| | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠭᠦᠢᠴᠡᠳ ᠠᠭᠤᠳᠠᠯᠬᠤ᠂ ᠨᠡᠶᠢᠭᠡᠮ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ︽ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ | ︵ᠠᠷᠤ ᠳᠤ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢ ᠴᠡᠭᠴᠡᠯᠡᠨ ᠵᠠᠰᠠᠬᠤ ᠶᠢ | ᠴᠢᠩᠭᠠᠳᠬᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠦᠨ᠎ᠡ ᠥᠷᠲᠡᠭ ᠢ ᠢᠯᠡᠷᠡᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠤᠭᠰᠠᠨ ᠤ ᠬᠠᠮᠲᠤ᠂ ᠢᠵᠢ ᠪᠦᠷᠢᠨ | ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠲᠣᠭᠲᠠᠭᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ︽ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ | ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠬᠤ᠂ ᠲᠠᠷᠢᠶᠠᠨ ᠭᠠᠵᠠᠷ ᠤᠨ | ᠤᠯᠠᠭᠠᠨ ᠱᠤᠭᠤᠮ ᠢ ᠴᠢᠩᠭ᠎ᠠ ᠰᠠᠬᠢᠬᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠦᠬᠦ ᠲᠠᠯ᠎ᠠ ᠪᠠᠷ ᠠᠬᠢᠭᠤᠯᠬᠤ᠂ ᠶᠠᠰᠤ ᠴᠢᠨᠠᠷ᠂ ᠠᠮᠢ ᠠᠬᠤᠶ ᠶᠢᠨ ︽ | ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ︽ᠬᠥᠳᠡᠭᠡ ᠲᠣᠰᠬᠤᠨ ᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ ᠶᠢ | ᠪᠥᠬᠦ ᠲᠠᠯ᠎ᠠ ᠪᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︵ᠠᠷᠤ ᠳᠤ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ | ᠲᠤᠭᠤᠷᠪᠢᠪᠠ᠂ ︽ᠬᠡᠷᠡᠭᠵᠢᠭᠦᠯᠬᠦ ᠰᠠᠨᠠᠯ︾ ᠢ ᠲᠤᠭᠤᠷᠪᠢᠬᠤ ᠶᠠᠪᠤᠴᠠ ᠳᠤ ᠡᠯ᠎ᠡ ᠠᠶᠢᠮᠠᠭ ᠤᠨ ᠵᠠᠬᠢᠷᠭ᠎ᠠ ᠠᠴᠠ ᠰᠠᠨᠠᠯ ᠬᠤᠷᠢᠶᠠᠪᠠ᠂ ᠡᠯ᠎ᠡ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ᠂ ᠵᠠᠰᠠᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ 8 | ᠰᠠᠷ᠎ᠠ ᠶᠢᠨ 10 ᠤ ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠤᠨ ᠭᠤᠤᠯ ᠠᠭᠤᠯᠭ᠎ᠠ ᠳᠤ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠠᠵᠢᠯ ᠤᠨ ᠲᠣᠬᠢᠷᠠᠭᠤᠯᠤᠯᠲᠠ ᠪᠠ ᠪᠠᠲᠤᠯᠠᠭ᠎ᠠ ᠶᠢᠨ | ᠠᠷᠭ᠎ᠠ ᠬᠡᠮᠵᠢᠶ᠎ᠡ 4 ᠬᠡᠰᠡᠭ᠂ ᠭᠤᠤᠯ ᠠᠭᠤᠯᠭ᠎ᠠ ᠪᠣᠯ ︽ᠭᠤᠤᠯ ᠡᠭᠦᠷᠭᠡ︾ ᠳᠤ ᠳᠤᠷᠠᠳᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠬᠦ᠂ ᠬᠥᠳᠡᠭᠡ ᠲᠣᠰᠬᠤᠨ ᠤ ᠰᠤᠯᠠ ᠪᠠᠶᠢᠭ᠎ᠠ ᠦᠷ᠎ᠡ ᠠᠰᠢᠭ ᠢᠶᠠᠷ ᠳᠤᠤᠷ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠬᠤ᠂ ᠲᠠᠷᠢᠶᠠᠯᠠᠬᠤ ᠳᠤ ᠲᠣᠬᠢᠷᠠᠮᠵᠢᠲᠠᠶ ᠪᠡᠯᠡᠳᠬᠡᠯ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ᠂ | ᠲᠠᠷᠢᠶᠠᠨ ᠭᠠᠵᠠᠷ ᠤᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ ᠵᠡᠷᠭᠡ 4 ᠲᠠᠯ᠎ᠠ ᠶᠢᠨ | 11 ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠪᠠᠭᠲᠠᠵᠤ᠂ ᠪᠣᠳᠠᠲᠠᠶ ᠬᠠᠷᠠᠯᠲᠠ ᠡᠭᠦᠷᠭᠡ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠭᠤᠣᠯ | ᠠᠭᠤᠯᠭ᠎ᠠ ᠶᠢᠨ ᠲᠣᠳᠣᠷᠬᠠᠶᠢᠯᠠᠯᠲᠠ᠄ | ︵ᠨᠢᠭᠡ︶ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠡᠭᠦᠨ ᠳᠤ ᠰᠤᠯᠠ ᠪᠠᠶᠢᠭ᠎ᠠ᠂ | ᠦᠷ᠎ᠡ ᠠᠰᠢᠭ ᠢᠶᠠᠷ ᠳᠤᠤᠷ᠎ᠠ ᠲᠠᠷᠠᠬᠠᠶ ᠪᠤᠲᠠᠷᠬᠠᠶ ᠲᠠᠷᠢᠶᠠᠨ ᠭᠠᠵᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠨᠢᠭᠡᠳᠦᠯᠲᠡᠶ ᠲᠥᠯᠥᠪᠵᠢᠭᠦᠯᠦᠨ ᠠᠰᠢᠭᠯᠠᠬᠤ ᠶᠢ | ᠴᠢᠩᠭᠠᠳᠬᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ᠂ ᠲᠠᠷᠢᠶᠠᠨ ᠭᠠᠵᠠᠷ ᠤᠨ ᠶᠠᠰᠤ | ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ᠂ ᠠᠲᠠᠷᠰᠢᠭᠤᠯᠤᠭᠰᠠᠨ ᠲᠠᠷᠢᠶᠠᠨ ᠭᠠᠵᠠᠷ ᠢ ᠰᠡᠷᠭᠦᠭᠡᠬᠦ ᠡᠷᠴᠢᠮ ᠢ ᠴᠢᠩᠭᠠᠷᠠᠭᠤᠯᠬᠤ ᠵᠡᠷᠭᠡ ᠳᠥᠷᠪᠡᠨ ᠵᠦᠢᠯ ᠤᠨ | ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠭᠲᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠠᠷᠢᠶᠠᠨ | ᠭᠠᠵᠠᠷ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ | ᠠᠲᠠᠷᠰᠢᠭᠤᠯᠤᠭᠰᠠᠨ ᠲᠠᠷᠢᠶᠠᠨ ᠭᠠᠵᠠᠷ ᠢ ᠰᠡᠷᠭᠦᠭᠡᠬᠦ ᠪᠣᠳᠠᠲᠠᠶ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ | ︵ᠬᠤᠶᠠᠷ︶ ᠬᠥᠳᠡᠭᠡ ᠲᠣᠰᠬᠤᠨ ᠤ ᠰᠤᠯᠠ ᠪᠠᠶᠢᠭ᠎ᠠ ᠦᠷ᠎ᠡ ᠠᠰᠢᠭ ᠢᠶᠠᠷ ᠳᠤᠤᠷ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠨ | ᠵᠠᠰᠠᠬᠤ ᠶᠢ ᠲᠦᠷᠭᠡᠳᠬᠡᠨ ᠠᠬᠢᠭᠤᠯᠤᠨ᠎ᠠ᠃ ᠡᠭᠦᠨ ᠳᠤ ︽ᠬᠤᠭᠤᠰᠣᠨ ᠲᠣᠰᠬᠤᠨ︾ ᠢᠶᠠᠷ ᠭᠤᠤᠯ ᠪᠣᠯᠭᠠᠭᠰᠠᠨ ᠬᠥᠳᠡᠭᠡ ᠲᠣᠰᠬᠤᠨ ᠤ ᠬᠠᠳᠠᠭᠠᠯᠠᠭᠳᠠᠵᠤ ᠪᠠᠶᠢᠭ᠎ᠠ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠨ ᠵᠠᠰᠠᠬᠤ ᠶᠢ ᠳᠥᠯᠭᠢᠨ ᠠᠬᠢᠭᠤᠯᠬᠤ ᠪᠠ ᠬᠥᠳᠡᠭᠡ ᠲᠣᠰᠬᠤᠨ ᠤ ︽ᠬᠡᠷ ᠪᠠᠶᠢᠰᠢᠩ ᠤᠨ ᠡᠮᠦᠨ᠎ᠡ | ᠬᠤᠶᠢᠨ᠎ᠠ︾ ᠲᠠᠷᠠᠬᠠᠶ ᠪᠤᠲᠠᠷᠬᠠᠶ ᠭᠠᠵᠠᠷ ᠰᠢᠷᠣᠶ ᠶᠢ ᠰᠢᠨ᠎ᠡ ᠪᠠᠷ ᠡᠭᠦᠳᠦᠨ ᠠᠰᠢᠭᠯᠠᠬᠤ ᠶᠢ ᠠᠬᠢᠭᠤᠯᠬᠤ ᠬᠤᠶᠠᠷ ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ | ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ | ᠪᠣᠳᠣᠯᠭ᠎ᠠ ᠶᠢ ᠭᠦᠢᠴᠡᠳ ᠠᠰᠢᠭᠯᠠᠵᠤ᠂ ᠬᠥᠳᠡᠭᠡ ᠲᠣᠰᠬᠤᠨ ᠤ ᠬᠠᠶᠠᠭᠳᠠᠮᠠᠯ ᠣᠷᠣᠨ ᠰᠠᠭᠤᠴᠠ ᠶᠢᠨ ᠭᠠᠵᠠᠷ᠂ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ | ᠵᠡᠷᠭᠡ ᠰᠤᠯᠠ ᠪᠠᠶᠢᠭ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠤᠷᠠᠭᠠᠵᠤ ᠬᠠᠭᠤᠴᠢᠨ ᠢ ᠨᠢ ᠰᠡᠷᠭᠦᠭᠡᠨ ᠬᠠᠭᠠᠯᠪᠤᠷᠢᠯᠠᠬᠤ ᠵᠢᠴᠢ ︽ᠶᠡᠭᠡ ᠬᠦᠷᠢᠶ᠎ᠡ︾ ᠶᠢ | ︽ᠪᠠᠭ᠎ᠠ ᠬᠦᠷᠢᠶ᠎ᠡ︾ ᠪᠣᠯᠭᠠᠨ ᠬᠤᠪᠢᠷᠠᠭᠤᠯᠬᠤ ᠠᠷᠭ᠎ᠠ ᠬᠡᠯᠪᠡᠷᠢ ᠶᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠠᠷᠠᠯᠵᠢᠶᠠᠨ ᠤ ᠭᠦᠢᠴᠡᠳᠬᠡᠯ ᠲᠤᠭ᠎ᠠ ᠶᠢ ᠪᠣᠶ ᠪᠣᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠ ᠪᠦᠲᠦᠮᠵᠢᠲᠡᠶ ᠲᠠᠷᠢᠶᠠᠨ ᠭᠠᠵᠠᠷ ᠢ ᠨᠡᠮᠡᠭᠳᠡᠭᠦᠯᠦᠨ᠎ᠡ᠃ | | ︵ᠭᠤᠷᠪᠠ︶ ᠲᠠᠷᠢᠶᠠᠯᠠᠬᠤ ᠳᠤ ᠲᠣᠬᠢᠷᠠᠬᠤ ᠨᠥᠭᠡᠴᠡ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠬᠡᠷᠡᠭᠲᠡᠶ᠃ ᠡᠭᠦᠨ ᠳᠤ ᠲᠠᠷᠢᠶᠠᠨ ᠭᠠᠵᠠᠷ ᠤᠨ | ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠬᠤ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠡᠮᠬᠢ ᠵᠢᠷᠤᠮ ᠲᠠᠢ ᠠᠬᠢᠭᠤᠯᠬᠤ᠂ ᠡᠯᠡᠰᠦᠷᠬᠡᠭ ᠭᠠᠵᠠᠷ᠂ ᠬᠤᠵᠢᠷᠯᠢᠭ ᠭᠠᠵᠠᠷ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠬᠤ ᠭᠤᠷᠪᠠᠨ | ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠪᠠᠭᠲᠠᠵᠤ᠂ ︽ᠬᠠᠮᠠᠭᠠᠯᠠᠬᠤ ᠳᠤᠮᠳᠠ ᠨᠡᠭᠡᠭᠡᠨ ᠠᠰᠢᠭᠯᠠᠬᠤ᠂ ᠨᠡᠭᠡᠭᠡᠨ ᠠᠰᠢᠭᠯᠠᠬᠤ ᠳᠤᠮᠳᠠ ᠬᠠᠮᠠᠭᠠᠯᠠᠬᠤ︾ | ᠵᠠᠷᠴᠢᠮ ᠢ ᠪᠠᠷᠢᠮᠲᠠᠯᠠᠵᠤ᠂ ᠮᠠᠨ ᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠢ ᠬᠠᠳᠠᠭᠠᠯᠠᠨ ᠬᠠᠮᠠᠭᠠᠯᠠᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠡᠯᠡᠰᠦᠷᠬᠡᠭ ᠭᠠᠵᠠᠷ᠂ ᠬᠤᠵᠢᠷᠯᠢᠭ ᠭᠠᠵᠠᠷ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ | ᠠᠰᠢᠭᠯᠠᠬᠤ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠡᠭᠦᠨ ᠤ ᠬᠠᠮᠲᠤ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠰᠢᠨ᠎ᠡ ᠪᠠᠷ ᠨᠡᠮᠡᠭᠳᠡᠭᠦᠯᠬᠦ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ | ︵ᠳᠥᠷᠪᠡ︶ ᠲᠠᠷᠢᠶᠠᠨ ᠭᠠᠵᠠᠷ ᠤᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠶ᠃ ᠡᠭᠦᠨ ᠳᠤ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ | ᠪᠠ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠲᠠᠷᠢᠶᠠᠯᠠᠬᠤ ᠶᠢ ᠰᠡᠷᠭᠦᠭᠡᠬᠦ ᠬᠦᠴᠦᠨ ᠢ ᠨᠡᠮᠡᠭᠳᠡᠭᠦᠯᠬᠦ ᠬᠤᠶᠠᠷ ᠵᠦᠢᠯ ᠤᠨ | ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠭᠲᠠᠭᠠᠵᠤ᠂ ︽ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ᠂ ᠴᠢᠩᠭ᠎ᠠ ᠪᠠᠶᠢᠴᠠᠭᠠᠨ ᠰᠢᠢᠳᠪᠦᠷᠢᠯᠡᠬᠦ︾ ᠠᠵᠢᠯ ᠤᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠥᠴᠦᠬᠡᠨ ᠴᠦ ᠠᠭᠤᠴᠢᠯᠠᠬᠤ ᠦᠭᠡᠶ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠨ | ᠲᠠᠷᠢᠶᠠᠨ ᠭᠠᠵᠠᠷ ᠢ ᠡᠵᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠬᠠᠮᠲᠤ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ | ᠂ ᠴᠢᠩᠭ᠎ᠠ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠪᠦᠬᠦ ᠣᠷᠣᠨ ᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶ ᠵᠦᠢᠯ ᠢᠶᠠᠷ ᠢᠯᠭᠠᠷᠠᠭᠤᠯᠤᠨ | ᠴᠡᠭᠴᠡᠯᠡᠵᠦ ︽ᠡᠷᠭᠢᠵᠦ ᠬᠠᠷᠠᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠨᠤᠷᠠᠭᠠᠵᠤ ᠳᠠᠬᠢᠨ ᠬᠠᠭᠠᠯᠪᠤᠷᠢᠯᠠᠬᠤ ᠪᠠᠷ ᠳᠠᠮᠵᠢᠭᠤᠯᠤᠨ ᠰᠢᠨ᠎ᠡ ᠪᠠᠷ ᠨᠡᠮᠡᠭᠳᠡᠭᠰᠡᠨ | ᠲᠠᠷᠢᠶᠠᠨ ᠭᠠᠵᠠᠷ ᠢ ᠴᠢᠷᠮᠠᠶᠢᠨ ᠰᠡᠷᠭᠦᠭᠡᠬᠦ ᠬᠠᠷᠠᠯᠲᠠ ᠶᠢᠨ ᠡᠭᠦᠷᠭᠡ ᠶᠢ ᠲᠣᠳᠣᠷᠬᠠᠶᠢᠯᠠᠪᠠ᠃ | ᠭᠤᠷᠪᠠ᠂ ᠲᠣᠳᠣᠷᠬᠠᠶᠢᠯᠠᠬᠤ ᠴᠢᠬᠤᠯᠠᠲᠠᠢ ᠬᠡᠳᠦᠨ ᠭᠤᠣᠯ ᠠᠰᠠᠭᠤᠳᠠᠯ | ︵ᠨᠢᠭᠡ︶ ︽ᠬᠡᠷᠡᠭᠵᠢᠭᠦᠯᠬᠦ ᠰᠠᠨᠠᠯ︾ ᠨᠢ ︽ᠬᠡᠷᠡᠭᠵᠢᠭᠦᠯᠬᠦ ᠰᠠᠨᠠᠯ︾ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠤᠨ ᠳᠠᠯᠳᠠ | ᠬᠦᠴᠦᠨ ᠢ ᠭᠦᠢᠴᠡᠳ ᠠᠭᠤᠳᠠᠯᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠥᠷᠲᠡᠭ ᠢ ᠪᠦᠲᠦᠮᠵᠢᠲᠡᠶ ᠬᠥᠭᠵᠢᠭᠡᠬᠦ ᠰᠠᠨᠠᠯ ᠱᠠᠭᠠᠷᠳᠠᠯᠭ᠎ᠠ ᠶᠢ ᠭᠦᠢᠴᠡᠳ | ᠢᠯᠡᠷᠡᠭᠦᠯᠪᠡ᠃ ᠨᠢᠭᠡ ᠳᠤ᠂ ᠤᠰᠤ ᠪᠠᠷ ᠭᠠᠵᠠᠷ ᠢ ᠲᠣᠭᠲᠠᠭᠠᠬᠤ᠂ ᠲᠥᠪᠯᠡᠷᠡᠨ ᠵᠠᠯᠭᠠᠯᠳᠤᠬᠤ ᠵᠠᠷᠴᠢᠮ ᠤᠨ ᠶᠣᠰᠣᠭᠠᠷ᠂ ᠰᠤᠯᠠ ᠪᠠᠶᠢᠭ᠎ᠠ᠂ ᠦᠷ᠎ᠡ ᠠᠰᠢᠭ ᠢᠶᠠᠷ | ᠳᠣᠣᠷ᠎ᠠ ᠪᠥᠭᠡᠳ ᠲᠠᠷᠠᠬᠠᠶ ᠪᠤᠲᠠᠷᠬᠠᠶ ᠲᠠᠷᠢᠶᠠᠨ ᠭᠠᠵᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠬᠤ ᠶᠢ ᠴᠢᠩᠭᠠᠳᠬᠠᠨ᠂ ᠲᠠᠷᠢᠶᠠᠨ | ᠭᠠᠵᠠᠷ ᠤᠨ ᠲᠠᠯᠠᠪᠠᠶ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠠᠷᠢᠶᠠᠨ ᠭᠠᠵᠠᠷ ᠤᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠬᠡᠷᠡᠭᠲᠡᠶ᠃ ᠬᠤᠶᠠᠷ ᠲᠤ᠂ ︽ | ᠬᠤᠭᠤᠰᠣᠨ ᠲᠣᠰᠬᠤᠨ︾ ᠢᠶᠠᠷ ᠭᠤᠤᠯ ᠪᠣᠯᠭᠠᠨ ᠬᠥᠳᠡᠭᠡ ᠲᠣᠰᠬᠤᠨ ᠤ ᠬᠠᠳᠠᠭᠠᠯᠠᠭᠳᠠᠵᠤ ᠪᠠᠶᠢᠭ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠨ | ᠵᠠᠰᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ | ᠪᠣᠳᠣᠯᠭ᠎ᠠ ᠶᠢ ᠭᠦᠢᠴᠡᠳ ᠠᠰᠢᠭᠯᠠᠨ᠂ ᠬᠥᠳᠡᠭᠡ ᠲᠣᠰᠬᠤᠨ ᠤ ᠬᠠᠶᠠᠭᠳᠠᠮᠠᠯ ᠣᠷᠣᠨ ᠰᠠᠭᠤᠴᠠ ᠶᠢᠨ ᠰᠠᠭᠤᠷᠢ ᠭᠠᠵᠠᠷ᠂ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ | ᠭᠠᠵᠠᠷ ᠵᠡᠷᠭᠡ ᠰᠤᠯᠠ ᠬᠠᠶᠠᠭᠳᠠᠵᠤ ᠪᠠᠶᠢᠭ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠤᠷᠠᠭᠠᠵᠤ ᠬᠠᠭᠤᠴᠢᠨ ᠢ ᠨᠢ ᠰᠡᠷᠭᠦᠭᠡᠨ ᠬᠠᠭᠠᠯᠪᠤᠷᠢᠯᠠᠬᠤ᠂ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢ ᠨᠡᠭᠦᠯᠭᠡᠨ ᠰᠢᠯᠵᠢᠭᠦᠯᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠦᠲᠦᠮᠵᠢᠲᠡᠶ | ᠲᠠᠷᠢᠶᠠᠨ ᠭᠠᠵᠠᠷ ᠤᠨ ᠲᠠᠯᠠᠪᠠᠶ ᠶᠢ ᠨᠡᠮᠡᠭᠳᠡᠭᠦᠯᠦᠨ᠎ᠡ᠃ ᠭᠤᠷᠪᠠ ᠳᠤ᠂ ︽ᠶᠡᠭᠡ ᠬᠦᠷᠢᠶ᠎ᠡ︾ ᠶᠢ ︽ᠪᠠᠭ᠎ᠠ ᠬᠦᠷᠢᠶ᠎ᠡ︾ ᠪᠣᠯᠭᠠᠨ ᠬᠤᠪᠢᠷᠠᠭᠤᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠥᠳᠡᠭᠡ ᠲᠣᠰᠬᠤᠨ ᠤ ︽ᠬᠡᠷ ᠪᠠᠶᠢᠰᠢᠩ ᠤᠨ ᠡᠮᠦᠨ᠎ᠡ ᠬᠤᠶᠢᠨ᠎ᠠ︾ ᠲᠠᠷᠠᠬᠠᠶ ᠪᠤᠲᠠᠷᠬᠠᠶ ᠭᠠᠵᠠᠷ ᠰᠢᠷᠣᠶ ᠶᠢ ᠰᠢᠨ᠎ᠡ ᠪᠠᠷ ᠡᠭᠦᠳᠦᠨ ᠠᠰᠢᠭᠯᠠᠬᠤ ᠶᠢ | ᠰᠦᠪᠡᠭᠴᠢᠯᠡᠨ ᠠᠬᠢᠭᠤᠯᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠷᠠᠯᠵᠢᠶᠠᠨ ᠤ ᠭᠦᠢᠴᠡᠳᠬᠡᠯ ᠲᠤᠭ᠎ᠠ ᠶᠢ ᠪᠦᠷᠢᠯᠳᠦᠭᠦᠯᠦᠨ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ᠃ ᠳᠥᠷᠪᠡ ᠳᠤ᠂ ᠮᠠᠨ ᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠢ ᠬᠠᠳᠠᠭᠠᠯᠠᠬᠤ ᠪᠣᠳᠠᠲᠠᠶ ᠲᠠᠢ | ᠤᠶᠠᠯᠳᠤᠭᠤᠯᠤᠨ᠂ ᠡᠯᠡᠰᠦᠷᠬᠡᠭ ᠭᠠᠵᠠᠷ᠂ ᠬᠤᠵᠢᠷᠯᠢᠭ ᠭᠠᠵᠠᠷ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠵᠢᠷᠯᠢᠭ ᠭᠠᠵᠠᠷ ᠪᠠ ᠡᠯᠡᠰᠦᠷᠬᠡᠭ | ᠭᠠᠵᠠᠷ ᠤᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠢᠳᠡᠪᠬᠢᠲᠡᠶ ᠠᠬᠢᠭᠤᠯᠤᠨ᠎ᠠ ᠭᠡᠵᠦ ᠳᠤᠷᠠᠳᠪᠠ᠃ | ︵ᠬᠤᠶᠠᠷ︶ ︽ᠬᠡᠷᠡᠭᠵᠢᠭᠦᠯᠬᠦ ᠰᠠᠨᠠᠯ︾ ᠪᠣᠯ ︽ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠡᠬᠢ ᠪᠠᠶᠠᠯᠢᠭ ᠢ | ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ︾ ᠳᠤᠮᠳᠠᠬᠢ ︽1 + 1 + N︾ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ | ᠰᠢᠰᠲ᠋ᠧᠮᠵᠢ ᠶᠢᠨ ︽N︾ ᠳᠣᠲᠣᠷᠠᠬᠢ ᠨᠢᠭᠡ ᠵᠦᠢᠯ ᠤᠨ ᠪᠣᠳᠠᠲᠠᠶ ᠢᠵᠢ ᠪᠦᠷᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠯᠤᠨ᠎ᠠ᠃ ︽ᠬᠡᠷᠡᠭᠵᠢᠭᠦᠯᠬᠦ | ᠰᠠᠨᠠᠯ︾᠂ ︽ᠠᠵᠢᠯ ᠤᠨ ᠲᠣᠬᠢᠷᠠᠭᠤᠯᠤᠯᠲᠠ︾ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ᠂ | ᠠᠲᠠᠷᠰᠢᠭᠤᠯᠤᠭᠰᠠᠨ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠬᠡᠷᠡᠭᠵᠢᠭᠦᠯᠬᠦ ᠶᠢ ᠠᠬᠢᠭᠤᠯᠬᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ | ᠪᠠᠶᠢᠯᠭᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠨ ᠤ ᠲᠥᠯᠥᠪᠯᠡᠭᠡ ᠲᠣᠭᠲᠠᠭᠠᠬᠤ᠂ ᠬᠤᠵᠢᠷᠯᠢᠭ ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ | ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠬᠦ᠂ ᠪᠥᠬᠦ ᠣᠷᠣᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ | ᠴᠡᠭᠴᠡᠯᠡᠨ ᠵᠠᠰᠠᠬᠤ ︽ᠡᠷᠬᠢᠨ ᠬᠠᠷᠠᠬᠤ︾ ᠵᠡᠷᠭᠡ 6 ᠵᠦᠢᠯ ᠤᠨ ᠪᠣᠳᠠᠲᠠᠶ ᠠᠵᠢᠯ ᠤᠨ ᠠᠭᠤᠯᠭ᠎ᠠ ᠶᠢ ᠪᠠᠶᠢᠷᠢᠯᠠᠭᠤᠯᠤᠨ ᠥᠷᠨᠢᠭᠦᠯᠬᠦ ᠶᠢ ᠲᠣᠳᠣᠷᠬᠠᠶᠢᠯᠠᠭᠰᠠᠨ | ᠪᠥᠭᠡᠳ ᠡᠯ᠎ᠡ ᠵᠦᠢᠯ ᠤᠨ ᠠᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ︵ᠢᠯᠠᠩᠭᠤᠶ᠎ᠠ 2022 ᠣᠨ︶ ᠪᠣᠳᠠᠲᠠᠶ | ᠨᠠᠶᠢᠳᠠᠪᠤᠷᠢᠵᠢᠭᠤᠯᠬᠤ ᠡᠭᠦᠷᠭᠡ ᠶᠢ ᠪᠠᠶᠢᠷᠢᠯᠠᠭᠤᠯᠪᠠ᠃ | ︵ᠭᠤᠷᠪᠠ︶ ︽ᠬᠡᠷᠡᠭᠵᠢᠭᠦᠯᠬᠦ ᠰᠠᠨᠠᠯ︾ ᠳᠤ ᠲᠣᠳᠣᠷᠬᠠᠶᠢᠯᠠᠭᠰᠠᠨ ᠣᠯᠠᠨ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠤᠯᠠᠮ ᠨᠢᠭᠡ ᠠᠯᠬᠤᠮ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠳᠤ ᠠᠰᠢᠭᠲᠠᠶ ᠪᠠᠲᠤᠯᠠᠭ᠎ᠠ | ᠬᠠᠩᠭᠠᠪᠠ᠃ ᠨᠢᠭᠡ ᠳᠤ᠂ ᠬᠥᠳᠡᠭᠡ ᠲᠣᠰᠬᠤᠨ ᠤ ᠰᠤᠯᠠ ᠪᠠᠶᠢᠭ᠎ᠠ ᠦᠷ᠎ᠡ ᠠᠰᠢᠭ ᠢᠶᠠᠷ ᠳᠤᠤᠷ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠨ | ᠵᠠᠰᠠᠬᠤ ᠶᠢ ᠲᠦᠷᠭᠡᠳᠬᠡᠨ ᠠᠬᠢᠭᠤᠯᠵᠤ᠂ 2025 ᠣᠨ ᠪᠣᠯᠬᠤ ᠳᠤ ᠪᠥᠬᠦ ᠣᠷᠣᠨ ᠤ ᠬᠥᠳᠡᠭᠡ ᠲᠣᠰᠬᠤᠨ ᠤ ᠰᠤᠯᠠ ᠪᠠᠶᠢᠭ᠎ᠠ ᠦᠷ᠎ᠡ ᠠᠰᠢᠭ ᠢᠶᠠᠷ ᠳᠤᠤᠷ᠎ᠠ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠡᠭᠴᠡᠯᠡᠨ ᠵᠠᠰᠠᠬᠤ ᠲᠠᠯᠠᠪᠠᠶ ᠶᠢ 5 ᠲᠦᠮᠡᠨ ᠮᠥ ᠳᠤ ᠬᠦᠷᠦᠭᠦᠯᠵᠦ᠂ ᠲᠠᠷᠢᠶᠠᠨ ᠭᠠᠵᠠᠷ ᠢ 3 ᠲᠦᠮᠡᠨ ᠮᠥ | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠬᠤᠶᠠᠷ ᠲᠤ᠂ ᠲᠠᠷᠢᠶᠠᠨ ᠭᠠᠵᠠᠷ ᠢ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠡᠮᠬᠢ ᠵᠢᠷᠤᠮ ᠲᠠᠢ ᠠᠬᠢᠭᠤᠯᠵᠤ | ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠥᠬᠦ ᠣᠷᠣᠨ ᠤ 100 ᠲᠦᠮᠡᠨ ᠮᠥ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠲᠣᠳᠣᠷᠬᠠᠶᠢᠯᠠᠪᠠ᠃ ᠭᠤᠷᠪᠠ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ 2025 ᠣᠨ ᠪᠣᠯᠬᠤ ᠳᠤ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ 5470 ᠲᠦᠮᠡᠨ ᠮᠥ ᠳᠤ ᠬᠦᠷᠭᠡᠬᠦ ᠪᠠᠷ ᠴᠢᠷᠮᠠᠶᠢᠨ᠎ᠠ᠃ | ︵ᠳᠥᠷᠪᠡ︶ ︽ᠬᠡᠷᠡᠭᠵᠢᠭᠦᠯᠬᠦ ᠰᠠᠨᠠᠯ︾ ᠨᠢ ︽ᠰᠢᠳᠦ ᠤᠷᠭᠤᠭᠤᠯᠬᠤ︾ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ | ᠴᠢᠩᠭ᠎ᠠ ᠲᠦᠷᠢᠮ ᠢ ᠪᠠᠷᠢᠮᠲᠠᠯᠠᠬᠤ ᠡᠷᠡᠰ ᠵᠣᠷᠢᠭ ᠢ ᠭᠦᠢᠴᠡᠳ ᠢᠯᠡᠷᠡᠭᠦᠯᠪᠡ᠃ ᠣᠲᠣ ᠶᠢᠨ 1.72 ᠳ᠋ᠦᠩᠰᠢᠭᠤᠷ ᠮᠥ ᠲᠠᠷᠢᠶᠠᠨ ᠭᠠᠵᠠᠷ ᠢ ᠰᠠᠶᠢᠲᠤᠷ ᠬᠠᠮᠠᠭᠠᠯᠠᠨ | ᠠᠰᠢᠭᠯᠠᠵᠤ᠂ 3587 ᠲᠦᠮᠡᠨ ᠮᠥ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠲᠣᠭᠲᠠᠭᠤᠨ ᠢᠶᠠᠷ ᠳᠠᠷᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠥᠳᠡᠭᠡ | ᠲᠣᠰᠬᠤᠨ ᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠪᠠ᠃ ᠨᠢᠭᠡ ᠳᠤ᠂ | ᠲᠠᠷᠢᠶᠠᠨ ᠭᠠᠵᠠᠷ ᠤᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ︽ᠥᠴᠦᠬᠡᠨ ᠴᠦ | ᠠᠭᠤᠴᠢᠯᠠᠬᠤ ᠥᠬᠡᠶ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠬᠤᠶᠠᠷ ᠲᠤ᠂ ᠲᠠᠷᠢᠶᠠᠨ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠤ ᠳᠠᠬᠢᠨ ᠬᠠᠭᠠᠯᠪᠤᠷᠢᠯᠠᠬᠤ ᠡᠷᠴᠢᠮ ᠢ ᠨᠡᠮᠡᠭᠳᠡᠭᠦᠯᠵᠦ᠂ ᠥᠩᠭᠡᠨ | ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ᠂ ᠴᠢᠩᠭ᠎ᠠ ᠴᠡᠭᠴᠡᠯᠡᠨ ᠵᠠᠰᠠᠬᠤ ᠶᠢ ᠪᠠᠷᠢᠮᠲᠠᠯᠠᠨ᠂ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠭᠰᠡᠨ | ᠠᠰᠠᠭᠤᠳᠠᠯ ᠢ ᠴᠢᠩᠭ᠎ᠠ ᠠᠩᠬᠠᠷᠴᠤ᠂ ᠨᠤᠷᠠᠭᠠᠬᠤ ᠠᠷᠭ᠎ᠠ ᠮᠠᠶ᠋ᠢᠭ ᠢᠶᠠᠷ ᠰᠢᠢᠳᠪᠦᠷᠢᠯᠡᠭᠰᠡᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠡᠷᠡᠰ | ᠨᠤᠷᠠᠭᠠᠬᠤ ᠶᠢᠨ ᠬᠠᠮᠲᠤ ᠲᠠᠷᠢᠶᠠᠨ ᠭᠠᠵᠠᠷ ᠤᠨ ᠨᠥᠬᠦᠴᠡᠯ ᠢ ᠰᠡᠷᠭᠦᠭᠡᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠥᠬᠡᠶ᠂ ᠶᠠᠰᠤ ᠴᠢᠨᠠᠷ ᠢ | ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠬᠥᠳᠡᠯᠦᠩᠭᠦᠶ ᠠᠯᠤᠰ ᠰᠡᠷᠡᠯ ᠤᠨ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠠᠲᠠᠷᠰᠢᠭᠤᠯᠤᠭᠰᠠᠨ ᠲᠠᠷᠢᠶᠠᠨ ᠭᠠᠵᠠᠷ ᠢ ᠰᠡᠷᠭᠦᠭᠡᠬᠦ ᠡᠷᠴᠢᠮ ᠢ ᠴᠢᠩᠭᠠᠷᠠᠭᠤᠯᠤᠨ᠂ ᠠᠲᠠᠷᠰᠢᠭᠤᠯᠤᠭᠰᠠᠨ ᠲᠠᠷᠢᠶᠠᠨ ᠭᠠᠵᠠᠷ ᠤᠨ ᠰᠢᠯᠲᠠᠭᠠᠨ ᠢ | ᠬᠤᠪᠢᠶᠠᠵᠤ᠂ ᠲᠠᠷᠢᠶᠠᠯᠠᠬᠤ ᠶᠢ ᠰᠡᠷᠭᠦᠭᠡᠬᠦ ᠲᠥᠰᠦᠯ ᠢ ᠲᠥᠷᠥᠯ ᠬᠤᠪᠢᠶᠠᠨ ᠲᠣᠭᠲᠠᠭᠠᠵᠤ᠂ ᠲᠠᠷᠢᠶᠠᠯᠠᠬᠤ ᠶᠢ ᠰᠡᠷᠭᠦᠭᠡᠬᠦ ᠡᠭᠦᠷᠭᠡ ᠶᠢᠨ ᠭᠦᠢᠴᠡᠳᠬᠡᠯ ᠲᠤᠭ᠎ᠠ ᠶᠢ ᠣᠨ | ᠬᠤᠪᠢᠶᠠᠨ ᠪᠠᠭᠤᠯᠭᠠᠨ᠎ᠠ᠃ | | | |