ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 14 ᠳ᠋ᠤᠭᠡᠷ ᠤᠳᠠᠭᠠᠨ ᠤ ᠡᠷᠬᠢᠯᠡᠭᠴᠢ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/18
     11 ᠰᠠᠷ᠎ᠠ ᠶᠢᠨ 16 ᠤ ᠡᠳᠦᠷ᠂ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 14 ᠳ᠋ᠤᠭᠡᠷ ᠤᠳᠠᠭᠠᠨ ᠤ ᠡᠷᠬᠢᠯᠡᠭᠴᠢ ᠨᠠᠷ ᠤᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠶᠠᠨ ᠵᠢᠶᠧ᠂ ᠾᠧ ᠶᠢᠨ᠂ ᠸᠠᠩ ᠫᠢᠩ᠂ ᠪᠠᠶᠠᠷ᠂ ᠶᠠᠩ ᠶᠦᠨ᠂ ᠵᠣᠣ ᠹᠸᠢ ᠯᠦ᠂ ᠨᠠᠷᠢᠨ ᠪᠢᠴᠢᠭ ᠤᠨ ᠳᠠᠷᠤᠭ᠎ᠠ ᠯᠢ ᠰᠢᠨ ᠱᠧ ᠬᠤᠷᠠᠯ ᠳᠤ ᠣᠷᠣᠯᠴᠠᠵᠠᠶ᠃         ᠬᠤᠷᠠᠯ ᠠᠴᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠦᠯᠦᠪᠵᠢᠭᠦᠯᠤᠨ ᠪᠦᠲᠦᠭᠡᠨ ᠪᠠᠶᠢᠭᠤᠯᠬᠤ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠤᠯᠳᠡ ᠶᠢ ᠬᠢᠨᠠᠨ ᠵᠥᠪᠯᠡᠭᠰᠡᠨ ᠰᠠᠨᠠᠯ ᠢ ᠬᠢᠨᠠᠨ ᠵᠥᠪᠯᠡᠵᠦ ᠪᠠᠲᠤᠯᠠᠪᠠ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠤᠯᠳᠡ᠂ ᠪᠦᠬᠦ ᠬᠤᠲᠠ ᠶᠢᠨ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ  ᠪᠡᠶᠡᠯᠡᠭᠦᠯᠦᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠤᠯᠳᠡ᠂ ᠪᠦᠬᠦ ᠬᠤᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ᠢ  ᠰᠢᠢᠳᠪᠤᠷᠢᠯᠡᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠤᠯᠳᠡ ᠶᠢ ᠬᠢᠨᠠᠨ ᠵᠥᠪᠯᠡᠭᠰᠡᠨ ᠰᠠᠨᠠᠯ ᠢ ᠬᠢᠨᠠᠨ ᠵᠥᠪᠯᠡᠵᠦ ᠪᠠᠲᠤᠯᠠᠪᠠ᠃ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠵᠢᠷᠭᠤᠭᠠᠨ ᠣᠷᠣᠨ ᠲᠤᠭᠠᠳᠤ ᠪᠠᠶᠢᠴᠠᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠨ ᠶᠠᠷᠢᠯᠴᠠᠬᠤ ᠲᠤᠬᠠᠶ ᠰᠠᠨᠠᠯ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠦᠯᠦᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ  ᠰᠢᠢᠳᠪᠤᠷᠢᠯᠡᠬᠦ ᠠᠵᠢᠯ ᠤᠨ ᠲᠤᠬᠠᠶ ᠦᠨᠡᠯᠡᠨ ᠶᠠᠷᠢᠯᠴᠠᠭᠰᠠᠨ ᠰᠠᠨᠠᠯ ᠢ ᠬᠢᠨᠠᠨ ᠵᠥᠪᠯᠡᠵᠦ ᠪᠠᠲᠤᠯᠠᠪᠠ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠣᠷᠳᠣᠰ ᠬᠤᠲᠠ ᠶᠢᠨ ᠲᠦᠪᠯᠡᠷᠡᠭᠦᠯᠦᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠳᠦᠷᠢᠮ︾ ᠤᠨ ᠬᠠᠤᠯᠢ ᠬᠡᠷᠡᠭᠵᠢᠭᠦᠯᠤᠯᠳᠡ ᠶᠢᠨ ᠪᠠᠶᠢᠴᠠᠭᠠᠯᠲᠠ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠪᠠᠶᠢᠴᠠᠭᠠᠭᠰᠠᠨ ᠮᠡᠳᠡᠭᠦᠯᠤᠯᠳᠡ᠂ ︽ᠣᠷᠳᠣᠰ ᠬᠤᠲᠠ ᠶᠢᠨ ᠲᠦᠷᠭᠡᠨ ᠬᠦᠷᠭᠡᠯᠲᠡ ᠶᠢᠨ ᠦᠢᠯᠡᠰ ᠢ ᠠᠬᠢᠭᠤᠯᠬᠤ ᠳᠦᠷᠢᠮ︾ ᠤᠨ ᠲᠤᠬᠠᠶ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠤᠯᠳᠡ ᠶᠢ ᠬᠢᠨᠠᠨ ᠵᠥᠪᠯᠡᠵᠦ ᠪᠠᠲᠤᠯᠠᠪᠠ᠃ 2022 ᠣᠨ ᠳᠤ ᠬᠦᠬᠢᠭᠦᠯᠤᠨ ᠰᠠᠶᠢᠰᠢᠶᠠᠬᠤ ᠪᠠᠷ ᠪᠠᠶᠢᠭ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠰᠢᠯᠢᠳᠡᠭ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠰᠢᠯᠢᠳᠡᠭ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠳᠤᠭᠤᠶᠢᠯᠠᠩ᠂ ᠰᠢᠯᠢᠳᠡᠭ  ᠲᠦᠯᠦᠭᠡᠯᠡᠭᠴᠢ ᠶᠢᠨ ᠰᠠᠨᠠᠭᠤᠯᠭ᠎ᠠ ᠵᠢᠴᠢ ᠲᠡᠷᠢᠭᠦᠨ ᠤ ᠲᠦᠯᠦᠭᠡᠯᠡᠭᠴᠢ ᠶᠢᠨ ᠰᠠᠨᠠᠭᠤᠯᠭ᠎ᠠ ᠶᠢ ᠳᠠᠭᠠᠭᠠᠨ ᠠᠪᠴᠤ ᠬᠦᠢᠴᠡᠳᠭᠡᠭᠰᠡᠨ ᠨᠢᠭᠡᠴᠢ ᠶᠢᠨ ᠨᠡᠷᠡᠰ ᠪᠣᠯᠤᠨ 2022 ᠣᠨ ᠳᠤ ᠦᠨᠡᠯᠡᠨ ᠲᠣᠭᠲᠠᠭᠠᠬᠤ ᠪᠠᠷ ᠪᠠᠶᠢᠭ᠎ᠠ ︽ᠲᠠᠪᠤᠨ ᠤᠳᠤᠨ ᠲᠡᠰ︾  ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠭᠡᠷ ᠪᠦᠯᠢ ᠶᠢᠨ ᠨᠡᠷᠡᠰ ᠢ ᠰᠤᠳᠤᠯᠪᠠ᠃        ᠬᠤᠷᠠᠯ ᠠᠴᠠ ᠪᠠᠰᠠ ᠠᠯᠪᠠᠨ ᠭᠡᠷ ᠵᠢᠴᠢ ᠡᠯ᠎ᠡ ᠠᠵᠢᠯ ᠤᠨ ᠵᠥᠪᠯᠡᠯ ᠤᠨ 2022 ᠣᠨ ᠤ ᠠᠵᠢᠯ ᠤᠨ ᠳ᠋ᠦᠩᠨᠡᠯᠲᠡ ᠵᠢᠴᠢ 2023 ᠣᠨ ᠤ ᠠᠵᠢᠯ ᠤᠨ  ᠲᠦᠯᠦᠪᠯᠡᠭᠡ ᠶᠢ ᠰᠣᠨᠣᠰᠴᠠᠢ᠃           ᠬᠤᠷᠠᠯ ᠠᠴᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ‍ᠤᠨ‌ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ᠂ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠷᠠᠳ ‍ᠤᠨ‌‍ᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠰᠡᠳᠭᠢᠵᠦ᠂ ᠭᠦᠨᠵᠡᠭᠡᠶ ᠰᠤᠳᠤᠯᠵᠦ᠂ ᠰᠢᠰᠲ᠋ᠧᠮ ᠲᠠᠢ ᠲᠦᠯᠦᠪᠯᠡᠨ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂  ᠲᠦᠯᠦᠭᠡᠯᠡᠭᠴᠢᠳ ᠤᠨ ᠠᠵᠢᠯ ᠪᠠ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠳᠭᠦᠯ ᠴᠢᠷᠮᠠᠶᠢᠯᠭ᠎ᠠ ᠶᠢ ᠢᠯᠡᠷᠡᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠢᠶᠠᠨ ᠰᠠᠶᠢᠲᠤᠷ ᠬᠡᠷᠡᠭᠵᠢᠭᠦᠯᠬᠦ ᠬᠡᠷᠡᠭᠲᠠᠢ ᠭᠡᠵᠦ ᠴᠢᠬᠤᠯᠠᠴᠢᠯᠠᠵᠠᠢ᠃ 
ᠢᠷᠡᠯᠲᠡ᠄ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 14 ᠳ᠋ᠤᠭᠡᠷ