​ ᠳ᠋ᠦ᠋ ᠬᠤᠢ ᠯᠢᠶᠠᠩ ᠬᠤᠳᠠᠯᠳᠤᠭ᠎ᠠ ᠡᠷᠭᠢᠯᠡᠭᠦ ᠤᠷᠴᠢᠨ ᠠᠬᠤᠢ ᠶᠢ ᠦᠨᠡᠯᠠᠨ ᠵᠢᠱᠢᠵᠤ ᠲᠠᠬᠯᠠᠨ ᠮᠡᠳᠡᠭᠦᠯᠭᠦ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠡ
ᠨᠡᠶᠢᠲᠡᠯᠡᠭᠰᠡᠨ ᠴᠠᠭ᠄
2022/11/18
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠦᠷᠴᠦ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠦᠨᠡᠯᠠᠨ ᠵᠢᠱᠢᠵᠤ ᠲᠠᠬᠯᠠᠨ ᠮᠡᠳᠡᠭᠦᠯᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃      ᠥᠪᠡᠷᠲᠡᠭᠡᠨ ᠵᠠᠰᠠᠬᠤ ᠣᠷᠣᠨ ᠤ 2022 ᠣᠨ ᠤ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠦᠨᠡᠯᠡᠨ ᠵᠢᠱᠢᠭᠦ ᠤᠷᠳᠤᠰ ᠬᠤᠳᠠ ᠶᠢᠨ ᠲᠠᠬᠯᠠᠨ ᠮᠡᠳᠡᠭᠦᠯᠬᠦ ᠲᠤᠬᠠᠢ ᠶᠢᠨ ᠲᠠᠯᠠᠪᠠᠢ ᠳᠤ᠂ ᠳ᠋ᠦ᠋ ᠬᠤᠢ ᠯᠢᠶᠠᠩ ᠲᠠᠭᠯᠠᠨ ᠮᠡᠳᠡᠭᠦᠯᠬᠦ ᠲᠤᠰᠬᠠᠢ ᠲᠤᠭᠤᠷᠢᠭ ᠢ ᠨᠢᠭᠡᠳ ᠨᠢᠭᠡ ᠪᠠᠷ ᠪᠠᠶᠢᠴᠠᠭᠠᠨ ᠦᠵᠡᠵᠦ᠂ ᠲᠠᠭᠯᠠᠨ ᠮᠡᠳᠡᠭᠦᠯᠬᠦ ᠶᠠᠪᠤᠴᠠ᠂ ᠲᠠᠭᠯᠠᠨ  ᠮᠡᠳᠡᠭᠦᠯᠦᠭᠰᠡᠨ ᠠᠬᠢᠴᠠ᠂ ᠭᠡᠷᠡᠴᠢ ᠮᠠᠲ᠋ᠧᠷᠢᠶᠠᠯ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠲᠤᠬᠠᠢ ᠶᠢᠨ ᠲᠠᠯᠠᠪᠠᠢ ᠳᠤ ᠵᠥᠪᠳᠡᠯᠴᠡᠨ ᠵᠠᠳᠠᠯᠤᠯᠲᠠ ᠬᠢᠵᠦ᠂ ᠰᠢᠢᠳᠪᠦᠷᠢᠯᠡᠬᠦ ᠠᠷᠭ᠎ᠠ ᠶᠢ  ᠰᠤᠳᠤᠯᠤᠨ᠂ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ᠂ ᠦᠨᠡᠯᠡᠨ ᠵᠢᠱᠢᠵᠦ ᠲᠠᠬᠯᠡᠨ ᠮᠡᠳᠡᠭᠦᠯᠭᠦ ᠠᠵᠢᠯ ᠪᠣᠯ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠮᠥᠨ᠂ ᠲᠠᠭᠯᠠᠨ ᠮᠡᠳᠡᠭᠦᠯᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠲᠦᠷᠦᠯ ᠤᠨ ᠭᠦᠢᠴᠡᠳᠭᠡᠯ ᠲᠤᠭ᠎ᠠ ᠶᠢᠨ ᠠᠭᠤᠯᠤᠭᠳᠠᠬᠤᠨ ᠢ ᠣᠨᠣᠪᠴᠢᠲᠠᠢ ᠣᠶᠢᠯᠠᠭᠠᠵᠤ᠂ ᠲᠠᠭᠯᠠᠨ ᠮᠡᠳᠡᠭᠦᠯᠬᠦ ᠮᠠᠲ᠋ᠧᠷᠢᠶᠠᠯ ᠪᠠ ᠬᠡᠷᠡᠭ ᠤᠨ ᠵᠢᠱᠢᠶ᠎ᠡ ᠶᠢ ᠨᠢᠮᠪᠠᠢ ᠴᠤᠭᠯᠠᠭᠤᠯᠤᠨ ᠡᠮᠬᠢᠳᠭᠡᠵᠦ᠂ ᠲᠠᠭᠯᠠᠨ ᠮᠡᠳᠡᠭᠦᠯᠬᠦ ᠠᠭᠤᠯᠭ᠎ᠠ ᠶᠢᠨ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ ᠬᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠪᠣᠳᠠᠲᠠᠢ ᠦᠷ᠎ᠡ ᠪᠦᠲᠦᠮᠵᠢ ᠶᠢ ᠪᠦᠬᠦ ᠲᠠᠯ᠎ᠠ ᠪᠠᠷ ᠣᠨᠣᠪᠴᠢᠲᠠᠢ ᠲᠤᠰᠬᠠᠬᠤ ᠶᠢ ᠪᠠᠲᠤᠯᠠᠬᠤ ᠬᠡᠷᠡᠭᠲᠡᠢ᠃ ᠳ᠋ᠦᠩᠨᠡᠨ ᠳᠡᠭᠡᠭᠰᠢᠯᠡᠭᠦᠯᠵᠦ᠂ ᠦᠨᠡᠯᠡᠨ ᠵᠢᠱᠢᠬᠦ ᠪᠠᠷ ᠳᠠᠮᠵᠢᠭᠤᠯᠤᠨ ᠲᠠᠭᠯᠠᠨ ᠮᠡᠳᠡᠭᠦᠯᠵᠦ᠂ ᠠᠵᠢᠯ ᠤᠨ ᠲᠤᠷᠰᠢᠯᠭ᠎ᠠ ᠪᠠᠨ ᠬᠢᠨᠠᠮᠠᠭᠠᠢ ᠳ᠋ᠦᠩᠨᠡᠵᠦ᠂ ᠠᠰᠠᠭᠤᠳᠠᠯ ᠤᠨ ᠳᠤᠲᠠᠭᠤᠳᠠᠯ ᠢ ᠣᠨᠣᠪᠴᠢᠲᠠᠢ ᠡᠷᠢᠨ᠂ ᠦᠨᠡᠯᠡᠬᠦ ᠪᠠᠷ ᠥᠭᠡᠷᠡᠴᠢᠯᠡᠬᠦ ᠶᠢ ᠠᠬᠢᠭᠤᠯᠵᠤ᠂ ᠦᠨᠡᠯᠡᠬᠦ ᠪᠠᠷ ᠪᠠᠶᠢᠭᠤᠯᠬᠤ ᠶᠢ ᠠᠬᠢᠭᠤᠯᠤᠨ᠂ ᠲᠡᠷᠢᠭᠦᠨ ᠤ ᠬᠢ ᠪᠠᠷ ᠪᠠᠷᠢᠮᠵᠢᠶᠡᠯᠡᠨ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠪᠡ᠃           ᠳᠠᠷᠠᠭ᠎ᠠ ᠳᠤᠨᠢ᠂ ᠳ᠋ᠦ᠋ ᠬᠤᠢ ᠯᠢᠶᠠᠩ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠤᠲ᠋ᠦ᠋ᠴᠢᠯᠠᠬᠰᠡᠨ ᠦᠢᠯᠡᠴᠢᠯᠡᠭᠡᠨ ᠤ ᠠᠯᠪᠠᠨ ᠭᠡᠷ ᠤᠨ ᠪᠡᠶᠡᠴᠢᠯᠡᠨ ᠣᠶᠢᠯᠠᠭᠠᠬᠤ ᠲᠣᠭᠤᠷᠢᠭ᠂ ᠦᠢᠯᠡᠴᠢᠯᠡᠭᠡᠨ ᠤ ᠠᠵᠤ ᠠᠬᠤᠶᠢᠯᠠᠯ ᠤᠨ ᠲᠤᠰᠬᠠᠢ ᠲᠣᠭᠤᠷᠢᠭ ᠪᠣᠯᠤᠨ 12345 ᠬᠠᠯᠠᠮᠰᠢᠯ ᠤᠲᠠᠰᠤ ᠶᠢ ᠬᠦᠯᠢᠶᠡᠨ ᠠᠪᠴᠤ ᠰᠢᠢᠳᠪᠦᠷᠢᠯᠡᠬᠦ ᠲᠥᠪ ᠲᠤ ᠬᠦᠷᠴᠦ᠂ ᠠᠵᠢᠯᠲᠠᠳ ᠲᠠᠢ ᠭᠢᠨᠠᠮᠠᠭᠠᠢ ᠶᠠᠷᠢᠯᠴᠠᠵᠤ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠣᠶᠢᠯᠠᠭᠠᠪᠠ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠤᠴᠢᠷ ᠶᠠᠪᠤᠳᠡᠯ ᠭᠦᠢᠴᠡᠳᠭᠡᠭᠦ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ