| | ᠯᠢ ᠯᠢ ᠶᠠᠷᠢᠶ᠎ᠠ ᠲᠠᠯᠪᠢᠵᠦ ᠳ᠋ᠦ᠋ ᠬᠤᠢ ᠯᠢᠶᠠᠩ ᠬᠤᠷᠠᠯ ᠢ ᠡᠷᠬᠢᠯᠡᠪᠡ ᠵᠠᠩ ᠵᠠᠨ ᠯᠢᠨ ᠣᠷᠣᠯᠴᠠᠵᠠᠢ | ᠤᠶᠢᠷ᠎ᠠ ᠶᠢᠨ ᠡᠳᠤᠷ᠂ 2022 ᠣᠨ ᠤ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠲᠤᠭᠤᠷᠢᠨ ᠦᠵᠡᠵᠦ | ᠲᠤᠷᠰᠢᠯᠭ᠎ᠠ ᠰᠤᠯᠢᠯᠴᠡᠬᠤ ᠳ᠋ᠦᠩᠨᠡᠯᠲᠡ ᠶᠢᠨ ᠬᠤᠷᠠᠯ ᠳ᠋ᠦᠩᠱᠧᠩ ᠲᠣᠭᠤᠷᠢᠭ ᠲᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ | ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ | ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ | ᠵᠠᠨ ᠯᠢᠨ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠤᠷᠤᠯᠴᠠᠵᠠᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠪᠥᠬᠦ ᠬᠤᠲᠠ ᠶᠢᠨ ᠴᠢᠬᠤᠯᠠ ᠶᠡᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠵᠦ᠂ ᠡᠯ᠎ᠡ ᠬᠤᠰᠢᠭᠤ ᠲᠣᠭᠤᠷᠢᠭ ᠤᠨ ᠬᠢᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠯᠢ ᠯᠢ᠂ ᠡᠨᠡ ᠵᠢᠯ ᠠᠴᠠ ᠨᠠᠭᠠᠰᠢ᠂ ᠪᠦᠬᠦ ᠬᠤᠳᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠮᠡᠳᠡᠭᠳᠡᠮ᠎ᠡ ᠦᠷ᠎ᠡ ᠪᠦᠲᠦᠮᠵᠢ ᠣᠯᠵᠤ᠂ ᠪᠦᠬᠦᠯᠢ | ᠴᠣᠭᠴᠠ ᠶᠢᠨ ᠡᠷᠬᠢᠯᠳᠡ ᠲᠣᠭᠲᠠᠭᠤᠨ᠂ ᠪᠡᠯᠡ ᠣᠷᠣᠭᠤᠯᠤᠯᠲᠠ ᠶᠢᠨ ᠨᠡᠮᠡᠭᠳᠡᠯ ᠲᠦᠷᠭᠡᠨ᠂ ᠬᠡᠯᠪᠡᠷᠢ ᠪᠠᠨ ᠬᠤᠪᠢᠷᠠᠭᠤᠯᠤᠭᠰᠠᠨ ᠪᠠᠶᠢᠳᠠᠯ ᠢᠶᠠᠷ ᠰᠠᠶᠢᠨ᠂ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠲᠡᠭᠦᠯᠳᠡᠷ᠂ ᠨᠡᠬᠡᠨ ᠳᠠᠪᠠᠭ᠋ᠤ ᠠᠭᠤᠷ ᠠᠮᠢᠰᠬᠤᠯ ᠥᠳᠭᠡᠨ ᠪᠠᠶᠢᠬᠤ ᠣᠨᠴᠠᠯᠢᠭ ᠢᠯᠡᠷᠡᠵᠡᠢ᠃ ᠡᠯ᠎ᠡ ᠬᠤᠰᠢᠭᠤ ᠲᠤᠭᠤᠷᠢᠭ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠪᠣᠯ ᠤᠳᠤᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠦᠴᠦᠲᠡᠶ ᠭᠠᠷᠳᠠᠴᠠ ᠮᠥᠨ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠬᠦᠴᠦᠷᠬᠡᠭ ᠶᠡᠭᠡ ᠲᠦᠰᠢᠭ ᠲᠤᠯᠭᠠᠭᠤᠷᠢ ᠮᠥᠨ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠴᠢᠬᠤᠯᠠ ᠲᠦᠰᠢᠭ | ᠲᠤᠯᠭᠠᠭᠤᠷᠢ ᠮᠥᠨ᠂ ︽ᠭᠤᠷᠪᠠᠨ ᠳᠥᠷᠪᠡ︾ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ ᠭᠡᠳᠡᠭ ᠢ | ᠭᠦᠨᠵᠡᠭᠡᠶ ᠲᠠᠨᠢᠨ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠥᠨᠳᠥᠷ ᠦᠷ᠎ᠡ ᠪᠦᠲᠦᠮᠵᠢ ᠲᠠᠢ ᠪᠠᠷ ᠨᠢᠭᠡᠳᠦᠯᠲᠡᠶ ᠲᠥᠯᠥ᠋ᠪᠵᠢᠭᠦᠯᠤᠨ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠣᠳᠣᠬᠢᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ | ᠲᠠᠯᠪᠢᠵᠤ ᠥᠭᠬᠦ ᠬᠡᠷᠡᠭᠲᠡᠶ ᠭᠡᠵᠠᠢ᠃ | ᠯᠢ ᠯᠢ᠂ ᠠᠵᠤ ᠦᠢᠯᠡᠰ ᠤᠨ ᠴᠢᠳᠠᠪᠤᠷᠢ ᠶᠢᠨ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠦᠢᠯᠡᠰ ᠤᠨ ᠴᠢᠳᠠᠪᠤᠷᠢ ᠶᠢᠨ | ᠳᠡᠰ ᠢ ᠤᠯᠤᠰ ᠤᠨ ᠳᠡᠰ ᠠᠴᠠ ᠳᠡᠯᠡᠬᠡᠢ ᠶᠢᠨ ᠳᠡᠰ ᠲᠡᠶᠢᠰᠢ ᠲᠦᠷᠭᠡᠳᠭᠡᠨ ᠠᠬᠢᠭᠤᠯᠬᠤ ᠬᠡᠷᠡᠭᠲᠡᠢ᠃ ︽ᠨᠢᠭᠡᠳᠤᠭᠡᠷ ᠠᠵᠦ ᠦᠢᠯᠡᠰ ᠢ ᠳᠠᠬᠢᠨ ᠴᠤᠭᠴᠠᠯᠠᠬᠤ︾ ᠪᠠᠷ | ᠲᠥᠷᠥᠯ ᠵᠦᠢᠯ ᠢ ᠠᠳᠬᠤᠵᠤ᠂ ᠰᠠᠶᠢᠨ ᠡᠭᠦᠯᠳᠡᠷ᠂ ᠰᠠᠶᠢᠨ ᠲᠠᠷᠢᠶᠠᠨ ᠭᠠᠵᠠᠷ᠂ ᠰᠠᠶᠢᠨ ᠠᠵᠤ ᠠᠬᠤᠶᠢᠯᠠᠯ᠂ ᠰᠠᠶᠢᠨ ᠠᠷᠭ᠎ᠠ ᠪᠣᠳᠣᠯᠭ᠎ᠠ᠂ ᠰᠤᠳᠤᠨ ᠴᠢᠳᠠᠪᠤᠷᠢᠲᠠᠨ | ᠵᠡᠷᠭᠡ ᠲᠠᠪᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠮᠠᠯ ᠠᠵᠤ | ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠠᠬᠢᠭᠤᠯᠬᠤ ᠬᠡᠷᠡᠭᠲᠡᠶ᠃ ︽ᠬᠤᠶᠠᠳᠤᠭᠠᠷ ᠠᠵᠤ ᠦᠢᠯᠡᠰ ᠢ ᠳᠡᠰ | ᠳᠡᠪᠰᠢᠭᠦᠯᠬᠦ︾ ᠪᠠᠷ ᠭᠤᠣᠯᠳᠠᠭᠤᠯᠤᠨ ᠲᠦᠷᠦᠯ ᠵᠦᠢᠯ ᠢ ᠠᠳᠬᠤᠵᠤ᠂ ︽ᠳᠦᠷᠪᠡᠨ ᠳᠡᠯᠡᠬᠡᠢ ᠶᠢᠨ ᠳᠡᠰ ᠤᠨ ᠠᠵᠤ ᠦᠢᠯᠡᠰ︾ ᠢ ᠪᠠᠶᠢᠭᠤᠯᠬᠤ ᠪᠠᠷ | ᠭᠤᠣᠯᠳᠠᠭᠤᠯᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠤᠪᠵᠢᠬᠦᠯᠵᠤ᠂ | ᠠᠵᠤ ᠦᠢᠯᠡᠰ ᠤᠨ ᠳᠠᠪᠠᠭᠤᠯᠢᠭ ᠢ ᠬᠦᠨᠵᠡᠭᠡᠢ ᠪᠤᠶᠢᠵᠢᠭᠤᠯᠤᠨ᠂ ᠠᠯᠤᠰ ᠤᠨ ᠲᠥᠰᠦᠪᠯᠡᠯ ᠢ ᠰᠠᠶᠢᠲᠤᠷ ᠬᠢᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠤᠷᠠᠮᠳᠤᠭᠤᠯᠬᠤ ᠬᠡᠷᠡᠭᠲᠡᠢ᠃ ︽ᠭᠤᠷᠪᠠᠳᠤᠭᠠᠷ ᠠᠵᠤ ᠦᠢᠯᠡᠰ ᠢ ᠳᠠᠬᠢᠨ ᠪᠠᠶᠢᠭᠤᠯᠬᠤ︾ ᠪᠠᠷ ᠭᠤᠤᠯᠳᠠᠭᠤᠯᠤᠨ ᠲᠥᠷᠥᠯ ᠵᠦᠢᠯ ᠢ ᠠᠳᠬᠤᠵᠤ᠂ ᠪᠠᠷᠠᠭᠠᠨ ᠤ | ᠬᠦᠢᠯᠬᠡᠬᠡᠨ ᠤ ᠦᠢᠯᠡᠰ᠂ ᠵᠤᠭᠠᠴᠠᠯ ᠤᠨ ᠦᠢᠯᠡᠰ᠂ ᠠᠷᠠᠯᠵᠢᠶ᠎ᠠ ᠬᠤᠳᠠᠯᠳᠤᠭᠠᠨ ᠤ ᠦᠶ᠋ᠯᠡᠴᠢᠯᠡᠭᠡᠨ ᠤ ᠦᠢᠯᠡᠰ᠂ ᠲᠤᠭᠠᠴᠠᠨ ᠪᠤᠳᠤᠬᠤ ᠬᠦᠴᠦᠨ ᠤ ᠠᠵᠤ | ᠦᠢᠯᠡᠰ ᠲᠤ ᠠᠩᠬᠠᠷᠤᠯ ᠢᠶᠠᠨ ᠲᠦᠪᠯᠡᠷᠡᠬᠦᠯᠤᠨ ᠲᠥᠷᠥᠯ ᠵᠦᠢᠯ ᠢ ᠲᠥᠯᠥ᠋ᠪᠵᠢᠭᠦᠯᠬᠦ ᠬᠡᠷᠡᠭᠲᠡᠶ᠃ ᠬᠠᠮᠢᠶ᠎ᠠ ᠪᠥᠬᠦᠶ ᠬᠤᠲᠠ ᠶᠢᠨ ᠱᠠᠲᠤᠨ ᠤ ᠤᠳᠤᠷᠢᠳᠤᠯᠭ᠎ᠠ᠂ | ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠲᠣᠭᠤᠷᠢᠭ ᠬᠦᠷᠢᠶᠡᠯᠡᠩ ᠲᠣᠭᠤᠷᠢᠭ ᠤᠨ ᠠᠵᠢᠯ ᠤᠨ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠪᠣᠳᠠᠲᠠᠶᠢᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ | ᠭᠡᠵᠠᠢ᠃ | ᠯᠢ ᠯᠢ᠂ 11 ᠰᠠᠷ᠎ᠠ ᠶᠢᠨ 10 ᠤ ᠡᠳᠦᠷ ᠤᠨ ᠲᠥᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ | ᠨᠠᠮ ᠤᠨ ᠲᠥᠪ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠠᠷᠭ᠎ᠠ ᠪᠤᠳᠤᠯᠭ᠎ᠠ᠂ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠡᠷᠡᠰ | ᠨᠠᠶᠢᠳᠠᠪᠤᠷᠢᠵᠢᠭᠤᠯᠤᠨ᠂ ᠲᠠᠨᠢᠯᠲᠠ ᠪᠠᠨ ᠲᠠᠬᠢᠨ ᠳᠡᠭᠡᠭᠰᠢᠯᠡᠭᠦᠯᠵᠤ᠂ ᠪᠣᠭᠤᠮᠲᠠ ᠰᠢᠪᠲᠤᠯᠬᠤ ᠠᠵᠢᠯ ᠳᠤ ᠬᠦᠴᠦᠯᠡᠨ᠂ ᠠᠷᠭ᠎ᠠ ᠬᠡᠮᠵᠢᠶ᠎ᠠ ᠪᠠᠨ ᠲᠠᠬᠢᠨ ᠤᠨᠤᠴᠠᠲᠠᠢ | ᠪᠣᠯᠭᠠᠵᠤ᠂ ᠴᠢᠳᠠᠪᠤᠷᠢ ᠪᠠᠨ ᠲᠠᠬᠢᠨ ᠴᠢᠩᠭᠠᠳᠬᠠᠨ᠂ ᠬᠠᠷᠢᠭᠤᠴᠠᠯᠭ᠎ᠠ ᠪᠠᠨ ᠲᠠᠬᠢᠨ ᠪᠣᠳᠠᠲᠠᠶᠢᠵᠢᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠪᠡ᠃ | ᠳ᠋ᠦ᠋ ᠬᠤᠢ ᠯᠢᠶᠠᠩ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠣᠨ ᠤ ᠬᠠᠷᠠᠯᠲᠠ ᠡᠭᠦᠷᠭᠡ ᠶᠢ | ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ 2022 ᠣᠨ ᠤ ᠰᠡᠭᠦᠯ ᠰᠢᠪᠳᠤᠷᠬᠤ ᠱᠠᠲᠤᠨ ᠤ ᠡᠯ᠎ᠡ | ᠲᠦᠷᠦᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ | ᠬᠡᠮᠵᠢᠶ᠎ᠠ᠂ ᠴᠢᠨᠠᠷ ᠴᠢᠨᠰᠠᠭ᠎ᠠ᠂ ᠨᠡᠮᠡᠭᠳᠡᠯ ᠤᠨ ᠬᠡᠮᠵᠢᠶ᠎ᠠ ᠶᠢᠨ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ︽ᠭᠤᠷᠪᠠᠨ ᠬᠡᠮᠵᠢᠶ᠎ᠠ ᠶᠢ ᠵᠡᠷᠭᠡ ᠪᠠᠷ | ᠳᠡᠭᠡᠭᠰᠢᠯᠡᠭᠦᠯᠬᠦ︾ ᠶᠢ ᠪᠡᠶᠡᠯᠡᠭᠦᠯᠬᠦ ᠬᠡᠷᠡᠭᠲᠡᠢ᠃ | ᠢᠨᠵᠧᠨᠧᠷᠢᠩ ᠤᠨ ᠰᠡᠳᠭᠢᠬᠦᠢ ᠶᠢ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠬᠦ ᠪᠠ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠠᠵᠢᠯ ᠤᠨ ᠴᠢᠨᠠᠷᠵᠢᠯ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠦᠯᠤᠪᠵᠢᠬᠦᠯᠵᠤ᠂ ᠠᠮᠤᠷ | ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠣᠷᠢᠭᠲᠠᠢ ᠪᠠᠷ ᠲᠡᠮᠡᠴᠡᠵᠦ᠂ | ᠴᠢᠳᠠᠮᠠᠭᠠᠢ ᠪᠠᠷ ᠲᠡᠮᠡᠴᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠳᠤ ᠦᠨᠳᠦᠰᠦᠯᠡᠭᠦᠯᠤᠨ᠂ ᠠᠮᠵᠢᠯᠲᠠ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃ | ᠳ᠋ᠦᠩᠨᠡᠯᠲᠡ ᠶᠢᠨ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠤᠶᠠᠷ ᠡᠳᠦᠷ ᠤᠨ ᠴᠠᠭ ᠢ ᠠᠰᠢᠭᠯᠠᠨ ᠵᠠᠷᠢᠮ ᠬᠤᠰᠢᠭᠤ ᠲᠤᠭᠤᠷᠢᠭ ᠲᠤ | ᠭᠦᠨᠵᠡᠭᠡᠶᠢᠷᠡᠨ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠡᠢ᠃ | |