠴᠢᠯᠠᠵᠠᠢ᠃ | |