| ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠬᠠᠮᠲᠤᠷᠠᠨ ︽ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠬᠤᠯᠪᠣᠭᠳᠠᠯ ᠪᠦᠬᠦᠢ ᠨᠢᠭᠡᠴᠢ ᠶᠢᠨ ᠬᠠᠮᠢᠶ᠎ᠠ ᠪᠦᠬᠦᠢ ᠠᠭᠤᠯᠭ᠎ᠠ ᠶᠢ ᠨᠡᠩ ᠰᠠᠶᠢᠲᠤᠷ ᠣᠶᠢᠯᠠᠭᠠᠵᠤ᠂ | ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠳᠤ ᠳᠥᠭᠦᠮ ᠪᠣᠯᠭᠠᠬᠤ ᠶᠢᠨ ᠲᠤᠰᠠᠳᠠ᠂ ᠡᠳᠦᠭᠡ ︽ᠲᠥᠯᠥᠪᠵᠢᠭᠦᠯᠭᠡ︾ ᠶᠢ | ᠲᠣᠭᠲᠠᠭᠠᠭᠰᠠᠨ ᠠᠬᠤᠶ ᠪᠠᠶᠢᠳᠠᠯ ᠪᠣᠯᠤᠨ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠲᠣᠭᠲᠠᠭᠠᠭᠰᠠᠨ ᠠᠬᠤᠶ ᠪᠠᠶᠢᠳᠠᠯ | 2013 ᠣᠨ ᠤ 5 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ︵ | 2013 - ᠣᠨ 2030 ᠣᠨ︶︾ ᠶᠢ ᠵᠥᠪᠰᠢᠶᠡᠷᠡᠪᠡ᠃ ᠣᠶᠢᠷ᠎ᠠ ᠶᠢᠨ ᠵᠢᠯ ᠤᠳ ᠲᠤ᠂ ᠲᠣᠰ ᠲᠥᠯᠥᠪᠵᠢᠭᠦᠯᠭᠡ ᠶᠢᠨ ᠵᠢᠯᠣᠭᠤᠳᠣᠯᠭ᠎ᠠ ᠳᠤᠤᠷ᠎ᠠ᠂ ᠤᠯᠤᠰ ᠤᠨ | ᠵᠠᠰᠠᠮᠠᠯ ᠵᠠᠮ ᠲᠦᠷᠭᠡᠨ ᠬᠥᠭᠵᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠶᠡᠷᠦᠩᠬᠡᠶ ᠳᠤ ᠪᠠᠨ ᠵᠣᠬᠢᠴᠠᠵᠤ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠦᠴᠦᠲᠡᠶ ᠲᠤᠯᠭᠠᠭᠤᠷᠢᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ | ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠥᠭᠵᠢᠯᠲᠡ ᠶᠢᠨ | ᠪᠠᠶᠢᠳᠠᠯ ᠤᠨ ᠬᠤᠪᠢᠷᠠᠯᠲᠠ ᠪᠣᠯᠤᠨ ᠠᠷᠠᠳ ᠣᠯᠠᠨ ᠤ ᠴᠢᠨᠠᠷ ᠰᠠᠶᠢᠲᠠᠶ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠬᠦ ᠶᠢ ᠳᠠᠭᠠᠯᠳᠤᠨ᠂ | ᠤᠯᠤᠰ ᠤᠨ ᠵᠠᠰᠠᠮᠠᠯ ᠵᠠᠮ ᠤᠨ ᠲᠣᠣᠷ ᠤᠨ ᠭᠤᠤᠯ ᠨᠡᠪᠲᠡᠷᠡᠬᠦ ᠵᠠᠮ ᠤᠨ ᠴᠢᠳᠠᠪᠤᠷᠢ ᠬᠦᠷᠦᠯᠴᠡᠬᠦ ᠥᠬᠡᠶ ᠪᠠᠶᠢᠵᠤ᠂ ᠬᠤᠲᠠ ᠶᠢᠨ ᠪᠥᠭᠡᠮᠨᠡᠷᠡᠯ ᠤᠨ ᠬᠤᠲᠠ ᠶᠢᠨ | ᠲᠣᠭᠤᠷᠢᠭ ᠤᠨ ᠣᠷᠣᠨ ᠪᠦᠰᠡ ᠶᠢᠨ ᠲᠣᠣᠷ ᠰᠦᠯᠵᠢᠶ᠎ᠡ ᠲᠡᠭᠦᠯᠳᠡᠷᠵᠢᠭᠡᠳᠦᠶ᠂ ᠵᠠᠮ ᠤᠨ ᠲᠣᠣᠷ ᠤᠨ ᠪᠦᠷᠬᠦᠴᠡ ᠶᠢᠨ ᠭᠦᠨᠴᠡ ᠬᠦᠷᠦᠯᠴᠡᠬᠦ ᠥᠬᠡᠶ᠂ ᠵᠠᠮ ᠤᠨ | ᠲᠣᠣᠷ ᠤᠨ ᠤᠶᠠᠨ ᠬᠠᠲᠠᠨ ᠴᠢᠨᠠᠷ ᠪᠠ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠶ | ᠪᠠᠶᠢᠬᠤ ᠵᠡᠷᠭᠡ ᠠᠰᠠᠭᠤᠳᠠᠯ ᠠᠯᠬᠤᠮ ᠠᠯᠬᠤᠮ ᠢᠶᠠᠷ ᠢᠯᠡᠷᠡᠵᠦ ᠪᠠᠶᠢᠨ᠎ᠠ᠃ | 2021 ᠣᠨ ᠤ 2 ᠳ᠋ᠤᠭᠠᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠶᠡᠷᠦᠩᠬᠡᠶᠢᠯᠡᠭᠰᠡᠨ ᠪᠣᠰᠤᠭ᠎ᠠ | ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠲᠥᠯᠥᠪᠵᠢᠭᠦᠯᠭᠡ ᠶᠢᠨ ᠬᠥᠲᠥᠯᠪᠦᠷᠢ︾ ︵ᠳᠣᠷᠣᠭᠰᠢ ︽ᠲᠥᠯᠥᠪᠵᠢᠭᠦᠯᠭᠡ ᠶᠢᠨ ᠬᠥᠲᠥᠯᠪᠦᠷᠢ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠣᠳᠣᠬᠢᠴᠢᠯᠠᠭᠰᠠᠨ ᠴᠢᠨᠠᠷ ᠰᠠᠶᠢᠲᠠᠢ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠲᠣᠣᠷ ᠢ ᠪᠠᠶᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠱᠠᠲᠤᠨ ᠳᠠᠬᠢ ᠤᠯᠤᠰ ᠤᠨ ᠵᠠᠰᠠᠮᠠᠯ ᠵᠠᠮ ᠤᠨ | ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠪᠡ᠃ ︽ᠲᠥᠯᠥᠪᠵᠢᠭᠦᠯᠭᠡ ᠶᠢᠨ ᠬᠦᠲᠦᠯᠪᠦᠷᠢ︾ ᠳᠤ ᠲᠣᠳᠤᠷᠬᠠᠶᠢᠯᠠᠭᠰᠠᠨ ᠨᠢ᠂ ᠤᠯᠤᠰ ᠤᠨ ᠳᠡᠭᠡᠳᠦ | ᠬᠤᠷᠳᠤ ᠶᠢᠨ ᠵᠠᠰᠠᠮᠠᠯ ᠵᠠᠮ ᠤᠨ ᠲᠣᠣᠷ ᠪᠣᠯᠤᠨ ᠡᠩ ᠤᠨ ᠤᠯᠤᠰ ᠤᠨ ᠵᠠᠮ ᠤᠨ ᠲᠣᠣᠷ ᠨᠡᠶᠢᠲᠡ 46 ᠲᠦᠮᠡᠨ ᠺᠢᠯᠤᠮᠧᠲᠷ ᠣᠷᠴᠢᠮ ᠪᠤᠶ᠃ ︽ᠤᠯᠤᠰ ᠤᠨ | ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ︵2013 ᠣᠨ - 2030 ᠣᠨ︶︾ ᠲᠠᠢ ᠬᠠᠷᠢᠴᠠᠭᠤᠯᠪᠠᠯ᠂ ᠤᠯᠤᠰ ᠤᠨ ᠵᠠᠰᠠᠮᠠᠯ ᠵᠠᠮ ᠤᠨ ᠲᠣᠣᠷ ᠤᠨ | ᠪᠠᠶᠢᠷᠢᠰᠢᠯ ᠤᠨ ᠶᠡᠷᠦᠩᠬᠡᠢ ᠪᠣᠷᠣ ᠲᠥᠯᠥᠪ ᠬᠤᠪᠢᠷᠠᠭ᠎ᠠ ᠦᠭᠡᠢ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠪᠠᠷᠤᠭ 2.4 ᠲᠦᠮᠡᠨ ᠺᠢᠯᠤᠮᠧᠲᠷ | ᠨᠡᠮᠡᠭᠳᠡᠵᠦ᠂ ᠡᠩ ᠤᠨ ᠤᠯᠤᠰ ᠤᠨ ᠵᠠᠮ ᠤᠨ ᠲᠣᠣᠷ ᠪᠠᠷᠤᠭ 3.5 ᠲᠦᠮᠡᠨ ᠺᠢᠯᠤᠮᠧᠲᠷ ᠨᠡᠮᠡᠭᠳᠡᠵᠡᠢ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠠᠶᠢᠵᠤ᠂ | ᠣᠳᠣᠬᠢᠴᠢᠯᠠᠭᠰᠠᠨ ᠴᠢᠨᠠᠷ ᠰᠠᠶᠢᠲᠠᠶ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠤᠤᠷ ᠢ ᠬᠦᠴᠦᠲᠡᠶ ᠲᠤᠯᠭᠠᠭᠤᠷᠢᠯᠠᠨ ᠪᠠᠶᠢᠭᠤᠯᠵᠤ᠂ | ᠵᠠᠮ ᠬᠠᠷᠢᠯᠴᠠᠭᠠᠨ ᠤ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠨᠡᠭᠡᠭᠡᠬᠦ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠢ᠃ | ᠬᠤᠶᠠᠷ᠂ ᠭᠤᠤᠯ ᠠᠭᠤᠯᠭ᠎ᠠ | ︽ᠲᠥᠯᠥᠪᠵᠢᠭᠦᠯᠭᠡ︾ ᠨᠢ ᠨᠡᠶᠢᠲᠡ ᠵᠢᠷᠭᠤᠭᠠᠨ ᠶᠡᠭᠡ ᠬᠡᠰᠡᠭ ᠪᠠᠶᠢᠵᠤ᠂ ᠲᠥᠯᠥᠪᠵᠢᠭᠦᠯᠭᠡ ᠶᠢᠨ ᠰᠠᠭᠤᠷᠢ᠂ ᠶᠡᠷᠦᠩᠬᠡᠶ ᠱᠠᠭᠠᠷᠳᠠᠯᠭ᠎ᠠ᠂ | ᠲᠥᠯᠥᠪᠵᠢᠭᠦᠯᠭᠡ ᠶᠢᠨ ᠲᠥᠰᠦᠯ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ᠂ ᠣᠷᠴᠢᠨ ᠠᠬᠤᠢ ᠶᠢᠨ ᠨᠥᠯᠥᠭᠡᠯᠡᠯ ᠵᠢᠴᠢ ᠠᠷᠭᠠᠴᠠᠭᠠᠬᠤ ᠪᠣᠳᠣᠯᠭ᠎ᠠ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠵᠦ ᠬᠤᠪᠢᠶᠠᠪᠠ᠃ | ᠨᠢᠭᠡ ᠳᠤ᠂ ᠲᠥᠯᠥᠪᠵᠢᠭᠦᠯᠭᠡ ᠶᠢᠨ ᠰᠠᠭᠤᠷᠢ᠂ ᠤᠯᠤᠰ ᠤᠨ ᠵᠠᠰᠠᠮᠠᠯ ᠵᠠᠮ ᠤᠨ ᠲᠣᠣᠷ ᠤᠨ ᠬᠥᠭᠵᠢᠯᠲᠡ ᠶᠢᠨ ᠣᠳᠣᠬᠢ ᠪᠠᠶᠢᠳᠠᠯ᠂ ᠭᠤᠣᠯ ᠠᠰᠠᠭᠤᠳᠠᠯ ᠢ | ᠪᠦᠬᠦ ᠲᠠᠯ᠎ᠠ ᠪᠠᠷ ᠡᠮᠬᠢᠯᠡᠵᠦ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠵᠠᠳᠠᠯᠪᠠ᠃ | ᠬᠤᠶᠠᠷ ᠲᠤ᠂ ᠶᠡᠷᠦᠩᠬᠡᠶ ᠱᠠᠭᠠᠷᠳᠠᠯᠭ᠎ᠠ᠂ ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠲᠥᠯᠥᠪᠵᠢᠭᠦᠯᠭᠡ ᠶᠢᠨ | ᠬᠠᠷᠠᠯᠲᠠ ᠶᠢ ᠲᠣᠳᠣᠷᠬᠠᠶᠢᠯᠠᠪᠠ᠃ 2035 ᠣᠨ ᠪᠣᠯᠬᠤ ᠳᠤ᠂ ᠪᠦᠷᠬᠦᠴᠡ ᠪᠠᠷ ᠥᠷᠭᠡᠨ᠂ ᠴᠢᠳᠠᠮᠵᠢ ᠪᠦᠷᠢᠨ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ | ᠪᠣᠬᠢᠷᠲᠤᠯ ᠥᠬᠡᠶ ᠪᠥᠭᠡᠳ ᠣᠶᠤᠨᠴᠢ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠣᠳᠣᠬᠢᠴᠢᠯᠠᠭᠰᠠᠨ ᠴᠢᠨᠠᠷ ᠰᠠᠶᠢᠲᠠᠶ ᠤᠯᠤᠰ ᠤᠨ ᠵᠠᠰᠠᠮᠠᠯ ᠵᠠᠮ ᠤᠨ ᠲᠤᠤᠷ ᠢ | ᠦᠨᠳᠦᠰᠦᠨ ᠳᠤ ᠪᠠᠨ ᠪᠠᠶᠢᠭᠤᠯᠤᠨ᠎ᠠ᠃ 2050 ᠣᠨ ᠢ ᠪᠠᠷᠠᠯᠠᠬᠤ ᠳᠤ᠂ ᠳᠡᠯᠡᠬᠡᠶ ᠶᠢᠨ ᠲᠡᠷᠢᠭᠦᠨ ᠤ ᠤᠯᠤᠰ ᠤᠨ ᠵᠠᠰᠠᠮᠠᠯ ᠵᠠᠮ ᠤᠨ ᠲᠣᠣᠷ ᠢ ᠥᠨᠳᠥᠷ | ᠲᠦᠪᠰᠢᠨ ᠢᠶᠠᠷ ᠪᠠᠶᠢᠭᠤᠯᠵᠤ᠂ ᠣᠳᠣᠬᠢᠴᠢᠯᠠᠭᠰᠠᠨ ᠴᠢᠨᠠᠷ ᠰᠠᠶᠢᠲᠠᠶ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠲᠠᠢ | ᠵᠣᠬᠢᠴᠠᠭᠤᠯᠵᠤ᠂ ᠲᠡᠷᠢᠭᠦᠨ ᠤ ᠮᠡᠳᠡᠭᠡ ᠵᠠᠩᠭᠢ ᠶᠢᠨ ᠰᠦᠯᠵᠢᠶ᠎ᠡ ᠲᠠᠢ ᠠᠭᠤᠰᠤᠯᠴᠠᠭᠤᠯᠵᠤ᠂ ᠠᠮᠢ ᠠᠬᠤᠶ ᠶᠢᠨ ᠪᠣᠯᠪᠠᠰᠤᠨ ᠲᠠᠢ ᠵᠣᠬᠢᠴᠠᠭᠤᠯᠵᠤ᠂ ᠤᠯᠤᠰ ᠤᠨ | ᠶᠡᠷᠦᠩᠬᠡᠶ ᠠᠮᠤᠷ ᠲᠦᠪᠰᠢᠨ ᠤ ᠦᠵᠡᠯᠲᠡ ᠲᠠᠢ ᠨᠢᠭᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠵᠣᠬᠢᠴᠠᠭᠤᠯᠵᠤ᠂ | ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠨ᠎ᠠ᠃ | ᠭᠤᠷᠪᠠ ᠳᠤ᠂ ᠲᠥᠯᠥᠪᠵᠢᠭᠦᠯᠭᠡ ᠶᠢᠨ ᠲᠥᠰᠦᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠤᠯᠭᠠᠭᠤᠷᠢᠯᠠᠨ ᠪᠠᠶᠢᠭᠤᠯᠬᠤ᠂ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠵᠡᠷᠭᠡ ᠲᠠᠯ᠎ᠠ ᠠᠴᠠ ᠵᠠᠮ ᠤᠨ ᠲᠤᠤᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠲᠣᠬᠢᠷᠠᠭᠤᠯᠤᠯᠲᠠ | ᠬᠢᠭᠰᠡᠨ ᠤ ᠳᠠᠷᠠᠭ᠎ᠠ ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ ᠶᠢᠨ ᠪᠥᠬᠦ ᠣᠷᠳᠣ ᠨᠢ ᠪᠠᠷᠤᠭ 46.1 ᠲᠦᠮᠡᠨ ᠺᠢᠯᠣᠮᠧᠳ᠋ᠷ ᠪᠣᠯᠤᠨ᠎ᠠ᠃ | ᠡᠭᠦᠨ ᠳᠤ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠪᠠᠷᠤᠭ 16.2 ᠲᠦᠮᠡᠨ ᠺᠢᠯᠤᠮᠧᠲᠷ ︵ᠠᠯᠤᠰ ᠢ ᠪᠠᠷᠠᠯᠠᠬᠤ ᠱᠤᠭᠤᠮ ᠪᠠᠷᠤᠭ 0.8 ᠲᠦᠮᠡᠨ | ᠺᠢᠯᠣᠮᠧᠳ᠋ᠷ ᠪᠠᠭᠲᠠᠨ᠎ᠠ︶ ᠪᠠᠶᠢᠵᠤ᠂ ᠡᠩ ᠤᠨ ᠤᠯᠤᠰ ᠤᠨ ᠵᠠᠮ ᠤᠨ ᠲᠤᠤᠷ ᠤᠨ ᠲᠥᠯᠥᠪᠵᠢᠭᠦᠯᠦᠭᠰᠡᠨ ᠵᠠᠮ ᠤᠨ ᠣᠷᠳᠣ ᠪᠠᠷᠤᠭ 29.9 ᠲᠦᠮᠡᠨ ᠺᠢᠯᠤᠮᠧᠲᠷ | ᠪᠠᠶᠢᠨ᠎ᠠ᠃ | ᠳᠥᠷᠪᠡ ᠳᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ᠂ ᠢᠷᠡᠭᠡᠳᠦᠶ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠵᠢᠴᠢ ᠣᠶᠢᠷ᠎ᠠ ᠶᠢᠨ | ᠬᠤᠭᠤᠴᠠᠭᠠᠨ ᠤ ᠬᠡᠷᠡᠭᠵᠢᠭᠦᠯᠬᠦ ᠭᠤᠤᠯᠳᠠᠯᠭ᠎ᠠ ᠶᠢ ᠳᠤᠷᠠᠳᠤᠭᠰᠠᠨ ᠪᠥᠭᠡᠳ ᠬᠡᠷᠡᠭᠵᠢᠭᠦᠯᠬᠦ ᠱᠠᠭᠠᠷᠳᠠᠯᠭ᠎ᠠ ᠳᠤᠷᠠᠳᠪᠠ᠃ | ᠲᠠᠪᠤ ᠳᠤ᠂ ᠣᠷᠴᠢᠨ ᠠᠬᠤᠢ ᠶᠢᠨ ᠨᠥᠯᠥᠭᠡᠯᠡᠯ ᠵᠢᠴᠢ ᠠᠷᠭᠠᠴᠠᠭᠠᠬᠤ ᠪᠤᠳᠤᠯᠭ᠎ᠠ᠂ ᠭᠤᠣᠯᠳᠠᠭᠤ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠣᠷᠴᠢᠨ | ᠠᠬᠤᠢ ᠶᠢᠨ ᠨᠥᠯᠥᠭᠡᠯᠡᠯ ᠤᠨ ᠵᠠᠳᠠᠯᠤᠯᠲᠠ᠂ ᠨᠥᠯᠥᠭᠡᠯᠡᠯ ᠤᠨ ᠦᠨᠡᠯᠡᠯᠲᠡ ᠵᠢᠴᠢ ᠣᠷᠴᠢᠨ ᠠᠬᠤᠢ ᠶᠢᠨ ᠮᠠᠭᠤ ᠨᠥᠯᠥᠭᠡᠯᠡᠯ ᠢ ᠤᠷᠢᠳᠴᠢᠯᠠᠨ ᠰᠡᠷᠭᠡᠶᠢᠯᠡᠬᠦ ᠪᠠ | ᠪᠠᠭᠠᠰᠬᠠᠬᠤ ᠠᠷᠭᠠᠴᠠᠭᠠᠬᠤ ᠪᠤᠳᠤᠯᠭ᠎ᠠ ᠪᠠᠭᠲᠠᠨ᠎ᠠ᠃ | ᠵᠢᠷᠭᠤᠭ᠎ᠠ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠲᠥᠯᠥᠪᠵᠢᠭᠦᠯᠭᠡ ᠶᠢᠨ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | | |