ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠤᠬᠠᠢ 30 ᠠᠰᠠᠭᠤᠯᠲᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/2
    1. ᠬᠢᠨᠠᠨ ᠬᠡᠮᠵᠢᠭᠳᠡᠬᠦ ᠡᠲᠡᠭᠡᠳ ᠨᠢ ᠬᠡᠨ ᠪᠣᠶ︖     ᠬᠠᠷᠢᠭᠤᠯᠲᠠ᠄ ᠭᠡᠷ ᠪᠦᠯᠢ ᠪᠠᠷ ᠨᠢᠭᠡᠴᠢ ᠪᠣᠯᠭᠠᠭᠰᠠᠨ ᠣᠷᠣᠯᠭ᠎ᠠ = ᠬᠥᠮᠥᠨ ᠳᠤᠮᠳᠠᠴᠢ ᠶᠢᠨ ᠴᠡᠪᠡᠷ ᠣᠷᠣᠯᠭ᠎ᠠ — ᠬᠥᠮᠥᠨ ᠳᠤᠮᠳᠠᠴᠢ ᠶᠢᠨ ᠲᠣᠭᠲᠠᠭᠠᠯ ᠳᠤ ᠨᠡᠶᠢᠴᠡᠬᠦ ᠬᠠᠲᠠᠭᠤ ᠵᠠᠷᠤᠯᠭ᠎ᠠ ᠨᠢ 6000 ᠲᠥᠭᠦᠷᠢᠭ ᠳᠠᠪᠠᠭ᠋ᠤ ᠦᠭᠡᠢ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠵᠢᠴᠢ ᠡᠪᠡᠳᠴᠢᠨ ᠤ ᠰᠢᠯᠲᠠᠭᠠᠨ ᠪᠠ ᠭᠠᠮᠰᠢᠭ ᠤᠨ ᠰᠢᠯᠲᠠᠭᠠᠨ ᠠᠴᠠ ᠪᠣᠯᠵᠤ ᠰᠠᠨᠠᠭᠠᠨ ᠳᠤ ᠦᠭᠡᠢ ᠠᠳᠡᠯ ᠭᠠᠷᠬᠤ ᠵᠡᠷᠭᠡ ᠬᠠᠲᠠᠭᠤ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠪᠠᠷ ᠬᠠᠰᠤᠭᠳᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠶᠢ ᠬᠢᠨᠠᠨ ᠰᠢᠯᠭᠠᠨ᠎ᠠ᠃    2. ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠶᠢ ᠬᠡᠷᠬᠢᠨ ᠵᠠᠭᠠᠭᠯᠠᠨ ᠲᠣᠭᠲᠠᠭᠠᠬᠤ ᠪᠤᠶ︖     ᠬᠠᠷᠢᠭᠤᠯᠲᠠ᠄ ᠵᠢᠯ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠲᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠬᠤᠷᠢᠭ᠎ᠠ ᠱᠤᠭᠤᠮ ᠠᠴᠠ ᠳᠣᠣᠷ᠎ᠠ ᠪᠥᠭᠡᠳ ᠲᠠᠬᠢᠨ ᠶᠠᠳᠠᠭᠤᠷᠠᠬᠤ ᠲᠦᠭᠰᠢᠭᠦᠷᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ᠃    3. ᠵᠠᠬ᠎ᠠ ᠬᠢᠵᠠᠭᠠᠷ ᠤᠨ ᠶᠠᠳᠠᠭᠤ ᠬᠦᠴᠢᠷᠲᠡᠢ ᠡᠷᠦᠬᠡ ᠶᠢ ᠬᠡᠷᠬᠢᠨ ᠵᠠᠭᠠᠭᠯᠠᠨ ᠲᠣᠭᠲᠠᠭᠠᠬᠤ ᠪᠤᠶ︖     ᠬᠠᠷᠢᠭᠤᠯᠲᠠ᠄ ᠵᠢᠯ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠤᠷᠢᠭ᠎ᠠ ᠱᠤᠭᠤᠮ ᠠᠴᠠ ᠲᠤᠤᠷ᠎ᠠ ᠮᠥᠷᠲᠡᠭᠡᠨ ᠶᠠᠳᠠᠭᠤᠷᠠᠬᠤ ᠲᠦᠭᠰᠢᠭᠦᠷᠢ ᠲᠠᠢ ᠮᠠᠯᠵᠢᠬᠤ ᠲᠠᠷᠢᠶᠠᠯᠠᠬᠤ ᠡᠷᠦᠬᠡ ︵ᠶᠠᠳᠠᠭᠤ ᠠᠴᠠ ᠠᠩᠭᠢᠵᠢᠷᠠᠭᠰᠠᠨ ᠪᠤᠰᠤ ᠡᠷᠦᠬᠡ︶ ᠠᠴᠠ ᠲᠤᠤᠷ᠎ᠠ ᠪᠠᠶᠢᠳᠠᠭ᠃     4. ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠶᠢ ᠬᠡᠷᠬᠢᠨ ᠵᠠᠭᠠᠭᠯᠠᠨ ᠲᠣᠭᠲᠠᠭᠠᠬᠤ ᠪᠤᠶ︖     ᠬᠠᠷᠢᠭᠤᠯᠲᠠ᠄ ᠵᠢᠯ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠤᠷᠢᠭ᠎ᠠ ᠱᠤᠭᠤᠮ ᠠᠴᠠ ᠥᠨᠳᠥᠷ ᠪᠣᠯᠪᠠᠴᠤ ᠡᠪᠡᠳᠴᠢᠨ ᠤ ᠰᠢᠯᠲᠠᠭᠠᠨ ᠪᠠ ᠭᠠᠮᠰᠢᠭ ᠤᠨ ᠬᠠᠷᠠᠭ᠎ᠠ ᠪᠠᠷ ᠰᠠᠨᠠᠭᠠᠨ ᠳᠤ ᠦᠭᠡᠢ ᠠᠳᠡᠯ ᠵᠡᠷᠭᠡ ᠭᠡᠨᠡᠳᠲᠡ ᠶᠢᠨ ᠪᠠᠶᠢᠳᠠᠯ ᠠᠴᠠ ᠪᠣᠯᠵᠤ᠂ ᠵᠠᠶᠢᠯᠠᠰᠢ ᠦᠭᠡᠢ ᠵᠠᠷᠤᠯᠭ᠎ᠠ ᠨᠢ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠠᠴᠠ ᠨᠡᠯᠢᠶᠡᠳ ᠶᠡᠭᠡ ᠳᠠᠪᠠᠭᠰᠠᠨ ᠪᠤᠶᠤ ᠣᠷᠣᠯᠭ᠎ᠠ ᠨᠢ ᠶᠡᠭᠡ ᠪᠠᠷ ᠬᠠᠰᠤᠭᠳᠠᠭᠰᠠᠨ ᠠᠴᠠ ᠪᠣᠯᠵᠤ᠂ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠤᠯᠭᠠᠷᠠᠭᠠᠳ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠪᠣᠯᠤᠭᠰᠠᠨ ᠮᠠᠯᠵᠢᠬᠤ ᠲᠠᠷᠢᠶᠠᠯᠠᠬᠤ ᠡᠷᠦᠬᠡ ︵ᠶᠠᠳᠠᠭᠤ ᠠᠴᠠ ᠠᠩᠭᠢᠵᠢᠷᠠᠭᠰᠠᠨ ᠪᠤᠰᠤ ᠡᠷᠦᠬᠡ︶ ᠪᠠ ᠶᠠᠳᠠᠭᠤ ᠠᠴᠠ ᠠᠩᠭᠢᠵᠢᠷᠠᠭᠰᠠᠨ ᠡᠷᠦᠬᠡ᠃ ᠡᠭᠦᠨ ᠳᠤ ᠭᠤᠣᠯᠳᠠᠯᠭ᠎ᠠ ᠲᠠᠢ ᠠᠩᠬᠠᠷᠬᠤ ᠵᠦᠢᠯ ᠭᠡᠪᠡᠯ᠄ ᠬᠦᠨᠳᠦ ᠡᠪᠡᠳᠴᠢᠨ ᠪᠠ ᠳᠠᠷᠤᠭᠠᠰᠤ ᠨᠡᠯᠢᠶᠡᠳ ᠬᠦᠨᠳᠦ ᠤᠳᠠᠭᠠᠨ ᠴᠢᠨᠠᠷᠲᠠᠢ ᠡᠪᠡᠳᠴᠢᠲᠡᠨ᠂ ᠬᠦᠨᠳᠦ ᠵᠡᠮᠳᠡᠭ ᠬᠥᠮᠥᠨ᠂ ᠭᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠣᠨᠴᠠ ᠬᠦᠴᠢᠷᠳᠡᠯ ᠲᠠᠢ ᠬᠥᠮᠥᠰ᠂ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠬᠥᠮᠥᠨ ᠠᠮᠠ ᠵᠡᠷᠭᠡ ᠣᠨᠴᠠᠭᠠᠢ ᠭᠡᠷ ᠪᠦᠯᠢ ᠶᠢ ᠰᠠᠯᠭᠠᠨ ᠠᠰᠠᠷᠠᠨ ᠲᠡᠵᠢᠭᠡᠨ᠎ᠡ᠃      5. ᠬᠢᠨᠠᠨ ᠰᠢᠯᠭᠠᠬᠤ ᠭᠤᠣᠯᠳᠠᠯᠭ᠎ᠠ ᠨᠢ ᠶᠠᠭᠤ ᠪᠤᠶ︖      ᠬᠠᠷᠢᠭᠤᠯᠲᠠ᠄ ᠲᠡᠳᠡᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ ᠭᠤᠣᠯᠳᠠᠯᠭ᠎ᠠ ᠲᠠᠢ ᠬᠢᠨᠠᠨ ᠰᠢᠯᠭᠠᠨ᠎ᠠ᠃      6. ᠬᠢᠨᠠᠨ ᠰᠢᠯᠭᠠᠬᠤ ᠬᠦᠷᠢᠶ᠎ᠡ ᠬᠡᠪᠴᠢᠶ᠎ᠡ ᠨᠢ ᠶᠠᠭᠤ ᠪᠣᠶ︖     ᠬᠠᠷᠢᠭᠤᠯᠲᠠ᠄ ᠳᠠᠬᠢᠨ ᠶᠠᠳᠠᠭᠤᠷᠠᠵᠤ ᠶᠠᠳᠠᠭᠤᠷᠠᠬᠤ ᠶᠢ ᠰᠡᠷᠭᠡᠶᠢᠯᠡᠬᠦ ᠪᠠᠷ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠪᠠᠷ ᠤᠷᠢᠲᠠᠯ ᠪᠣᠯᠭᠠᠵᠤ᠂ ᠶᠡᠷᠦᠩᠬᠡᠢ ᠣᠷᠣᠯᠭ᠎ᠠ᠂ ᠵᠠᠷᠤᠯᠭ᠎ᠠ᠂ ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠵᠡᠷᠭᠡ 3 ᠲᠠᠯ᠎ᠠ ᠪᠠᠷ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠢᠴᠢ ᠢᠵᠢᠯ ᠠᠯᠬᠤᠮ ᠢᠶᠠᠷ ᠨᠡᠭᠦᠯᠭᠡᠭᠡᠳ ᠨᠢᠭᠡᠨᠲᠡ ᠬᠤᠲᠠ ᠪᠠᠯᠭᠠᠰᠤ ᠶᠢᠨ ᠡᠷᠦᠬᠡ ᠠᠮᠠ ᠶᠢᠨ ᠲᠠᠩᠰᠠ ᠪᠣᠯᠭᠠᠭᠰᠠᠨ ᠬᠥᠮᠥᠨ ᠠᠮᠠ ᠶᠢᠨ ᠳᠣᠲᠣᠷ᠎ᠠ ᠠᠴᠠ ᠬᠢᠨᠠᠨ ᠰᠢᠯᠭᠠᠬᠤ ᠡᠲᠡᠭᠡᠳ ᠢ ᠢᠯᠭᠠᠨ ᠲᠠᠨᠢᠵᠤ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠵᠤ᠂ ᠬᠡᠪᠴᠢᠶ᠎ᠡ ᠶᠢ ᠨᠢ ᠬᠢᠵᠠᠭᠠᠷᠯᠠᠬᠤ ᠦᠭᠡᠢ᠃    7. ᠣᠷᠣᠯᠭ᠎ᠠ ᠶᠢ ᠬᠡᠷᠬᠢᠨ ᠬᠢᠨᠠᠨ ᠬᠡᠮᠵᠢᠬᠦ ᠪᠤᠶ︖     ᠬᠠᠷᠢᠭᠤᠯᠲᠠ᠄ 2020 ᠣᠨ ᠤ ᠤᠯᠤᠰ ᠤᠨ ᠶᠠᠳᠠᠭᠤ ᠶᠢ ᠲᠡᠳᠬᠦᠬᠦ ᠪᠠᠷᠢᠮᠵᠢᠶ᠎ᠠ ᠶᠢᠨ 1.5 ᠳᠠᠬᠢᠨ ︵6000 ᠲᠥᠭᠦᠷᠢᠭ︶ ᠢᠶᠠᠷ 2021 ᠣᠨ ᠤ ᠪᠥᠬᠦ ᠣᠷᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠬᠢᠵᠠᠭᠠᠷ ᠱᠤᠭᠤᠮ ᠪᠣᠯᠭᠠᠵᠤ᠂ 2022 ᠣᠨ ᠠᠴᠠ ᠡᠬᠢᠯᠡᠨ᠂ ᠪᠥᠬᠦ ᠣᠷᠣᠨ ᠤ ᠪᠠᠷᠠᠭᠠᠨ ᠤ ᠦᠨ᠎ᠡ ᠶᠢᠨ ᠵᠢᠭᠠᠯᠲᠠ ᠲᠤᠭ᠎ᠠ ᠶᠢᠨ ᠬᠤᠪᠢᠷᠠᠯᠲᠠ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠪᠠ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠵᠢᠯ ᠪᠦᠷᠢ ᠨᠢᠭᠡ ᠤᠳᠠᠭ᠎ᠠ ᠲᠣᠬᠢᠷᠠᠭᠤᠯᠤᠨ᠎ᠠ᠃    8. ᠵᠠᠷᠤᠯᠭ᠎ᠠ ᠶᠢ ᠬᠡᠷᠬᠢᠨ ᠬᠢᠨᠠᠨ ᠬᠡᠮᠵᠢᠬᠦ ᠪᠤᠢ︖     ᠬᠠᠷᠢᠭᠤᠯᠲᠠ᠄ ᠭᠡᠷ ᠪᠦᠯᠢ ᠶᠢᠨ ᠲᠣᠭᠲᠠᠭᠠᠯ ᠳᠤ ᠨᠡᠶᠢᠴᠡᠭᠦᠯᠦᠨ ᠥᠪᠡᠷ ᠢᠶᠠᠨ ᠳᠥᠯᠥᠬᠦ ᠵᠠᠷᠤᠯᠭ᠎ᠠ ᠨᠢ ᠭᠡᠷ ᠪᠦᠯᠢ ᠶᠢᠨ ᠦᠨᠳᠦᠰᠦᠨ ᠠᠮᠢᠳᠤᠷᠠᠯ ᠢ ᠨᠥᠯᠥᠭᠡᠯᠡᠬᠦ ᠡᠰᠡᠬᠦ ᠪᠠᠷ ᠵᠠᠷᠤᠯᠭ᠎ᠠ ᠶᠢᠨ ᠬᠢᠨᠠᠨ ᠬᠡᠮᠵᠢᠬᠦ ᠪᠠᠷᠢᠮᠵᠢᠶ᠎ᠠ ᠪᠣᠯᠭᠠᠨ᠎ᠠ᠃     9. ᠲᠣᠭᠲᠠᠭᠠᠯ ᠳᠤ ᠨᠡᠶᠢᠴᠡᠭᠦᠯᠦᠨ ᠥᠪᠡᠰᠦᠪᠡᠨ ᠲᠥᠯᠥᠭᠰᠡᠨ ᠵᠠᠷᠤᠯᠭ᠎ᠠ ᠳᠤ ᠶᠠᠮᠠᠷ ᠶᠠᠮᠠᠷ ᠵᠠᠷᠤᠯᠭ᠎ᠠ ᠪᠠᠭᠲᠠᠬᠤ ᠪᠤᠢ︖     ᠬᠠᠷᠢᠭᠤᠯᠲᠠ᠄ ᠲᠣᠭᠲᠠᠭᠠᠯ ᠳᠤ ᠨᠡᠶᠢᠴᠡᠭᠦᠯᠦᠨ ᠥᠪᠡᠷᠲᠡᠭᠡᠨ ᠳᠥᠯᠥᠬᠦ ᠵᠠᠷᠤᠯᠭ᠎ᠠ ᠭᠡᠳᠡᠭ ᠪᠣᠯ ᠰᠤᠷᠭᠠᠨ ᠬᠥᠮᠦᠵᠢᠯ ᠤᠨ ᠵᠠᠷᠤᠯᠭ᠎ᠠ᠂ ᠡᠮ ᠡᠮᠨᠡᠯᠭᠡ ᠶᠢᠨ ᠵᠠᠷᠤᠯᠭ᠎ᠠ᠂ ᠣᠷᠣᠨ ᠰᠠᠭᠤᠴᠠ ᠶᠢᠨ ᠵᠠᠷᠤᠯᠭ᠎ᠠ᠂ ᠠᠶᠤᠯ ᠦᠭᠡᠢ ᠤᠤᠭᠤᠬᠤ ᠤᠰᠤᠨ ᠤ ᠵᠠᠷᠤᠯᠭ᠎ᠠ᠂ ᠡᠳ᠋ ᠬᠥᠷᠥᠩᠭᠡ ᠶᠢᠨ ᠬᠤᠬᠢᠷᠠᠯ ᠤᠨ ᠵᠠᠶᠢᠯᠠᠰᠢ ᠦᠭᠡᠢ ᠵᠠᠷᠤᠯᠭ᠎ᠠ ᠶᠢ ᠪᠠᠭᠲᠠᠭᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠵᠠᠷᠤᠯᠭ᠎ᠠ ᠠᠴᠠ ᠭᠠᠳᠠᠨᠠᠬᠢ ᠵᠠᠪᠠᠯ ᠱᠠᠭᠠᠷᠳᠠᠭᠳᠠᠬᠤ ᠪᠤᠰᠤᠳ ᠵᠠᠶᠢᠯᠠᠰᠢ ᠦᠭᠡᠢ ᠵᠠᠷᠤᠯᠭ᠎ᠠ ᠪᠣᠯᠬᠤ ᠶᠢ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠭᠡᠷᠡᠴᠢᠯᠡᠵᠦ ᠪᠣᠯᠬᠤ ᠶᠢ ᠵᠢᠭᠠᠵᠤ ᠪᠠᠶᠢᠨ᠎ᠠ᠃     10. ᠠᠯᠢ ᠠᠯᠢ ᠨᠢ ᠰᠤᠷᠭᠠᠨ ᠬᠥᠮᠦᠵᠢᠯ ᠤᠨ ᠵᠠᠶᠢᠯᠠᠰᠢ ᠦᠭᠡᠢ ᠵᠠᠷᠤᠯᠭ᠎ᠠ ᠳᠤ ᠲᠣᠭᠠᠴᠠᠭᠳᠠᠬᠤ ᠪᠤᠢ︖     ᠬᠠᠷᠢᠭᠤᠯᠲᠠ᠄ ᠨᠢᠭᠡ᠂ ᠲᠥᠷᠥ ᠶᠢᠨ ᠪᠣᠳᠣᠯᠭ᠎ᠠ ᠶᠢᠨ ᠨᠥᠬᠦᠪᠦᠷᠢ ᠥᠭᠭᠦᠭᠰᠡᠨ ᠤ ᠳᠠᠷᠠᠭ᠎ᠠ ᠮᠠᠯᠵᠢᠬᠤ ᠲᠠᠷᠢᠶᠠᠯᠠᠬᠤ ᠡᠷᠦᠬᠡ ᠶᠢᠨ ᠵᠠᠷᠤᠴᠠᠭᠤᠯᠬᠤ ᠴᠢᠬᠤᠯᠠᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠥᠵᠢᠭᠦᠯᠬᠦ ᠵᠠᠷᠤᠳᠠᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠵᠠᠷᠤᠳᠠᠯ ᠪᠠ ᠬᠤᠨᠤᠭ ᠤᠨ ᠵᠠᠷᠤᠳᠠᠯ ᠤᠨ ᠵᠠᠷᠤᠯᠭ᠎ᠠ᠂ ᠦᠨᠳᠦᠰᠦᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠵᠠᠷᠤᠯᠭ᠎ᠠ᠃ ᠬᠤᠶᠠᠷ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠠᠴᠠ ᠪᠣᠯᠣᠭᠠᠳ ᠬᠤᠰᠢᠭᠤ ᠰᠢᠶᠠᠨ ᠤ ᠪᠠᠶᠢᠭ᠎ᠠ ᠭᠠᠵᠠᠷ ᠪᠤᠶᠤ ᠪᠤᠰᠤᠳ ᠰᠤᠮᠤ ᠰᠢᠶᠠᠩ ᠪᠠᠯᠭᠠᠰᠤ ᠳᠤ ᠬᠦᠷᠴᠦ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠳᠤ ᠦᠨᠡᠨᠬᠦ ᠬᠡᠷᠡᠭᠴᠡᠭᠡ ᠲᠠᠢ ᠪᠣᠯᠤᠭᠰᠠᠨ ᠵᠠᠮ ᠬᠠᠷᠢᠯᠴᠠᠭᠠᠨ ᠤ ᠵᠠᠷᠤᠳᠠᠯ ᠪᠣᠯᠣᠨ ᠠᠮᠢᠳᠤᠷᠠᠯ ᠤᠨ ᠵᠠᠷᠤᠳᠠᠯ᠃ ᠭᠤᠷᠪᠠ᠂ ᠠᠯᠪᠠᠨ ᠠᠴᠠ ᠡᠷᠭᠢᠯᠡᠭᠰᠡᠨ ᠪᠤᠰᠤ ᠬᠡᠤᠬᠡᠳ ᠤᠨ ᠴᠡᠴᠡᠷᠯᠢᠭ᠂ ᠠᠯᠪᠠᠨ ᠠᠴᠠ ᠡᠷᠭᠢᠯᠡᠭᠰᠡᠨ ᠪᠤᠰᠤ ᠰᠤᠷᠭᠠᠭᠤᠯᠢ ᠳᠤ ᠰᠠᠶᠢᠨ ᠳᠤᠷ᠎ᠠ ᠠᠴᠠ ᠪᠠᠨ ᠰᠤᠷᠤᠯᠴᠠᠭᠰᠠᠨ ᠪᠥᠭᠡᠳ ᠬᠡᠷᠡᠭᠰᠡᠬᠦ ᠵᠠᠷᠤᠳᠠᠯ ᠨᠢ ᠠᠳᠠᠯᠢ ᠲᠥᠷᠥᠯ ᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠠᠳᠠᠯᠢ ᠲᠥᠷᠥᠯ ᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠪᠤᠳᠤᠨ᠎ᠠ᠃     11. ᠠᠯᠢ ᠠᠯᠢ ᠨᠢ ᠡᠮᠴᠢᠯᠡᠭᠡᠨ ᠤ ᠵᠠᠶᠢᠯᠠᠰᠢ ᠦᠭᠡᠢ ᠵᠠᠷᠤᠯᠭ᠎ᠠ ᠳᠤ ᠲᠣᠭᠠᠴᠠᠭᠳᠠᠬᠤ ᠪᠤᠶ︖     ᠬᠠᠷᠢᠭᠤᠯᠲᠠ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠬᠤᠳᠠᠯᠳᠤᠭᠠᠨ ᠤ ᠨᠥᠬᠦᠪᠦᠷᠢ ᠳᠠᠭᠠᠳᠬᠠᠯ ᠵᠡᠷᠭᠡ ᠶᠢ ᠲᠤᠰᠢᠶᠠᠭᠰᠠᠨ ᠤ ᠳᠠᠷᠠᠭ᠎ᠠ᠂ ᠬᠤᠪᠢ ᠬᠥᠮᠥᠨ ᠤ ᠥᠪᠡᠷ ᠢᠶᠠᠨ ᠲᠤᠰᠢᠶᠠᠭᠰᠠᠨ ᠡᠮ ᠡᠮᠨᠡᠯᠭᠡ ᠶᠢᠨ ᠵᠠᠷᠤᠳᠠᠯ ︵ᠦᠷ᠎ᠡ ᠬᠡᠦᠬᠡᠳ ᠤᠨ ᠠᠴᠢᠯᠠᠨ ᠲᠡᠵᠢᠭᠡᠬᠦ ᠡᠭᠦᠷᠭᠡ ᠶᠢᠨ ᠶᠣᠰᠣᠭᠠᠷ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠯᠭ᠎ᠠ ᠶᠢ ᠪᠠᠭᠲᠠᠭᠠᠬᠤ ᠦᠭᠡᠢ︶᠃    12. ᠠᠯᠢ ᠠᠯᠢ ᠨᠢ ᠣᠷᠣᠨ ᠰᠠᠭᠤᠴᠠ ᠶᠢᠨ ᠵᠠᠶᠢᠯᠠᠰᠢ ᠦᠭᠡᠢ ᠵᠠᠷᠤᠯᠭ᠎ᠠ ᠳᠤ ᠲᠣᠭᠠᠴᠠᠭᠳᠠᠬᠤ ᠪᠤᠢ︖     ᠬᠠᠷᠢᠭᠤᠯᠲᠠ᠄ ᠨᠢᠭᠡ ᠳᠤ᠂ ᠣᠷᠣᠨ ᠰᠠᠭᠤᠴᠠ ᠦᠭᠡᠢ ᠡᠷᠦᠬᠡ ᠶᠢᠨ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠥᠪᠡᠷ ᠢᠶᠠᠨ ᠵᠠᠷᠤᠴᠠᠭᠤᠯᠬᠤ ᠴᠢᠬᠤᠯᠠᠲᠠᠢ ᠲᠦᠷᠢᠶᠡᠰᠦᠨ ᠤ ᠵᠠᠷᠤᠳᠠᠯ︔ ᠬᠤᠶᠠᠷ ᠲᠤ ᠴᠤᠷ ᠤᠨ ᠭᠠᠭᠴᠠ ᠣᠷᠣᠨ ᠰᠠᠭᠤᠴᠠ ᠨᠢ ᠨᠢᠭᠡᠨᠲᠡ ᠨᠤᠷᠠᠬᠤ ᠠᠶᠤᠯᠲᠠᠢ ᠭᠡᠷ ᠪᠠᠶᠢᠰᠢᠩ ᠪᠣᠯᠬᠤ ᠳᠤ ᠪᠠᠷᠢᠵᠤ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠴᠢᠬᠤᠯᠠᠲᠠᠢ ᠪᠣᠯᠤᠭᠰᠠᠨ ᠥᠪᠡᠷ ᠤᠨ ᠵᠠᠷᠤᠯᠭ᠎ᠠ᠃     13. ᠠᠯᠢ ᠠᠯᠢ ᠨᠢ ᠠᠶᠤᠯᠭᠦᠢ ᠤᠤᠭᠤᠬᠤ ᠤᠰᠤᠨ ᠤ ᠬᠠᠲᠠᠭᠤ ᠴᠢᠨᠠᠷᠲᠠᠢ ᠵᠠᠷᠤᠯᠭ᠎ᠠ ᠳᠤ ᠲᠣᠭᠠᠴᠠᠭᠳᠠᠬᠤ ᠪᠤᠢ︖     ᠬᠠᠷᠢᠭᠤᠯᠲᠠ᠄ ᠨᠢᠭᠡ ᠳᠤ ᠲᠠᠷᠠᠬᠠᠢ ᠪᠤᠲᠠᠷᠬᠠᠢ ᠤᠰᠤ ᠬᠠᠩᠭᠠᠵᠤ ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ ᠶᠢᠨ ᠤᠰᠤ ᠲᠠᠲᠠᠬᠤ ᠵᠠᠷᠤᠳᠠᠯ ᠤᠨ ᠥᠪᠡᠷ ᠤᠨ ᠵᠠᠷᠤᠯᠭ᠎ᠠ︔ ᠬᠤᠶᠠᠷ ᠲᠤ ᠤᠰᠤ ᠬᠠᠩᠭᠠᠬᠤ ᠲᠥᠬᠦᠭᠡᠷᠦᠮᠵᠢ ᠶᠢ ᠰᠡᠯᠪᠢᠨ ᠵᠠᠰᠠᠬᠤ ᠶᠢᠨ ᠥᠪᠡᠷ ᠤᠨ ᠵᠠᠷᠤᠯᠭ᠎ᠠ᠃     14. ᠡᠳ᠋ ᠬᠥᠷᠥᠩᠭᠡ ᠶᠢᠨ ᠬᠤᠬᠢᠷᠠᠯ ᠢ ᠬᠡᠷᠬᠢᠨ ᠲᠣᠭᠲᠠᠭᠠᠬᠤ ᠪᠤᠢ︖     ᠬᠠᠷᠢᠭᠤᠯᠲᠠ᠄ ᠪᠠᠶᠢᠭᠠᠯᠢ ᠶᠢᠨ ᠭᠠᠮᠰᠢᠭ ᠪᠤᠶᠤ ᠭᠡᠨᠡᠳᠲᠡ ᠶᠢᠨ ᠭᠡᠨᠡᠳᠲᠡ ᠶᠢᠨ ᠠᠳᠡᠯ ᠠᠴᠠ ᠪᠣᠯᠤᠭᠰᠠᠨ ᠭᠡᠷ ᠪᠦᠯᠢ ᠶᠢᠨ ᠡᠳ᠋ ᠬᠥᠷᠥᠩᠭᠡ ᠶᠢᠨ ᠬᠤᠬᠢᠷᠠᠯ᠃    15. ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠢ ᠬᠡᠷᠬᠢᠨ ᠬᠢᠨᠠᠨ ᠬᠡᠮᠵᠢᠬᠦ ᠪᠤᠶ︖     ᠬᠠᠷᠢᠭᠤᠯᠲᠠ᠄ ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠬᠢᠨᠠᠨ ᠬᠡᠮᠵᠢᠯᠲᠡ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠤᠶᠤ ᠰᠤᠷᠭᠠᠭᠤᠯᠢ ᠡᠷᠭᠢᠯᠡᠬᠦ ᠨᠥᠬᠦᠴᠡᠯ ᠤᠨ ᠪᠠᠲᠤᠯᠠᠭ᠎ᠠ ᠶᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠰᠤᠷᠭᠠᠭᠤᠯᠢ ᠳᠤ ᠣᠷᠣᠬᠤ ᠨᠠᠰᠤᠨ ᠤ ᠪᠠᠭᠠᠴᠤᠳ ᠬᠡᠤᠬᠡᠳ ᠢ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠭᠰᠠᠨ ᠮᠠᠯᠴᠢᠨ ᠲᠠᠷᠢᠶᠠᠴᠢᠨ ᠡᠷᠦᠬᠡ ︵ᠪᠡᠶ᠎ᠡ ᠮᠠᠬᠠᠪᠤᠳ ᠤᠨ ᠰᠢᠯᠲᠠᠭᠠᠨ ᠠᠴᠠ ᠪᠣᠯᠵᠤ ᠰᠤᠷᠤᠯᠴᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ ᠡᠭᠦᠨ ᠳᠤ ᠪᠠᠭᠲᠠᠬᠤ ᠦᠭᠡᠢ︶᠃ ︵ᠬᠤᠶᠠᠷ︶ ᠦᠨᠳᠦᠰᠦᠨ ᠡᠮᠴᠢᠯᠡᠭᠡᠨ ᠤ ᠲᠠᠯ᠎ᠠ ᠪᠠᠷ ᠬᠢ ᠬᠢᠨᠠᠨ ᠬᠡᠮᠵᠢᠯᠲᠡ ᠬᠤᠪᠢ ᠬᠥᠮᠥᠨ ᠤ ᠰᠢᠯᠲᠠᠭᠠᠨ ᠠᠴᠠ ᠪᠣᠯᠵᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠨ ᠲᠤᠰᠢᠶᠠᠭᠰᠠᠨ ᠦᠭᠡᠢ ᠮᠥᠷᠲᠡᠭᠡᠨ ᠡᠮᠴᠢᠯᠡᠭᠡᠨ ᠤ ᠵᠠᠷᠤᠯᠭ᠎ᠠ ᠨᠢ ᠨᠡᠯᠢᠶᠡᠳ ᠶᠡᠭᠡ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠵᠢᠯ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠬᠦ ᠬᠢᠵᠠᠭᠠᠷ ᠱᠤᠭᠤᠮ ᠠᠴᠠ ᠲᠤᠤᠷ᠎ᠠ ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ ︵ᠶᠠᠳᠠᠭᠤ ᠠᠴᠠ ᠠᠩᠭᠢᠵᠢᠷᠠᠭᠰᠠᠨ ᠪᠤᠰᠤ ᠡᠷᠦᠬᠡ︶᠃ ︵ᠭᠤᠷᠪᠠ︶ ᠣᠷᠣᠨ ᠰᠠᠭᠤᠴᠠ ᠶᠢᠨ ᠠᠶᠤᠯ ᠦᠭᠡᠢ ᠶᠢᠨ ᠲᠠᠯ᠎ᠠ ᠪᠠᠷ ᠬᠢ ᠬᠢᠨᠠᠨ ᠬᠡᠮᠵᠢᠯᠲᠡ ᠴᠣᠷ ᠤᠨ ᠭᠠᠭᠴᠠ ᠣᠷᠣᠨ ᠰᠠᠭᠤᠴᠠ ᠨᠢ ᠪᠠᠶᠢᠭᠠᠯᠢ ᠶᠢᠨ ᠭᠠᠮᠰᠢᠭ ᠪᠤᠶᠤ ᠭᠡᠨᠡᠳᠲᠡ ᠶᠢᠨ ᠭᠡᠨᠡᠳᠲᠡ ᠶᠢᠨ ᠠᠳᠡᠯ ᠠᠴᠠ ᠪᠣᠯᠵᠤ ᠡᠪᠳᠡᠭᠳᠡᠭᠰᠡᠨ ᠪᠤᠶᠤ ᠨᠤᠷᠠᠬᠤ ᠠᠶᠤᠯᠲᠠᠢ ᠭᠡᠷ ᠪᠠᠶᠢᠰᠢᠩ ᠪᠣᠯᠤᠭᠰᠠᠨ ᠮᠥᠷᠲᠡᠭᠡᠨ ᠥᠭᠡᠷᠡᠴᠢᠯᠡᠬᠦ ᠴᠢᠳᠠᠪᠤᠷᠢ ᠦᠭᠡᠢ ᠮᠠᠯᠴᠢᠨ ᠲᠠᠷᠢᠶᠠᠴᠢᠨ ᠡᠷᠦᠬᠡ ᠪᠣᠯᠣᠨ᠎ᠠ᠃ ︵ᠳᠥᠷᠪᠡ︶ ᠤᠤᠭᠤᠬᠤ ᠤᠰᠤᠨ ᠤ ᠠᠶᠤᠯ ᠦᠭᠡᠢ ᠶᠢᠨ ᠲᠠᠯ᠎ᠠ ᠪᠠᠷ ᠬᠢ ᠬᠢᠨᠠᠨ ᠬᠡᠮᠵᠢᠯᠲᠡ ᠤᠰᠤᠨ ᠤ ᠴᠢᠨᠠᠷ᠂ ᠤᠰᠤᠨ ᠤ ᠬᠡᠮᠵᠢᠶ᠎ᠡ᠂ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ᠂ ᠤᠰᠤ ᠲᠠᠲᠠᠬᠤ ᠳᠤ ᠲᠥᠬᠦᠮ ᠪᠠᠶᠢᠬᠤ ᠬᠡᠮᠵᠢᠶ᠎ᠡ ᠨᠢ ᠤᠤᠭᠤᠬᠤ ᠤᠰᠤᠨ ᠤ ᠠᠮᠤᠷ ᠲᠦᠪᠰᠢᠨ ᠤ ᠪᠠᠷᠢᠮᠵᠢᠶ᠎ᠠ ᠳᠤ ᠭᠦᠷᠦᠭᠰᠡᠨ ᠦᠭᠡᠢ ᠮᠥᠷᠲᠡᠭᠡᠨ ᠥᠭᠡᠷᠡᠴᠢᠯᠡᠬᠦ ᠴᠢᠳᠠᠪᠤᠷᠢ ᠦᠭᠡᠢ ᠮᠠᠯᠴᠢᠨ ᠲᠠᠷᠢᠶᠠᠴᠢᠨ ᠡᠷᠦᠬᠡ᠃ ︵ᠤᠤᠭᠤᠬᠤ ᠤᠰᠤᠨ ᠤ ᠠᠮᠤᠷ ᠲᠦᠪᠰᠢᠨ ᠤ ᠪᠠᠷᠢᠮᠵᠢᠶ᠎ᠠ ᠶᠢ ︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠦᠨᠡᠯᠡᠯᠲᠡ ᠶᠢᠨ ᠪᠠᠷᠢᠮᠵᠢᠶ᠎ᠠ︾ ︵T/CHES 18 — 2018︶ ᠪᠠ ᠥᠪᠡᠷᠲᠡᠭᠡᠨ ᠵᠠᠰᠠᠬᠤ ᠣᠷᠣᠨ ᠤ ︽ᠮᠠᠯᠵᠢᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠤᠤᠭᠤᠬᠤ ᠤᠰᠤᠨ ᠤ ᠠᠮᠤᠷ ᠲᠦᠪᠰᠢᠨ ᠤ ᠦᠨᠡᠯᠡᠯᠲᠡ ᠶᠢᠨ ᠨᠥᠬᠦᠪᠦᠷᠢ ᠨᠠᠷᠢᠨ ᠳᠦᠷᠢᠮ︾ ︵ᠨᠧᠢ ᠱᠦᠢ ᠲᠠᠷᠢᠶᠠᠴᠢᠨ ︹2018︺ 69 ᠲᠣᠭᠠᠲᠤ︶ ᠶᠣᠰᠣᠭᠠᠷ ᠬᠡᠷᠡᠭᠵᠢᠭᠦᠯᠦᠨ᠎ᠡ︶     16. ᠠᠯᠢ 8 ᠲᠥᠷᠥᠯ ᠤᠨ ᠪᠠᠶᠢᠳᠠᠯ ᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ ᠪᠣᠯᠬᠤ ᠦᠭᠡᠢ ᠪᠤᠶ︖     ᠬᠠᠷᠢᠭᠤᠯᠲᠠ᠄ ︵1︶ ᠭᠡᠷ ᠪᠦᠯᠢ ᠶᠢᠨ ᠪᠦᠷᠢᠯᠳᠦᠭᠦᠨ ᠤ ᠳᠣᠲᠣᠷ᠎ᠠ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠤᠶᠤ ᠤᠯᠤᠰ ᠤᠨ ᠥᠮᠴᠢᠯᠡᠯ ᠤᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ︔ ᠦᠷ᠎ᠡ ᠬᠡᠦᠬᠡᠳ ᠨᠢ ᠠᠴᠢᠯᠠᠨ ᠲᠡᠵᠢᠭᠡᠬᠦ ᠴᠢᠳᠠᠪᠤᠷᠢ ᠲᠠᠢ ᠪᠤᠶᠤ ᠦᠷ᠎ᠡ ᠬᠡᠦᠬᠡᠳ ᠨᠢ ᠲᠦᠢᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠤᠶᠤ ᠤᠯᠤᠰ ᠤᠨ ᠥᠮᠴᠢᠯᠡᠯ ᠤᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠳᠤ ᠠᠯᠪᠠᠨ ᠶᠣᠰᠣᠭᠠᠷ ᠠᠵᠢᠯᠯᠠᠵᠤ᠂ ᠵᠣᠷᠢᠭᠤᠳᠠ ᠡᠴᠢᠭᠡ ᠡᠬᠡ ᠪᠠᠨ ᠠᠰ ᠲᠤᠨᠢ ᠡᠷᠦᠭᠡ ᠬᠤᠪᠢᠶᠠᠨ ᠭᠠᠭᠴᠠᠭᠠᠷ ᠰᠠᠭᠤᠯᠭᠠᠭᠰᠠᠨ᠃ ︵2︶ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠪᠤᠶᠤ ᠭᠡᠷ ᠲᠡᠭᠡᠨ ᠶᠡᠭᠡ ᠬᠡᠮᠵᠢᠶᠡᠨ ᠤ ᠬᠠᠳᠠᠭᠠᠯᠠᠮᠵᠢ ᠲᠠᠢ ᠪᠠᠶᠢᠬᠤ᠃ ︵3︶ ᠭᠡᠷ ᠪᠦᠯᠢ ᠳᠤ ᠪᠠᠷᠠᠭᠠᠨ ᠤ ᠲᠡᠷᠭᠡ᠂ ᠰᠠᠭᠤᠳᠠᠯ ᠤᠨ ᠲᠡᠷᠭᠡ᠂ ᠮᠢᠶᠠᠨᠪᠣᠣ ᠲᠡᠷᠭᠡ᠂ ᠬᠡᠭᠡᠷ᠎ᠡ ᠶᠢᠨ ᠲᠡᠷᠭᠡ ᠵᠡᠷᠭᠡ ᠮᠠᠰᠢᠨᠲᠤ ᠲᠡᠷᠭᠡ᠂ ᠪᠠᠷᠢᠯᠭ᠎ᠠ ᠶᠢᠨ ᠲᠡᠷᠭᠡ ᠬᠥᠰᠬᠡ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢᠨ ᠨᠢᠭᠡ ᠲᠠᠢ ᠪᠠᠶᠢᠬᠤ᠃ ︵4︶ ᠭᠡᠷ ᠪᠦᠯᠢ ᠶᠢᠨ ᠪᠦᠷᠢᠯᠳᠦᠭᠦᠨ ᠨᠢ ᠰᠢᠶᠠᠨ ᠤ ᠬᠤᠳᠠ ᠪᠤᠶᠤ ᠪᠠᠯᠭᠠᠰᠤᠨ ᠳᠤ ᠲᠠᠸᠠᠷ ᠤᠨ ᠭᠡᠷ ᠪᠠᠶᠢᠰᠢᠩ᠂ ᠬᠤᠳᠠᠯᠳᠤᠭᠠᠨ ᠤ ᠫᠦᠰᠡ᠂ ᠥᠪᠡᠷ ᠢᠶᠠᠨ ᠪᠠᠷᠢᠭᠰᠠᠨ ᠣᠷᠣᠨ ᠰᠠᠭᠤᠴᠠ ᠬᠤᠳᠠᠯᠳᠤᠨ ᠠᠪᠤᠭᠰᠠᠨ ︵ᠴᠤᠷ ᠤᠨ ᠭᠠᠭᠴᠠ ᠣᠷᠣᠨ ᠰᠠᠭᠤᠴᠠ ᠡᠭᠦᠨ ᠳᠤ ᠪᠠᠭᠲᠠᠬᠤ ᠦᠭᠡᠢ︶᠃ ︵5︶ ᠭᠡᠷ ᠪᠦᠯᠢ ᠶᠢᠨ ᠪᠦᠷᠢᠯᠳᠦᠭᠦᠨ ᠤ ᠳᠣᠲᠣᠷ᠎ᠠ ᠳᠠᠩᠰᠠᠯᠠᠭᠤᠯᠤᠭᠰᠠᠨ ᠺᠣᠮᠫᠠᠨᠢ ᠪᠠᠶᠢᠵᠤ᠂ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ᠂ ᠦᠢᠯᠡᠳᠪᠦᠷᠢ᠂ ᠲᠠᠷᠢᠶᠠᠯᠠᠩ ᠤᠨ ᠲᠠᠯᠠᠪᠠᠢ ᠵᠡᠷᠭᠡ ᠲᠣᠮᠣ ᠬᠡᠯᠪᠡᠷᠢ ᠶᠢᠨ ᠠᠵᠤ ᠠᠬᠤᠢ ᠶᠢᠨ ᠪᠣᠳᠠᠲᠤ ᠴᠣᠭᠴᠠ ᠲᠠᠢ ᠪᠥᠭᠡᠳ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠬᠢᠯᠭᠡᠭᠰᠡᠨ ᠪᠠᠶᠢᠬᠤ᠃ ︵6︶ ᠪᠠᠷᠢᠯᠭ᠎ᠠ ᠶᠢ ᠨᠤᠷᠠᠭᠠᠨ ᠨᠡᠭᠦᠯᠭᠡᠬᠦ᠂ ᠭᠠᠵᠠᠷ ᠰᠢᠷᠣᠢ ᠶᠢ ᠲᠠᠲᠠᠪᠤᠷᠢᠯᠠᠨ ᠡᠵᠡᠯᠡᠬᠦ ᠵᠡᠷᠭᠡ ᠠᠴᠠ ᠪᠣᠯᠵᠤ ᠶᠡᠭᠡ ᠬᠡᠮᠵᠢᠶᠡᠨ ᠤ ᠨᠥᠬᠦᠪᠦᠷᠢ ᠣᠯᠵᠤ᠂ ᠣᠷᠣᠯᠭ᠎ᠠ ᠨᠢ ᠲᠤᠬᠠᠢ ᠶᠢᠨ ᠭᠠᠵᠠᠷ ᠤᠨ ᠳᠤᠮᠳᠠᠴᠢ ᠬᠢᠷᠢ ᠬᠡᠮᠵᠢᠶ᠎ᠡ ᠠᠴᠠ ᠢᠯᠡᠳᠲᠡ ᠥᠨᠳᠥᠷ ᠪᠠᠶᠢᠬᠤ᠃ ︵7︶ ᠭᠡᠷ ᠪᠦᠯᠢ ᠪᠠᠷ ᠢᠶᠠᠨ ᠠᠰᠠᠷᠠᠨ ᠲᠡᠵᠢᠭᠡᠵᠦ ᠪᠠᠶᠢᠭ᠎ᠠ ᠰᠤᠷᠤᠭᠴᠢᠳ ᠤᠨ ᠳᠣᠲᠣᠷ᠎ᠠ᠂ ᠥᠨᠳᠥᠷ ᠰᠦᠢᠳᠬᠡᠯ ᠢᠶᠠᠷ ᠰᠤᠷᠭᠠᠭᠤᠯᠢ ᠰᠣᠩᠭᠤᠨ ᠪᠢᠴᠢᠭ ᠦᠵᠡᠬᠦ᠂ ᠥᠨᠳᠥᠷ ᠰᠦᠢᠳᠬᠡᠯ ᠢᠶᠠᠷ ᠬᠤᠪᠢ ᠶᠢᠨ ᠡᠷᠬᠢᠯᠡᠭᠰᠡᠨ ᠰᠤᠷᠭᠠᠭᠤᠯᠢ ᠳᠤ ᠪᠢᠴᠢᠭ ᠦᠵᠡᠵᠦ ᠪᠠᠶᠢᠬᠤ ᠪᠤᠶᠤ ᠭᠠᠳᠠᠭᠠᠳᠤ ᠳᠤ ᠭᠠᠷᠴᠤ ᠰᠤᠷᠤᠯᠴᠠᠵᠤ ᠪᠠᠶᠢᠬᠤ᠃ ︵8︶ ᠣᠲᠣ ᠶᠢᠨ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠨᠠᠮ ᠤᠨ ᠡᠭᠦᠷ ᠤᠨ ᠭᠡᠰᠢᠭᠦᠨ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠬᠢᠯᠡᠭᠴᠢ ᠶᠢᠨ ᠲᠤᠰᠢᠶᠠᠯ ᠳᠤ ᠪᠠᠶᠢᠭ᠎ᠠ ᠬᠥᠮᠥᠰ ᠲᠣᠭᠲᠠᠮᠠᠯ ᠴᠠᠯᠢᠩ ᠪᠤᠶᠤ ᠨᠥᠬᠦᠪᠦᠷᠢ ᠮᠥᠩᠭᠦ ᠠᠪᠴᠤ ᠪᠠᠶᠢᠭ᠎ᠠ᠃ ᠳᠡᠭᠡᠷ᠎ᠡ ᠳᠤᠷᠠᠳᠤᠭᠰᠠᠨ ᠬᠥᠮᠥᠰ ᠢ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ᠂ ᠪᠣᠳᠠᠲᠠᠢ ᠪᠠᠶᠢᠳᠠᠯ ᠳᠤ ᠴᠢᠭᠯᠡᠭᠦᠯᠦᠨ ᠲᠥᠷᠥᠯ ᠬᠤᠪᠢᠶᠠᠨ ᠰᠢᠢᠳᠪᠦᠷᠢᠯᠡᠵᠦ᠂ ᠣᠨᠴᠠᠭᠠᠶ ᠪᠠᠶᠢᠳᠠᠯ ᠢ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠭᠤᠣᠯᠳᠠᠯᠭ᠎ᠠ ᠲᠠᠢ ᠪᠠᠷ ᠦᠨᠡᠯᠡᠨ ᠶᠠᠷᠢᠯᠴᠠᠨ᠎ᠠ᠃     17᠂ ᠭᠠᠴᠠᠭ᠎ᠠ ᠲᠣᠰᠬᠤᠨ ᠳᠤ ᠣᠷᠳᠣ ᠬᠤᠭᠤᠴᠠᠭ᠎ᠠ ᠪᠠᠷ ᠰᠠᠭᠤᠷᠢᠰᠢᠨ ᠠᠮᠢᠳᠤᠷᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ ᠮᠥᠷᠲᠡᠭᠡᠨ ᠬᠤᠲᠠ ᠪᠠᠯᠭᠠᠰᠤ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ ᠥᠩᠭᠡᠷᠡᠭᠰᠡᠨ ᠦᠭᠡᠢ ᠬᠤᠲᠠ ᠪᠠᠯᠭᠠᠰᠤ ᠶᠢᠨ ᠡᠷᠦᠬᠡ ᠪᠠ ᠭᠠᠳᠠᠷ ᠣᠷᠣᠨ ᠤ ᠡᠷᠦᠬᠡ ᠳᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠪᠠᠯ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ ᠪᠣᠯᠣᠨ᠎ᠠ ᠤᠤ︖    ᠬᠠᠷᠢᠭᠤᠯᠲᠠ᠄ ᠬᠢᠨᠠᠨ ᠰᠢᠯᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ ᠪᠣᠯᠣᠨ᠎ᠠ᠂ ᠭᠡᠬᠦ ᠳᠡᠭᠡᠨ ᠣᠨᠴᠣᠭᠤᠢ ᠪᠣᠳᠠᠲᠤ ᠵᠢᠱᠢᠶ᠎ᠡ ᠪᠣᠯᠭᠠᠵᠤ᠂ ᠬᠤᠰᠢᠭᠤ ᠰᠢᠶᠠᠨ ᠠᠴᠠ ᠠᠵᠢᠯ ᠤᠨ ᠲᠥᠰᠥᠯ ᠲᠣᠭᠲᠠᠭᠠᠬᠤ ᠳᠠᠭᠠᠨ ᠲᠣᠳᠣᠷᠬᠠᠢ ᠲᠣᠭᠲᠠᠭᠠᠬᠤ ᠶᠢᠨ ᠬᠠᠮᠲᠤ ᠳᠡᠭᠡᠳᠦ ᠱᠠᠲᠤᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠬᠢᠨᠠᠨ ᠰᠢᠯᠭᠠᠬᠤ ᠡᠲᠡᠭᠡᠳ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠤᠰᠢᠭᠤ ᠰᠢᠶᠠᠨ ᠠᠴᠠ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠦᠨᠳᠦᠰᠦᠯᠡᠨ ᠪᠣᠳᠠᠲᠠᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠥᠰᠥᠯ ᠳᠤ ᠲᠣᠳᠣᠷᠬᠠᠶᠢᠯᠠᠬᠤ ᠶᠢᠨ ᠬᠠᠮᠲᠤ ᠳᠡᠭᠡᠳᠦ ᠱᠠᠲᠤᠨ ᠳᠤ ᠮᠡᠳᠡᠭᠦᠯᠦᠨ ᠳᠠᠩᠰᠠᠯᠠᠭᠤᠯᠵᠤ᠂ ᠰᠤᠮᠤ ᠰᠢᠶᠠᠩ ᠪᠠᠯᠭᠠᠰᠤ ᠪᠣᠯᠣᠨ ᠭᠠᠴᠠᠭ᠎ᠠ ᠲᠣᠰᠬᠤᠨ ᠠᠴᠠ ᠪᠣᠳᠠᠲᠠᠢ ᠬᠡᠷᠡᠭᠵᠢᠭᠦᠯᠵᠦ ᠪᠣᠯᠣᠨ᠎ᠠ᠃     18. ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠭᠤᠣᠯᠳᠠᠯᠭ᠎ᠠ ᠲᠠᠢ ᠬᠥᠮᠥᠰ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖    ᠬᠠᠷᠢᠭᠤᠯᠲᠠ᠄ ︵1︶ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠶᠢᠨ ᠣᠷᠣᠯᠭ᠎ᠠ ᠨᠢ ᠬᠢᠨᠠᠨ ᠬᠡᠮᠵᠢᠭᠰᠡᠨ ᠣᠷᠣᠯᠭ᠎ᠠ ᠶᠢᠨ ᠪᠠᠷᠢᠮᠵᠢᠶ᠎ᠠ ᠠᠴᠠ ᠲᠤᠤᠷ᠎ᠠ ᠪᠠᠶᠢᠨ᠎ᠠ ︵6000 ᠲᠥᠭᠦᠷᠢᠭ \ 2021 ᠣᠨ ︶᠃ ︵2︶ ᠰᠢᠨ᠎ᠡ ᠪᠠᠷ ᠨᠡᠮᠡᠭᠳᠡᠭᠰᠡᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠶᠢᠭ᠎ᠠ ᠬᠥᠮᠥᠰ᠃ ︵3︶ ᠡᠪᠡᠳᠴᠢᠲᠡᠢ ᠡᠷᠦᠬᠡ ᠶᠢ ᠰᠢᠨ᠎ᠡ ᠪᠠᠷ ᠨᠡᠮᠡᠭᠳᠡᠭᠦᠯᠦᠨ᠎ᠡ᠃ ︵4︶ ᠡᠮᠴᠢᠯᠡᠭᠡᠨ ᠤ ᠳᠠᠭᠠᠳᠬᠠᠯ ᠤᠨ ᠥᠪᠡᠷ ᠤᠨ ᠵᠠᠷᠤᠳᠠᠯ ᠤᠨ ᠵᠠᠷᠤᠯᠭ᠎ᠠ ᠨᠢ 1 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠬᠤ ᠮᠠᠯᠵᠢᠬᠤ ᠡᠷᠦᠬᠡ᠃ ︵5︶ ᠰᠢᠨ᠎ᠡ ᠪᠠᠷ ᠨᠡᠮᠡᠭᠳᠡᠭᠰᠡᠨ ᠵᠡᠮᠳᠡᠭᠴᠦᠳ ︵ᠦᠨᠡᠮᠯᠡᠯ ᠲᠠᠢ︶ ︵6︶ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠡᠲᠡᠭᠡᠳ ᠢ ᠰᠢᠨ᠎ᠡ ᠪᠠᠷ ᠨᠡᠮᠡᠭᠳᠡᠭᠦᠯᠦᠨ᠎ᠡ ︵7︶ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠷᠤᠭᠡ ᠶᠢ ᠰᠢᠨ᠎ᠡ ᠪᠠᠷ ᠨᠡᠮᠡᠭᠳᠡᠭᠦᠯᠦᠨ᠎ᠡ ︵8︶ ᠤᠰᠤᠨ ᠠᠰᠢᠭᠯᠠᠯᠲᠠ ᠶᠢᠨ ᠤᠰᠤ ᠤᠮᠳᠠ ᠶᠢᠨ ᠠᠮᠤᠷ ᠲᠦᠪᠰᠢᠨ ᠪᠤᠰᠤ ᠡᠷᠦᠬᠡ ᠶᠢ ᠰᠢᠨ᠎ᠡ ᠪᠠᠷ ᠵᠢᠭᠰᠠᠭᠠᠨ ᠪᠠᠶᠢᠴᠠᠭᠠᠨ᠎ᠠ᠃ ︵9︶ ᠡᠨᠡ ᠵᠢᠯ ᠤᠨ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠥᠭᠬᠦ ᠡᠲᠡᠭᠡᠳ ︵ᠶᠠᠳᠠᠭᠤ ᠶᠢ ᠰᠡᠷᠭᠡᠶᠢᠯᠡᠬᠦ ᠳᠠᠭᠠᠳᠬᠠᠯ︶᠃ ︵10︶ ᠡᠨᠡ ᠵᠢᠯ ᠤᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠭᠡᠳ ᠲᠣᠭᠲᠠᠪᠤᠷᠢ ᠦᠭᠡᠢ ᠨᠤᠲᠤᠭ ᠲᠠᠭᠠᠨ ᠪᠤᠴᠠᠭᠰᠠᠨ ᠬᠥᠮᠥᠰ᠃    19. ᠵᠠᠰᠠᠭ ᠤᠨ ᠣᠷᠳᠣᠨ ᠤ ᠰᠠᠯᠠᠭ᠎ᠠ ᠮᠥᠴᠢᠷ ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠶᠢ ᠬᠡᠷᠬᠢᠨ ᠰᠡᠷᠭᠡᠶᠢᠯᠡᠬᠦ ᠪᠤᠢ︖    ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠲᠥᠰᠥᠯ︾ ᠢ ᠲᠣᠭᠲᠠᠭᠠᠵᠤ᠂ ᠤᠰᠤ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ ᠭᠠᠵᠠᠷ ᠤᠨ ᠭᠠᠮᠰᠢᠭ᠂ ᠠᠮᠢᠳᠤ ᠪᠣᠳᠠᠰ ᠤᠨ ᠭᠠᠮᠰᠢᠭ᠂ ᠭᠠᠯ ᠤᠨ ᠭᠠᠮᠰᠢᠭ ᠢ ᠴᠠᠭ ᠲᠤᠬᠠᠢ ᠳᠤᠨᠢ ᠬᠢᠨᠠᠨ ᠬᠡᠮᠵᠢᠵᠦ᠂ ᠵᠢᠴᠢ ᠬᠢᠵᠢᠭ ᠤᠨ ᠪᠠᠶᠢᠳᠠᠯ ᠵᠡᠷᠭᠡ ᠡᠯ᠎ᠡ ᠲᠥᠷᠥᠯ ᠤᠨ ᠭᠡᠨᠡᠳᠲᠡ ᠡᠭᠦᠰᠦᠭᠰᠡᠨ ᠴᠢᠬᠤᠯᠠ ᠶᠡᠭᠡ ᠣᠯᠠᠨ ᠨᠡᠶᠢᠲᠡ ᠶᠢᠨ ᠬᠡᠷᠡᠭ ︵︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠢᠶᠠᠷ ᠯᠠᠪᠯᠠᠯᠲᠠ ᠪᠣᠯᠭᠠᠨ᠎ᠠ︶ ᠠᠴᠠ ᠪᠣᠯᠤᠭᠰᠠᠨ ᠨᠥᠯᠥᠭᠡ᠂ ᠶᠡᠭᠡ ᠬᠡᠮᠵᠢᠶᠡᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠦᠨ᠎ᠡ ᠬᠠᠩᠰᠢ ᠦᠷᠭᠦᠯᠵᠢᠯᠡᠨ ᠶᠡᠭᠡ ᠪᠠᠷ ᠪᠠᠭᠤᠷᠠᠬᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠵᠢᠯ ᠠᠯᠳᠠᠯᠲᠠ ᠢᠯᠡᠳᠲᠡ ᠨᠡᠮᠡᠭᠳᠡᠬᠦ᠂ ᠬᠥᠳᠡᠭᠡ ᠲᠣᠰᠬᠤᠨ ᠤ ᠠᠵᠤ ᠦᠢᠯᠡᠰ ᠤᠨ ᠲᠥᠷᠥᠯ ᠵᠦᠢᠯ ᠢᠯᠠᠭᠳᠠᠬᠤ᠂ ᠲᠣᠮᠣ ᠳᠤᠮᠳᠠ ᠬᠡᠯᠪᠡᠷᠢ ᠶᠢᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠳᠤ ᠨᠡᠭᠦᠭᠰᠡᠨ ᠬᠥᠮᠥᠨ ᠠᠮᠠ ᠶᠢᠨ ᠠᠵᠢᠯ ᠣᠯᠭᠤᠯᠲᠠ ᠪᠠ ᠨᠡᠶᠢᠭᠡᠮ ᠲᠣᠭᠤᠷᠢᠭ ᠤᠨ ᠠᠭᠤᠰᠤᠯᠴᠠᠯ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠠᠵᠢᠯ᠂ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠬᠦᠷᠦᠯᠴᠡᠬᠦ ᠦᠭᠡᠢ ᠠᠴᠠ ᠪᠣᠯᠤᠭᠰᠠᠨ ᠳᠠᠬᠢᠨ ᠶᠠᠳᠠᠭᠤᠷᠠᠬᠤ ᠦᠵᠡᠭᠳᠡᠯ ᠢ ᠢᠯᠡᠷᠡᠭᠦᠯᠦᠨ ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠲᠦᠭᠰᠢᠭᠦᠷᠢ ᠶᠢ ᠴᠠᠭ ᠲᠤᠬᠠᠢ ᠳᠤᠨᠢ ᠪᠠᠶᠢᠴᠠᠭᠠᠨ ᠰᠡᠷᠡᠮᠵᠢᠯᠡᠭᠦᠯᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃     20. ᠬᠢᠨᠠᠨ ᠰᠢᠯᠭᠠᠬᠤ ᠠᠷᠭ᠎ᠠ ᠮᠠᠶ᠋ᠢᠭ ᠨᠢ ᠶᠠᠭᠤ ᠶᠠᠭᠤ ᠪᠠᠶᠢᠳᠠᠭ ᠪᠤᠢ︖    ᠬᠠᠷᠢᠭᠤᠯᠲᠠ᠄ ᠬᠢᠨᠠᠨ ᠰᠢᠯᠭᠠᠬᠤ ᠠᠷᠭ᠎ᠠ ᠮᠠᠶ᠋ᠢᠭ ᠲᠤ ᠮᠠᠯᠵᠢᠬᠤ ᠲᠠᠷᠢᠶᠠᠯᠠᠬᠤ ᠡᠷᠦᠬᠡ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠦᠨᠳᠦᠰᠦᠨ ᠱᠠᠲᠤᠨ ᠤ ᠺᠠᠳ᠋ᠷ ᠢ ᠵᠢᠭᠰᠠᠭᠠᠨ ᠪᠠᠶᠢᠴᠠᠭᠠᠬᠤ᠂ ᠰᠠᠯᠠᠭ᠎ᠠ ᠮᠥᠴᠢᠷ ᠠᠴᠠ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠨᠡᠶᠢᠭᠡᠮ ᠤᠨ ᠬᠢᠨᠠᠯᠲᠠ ᠲᠠᠯᠪᠢᠵᠤ ᠢᠯᠡᠷᠡᠭᠦᠯᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠪᠠᠶᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠯᠭᠠᠬᠤ ᠠᠵᠢᠯ ᠢ ᠥᠷᠨᠢᠭᠦᠯᠵᠦ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠲᠦᠭᠰᠢᠭᠦᠷᠢ ᠶᠢᠨ ᠴᠡᠭ᠂ ᠲᠦᠭᠰᠢᠭᠦᠷᠢ ᠶᠢᠨ ᠬᠦᠴᠦᠨ ᠵᠦᠢᠯ᠂ ᠲᠦᠭᠰᠢᠭᠦᠷᠢ ᠶᠢᠨ ᠬᠠᠮᠲᠤᠯᠢᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠢᠯᠡᠷᠡᠭᠦᠯᠦᠨ᠎ᠡ᠃     21. ᠲᠠᠷᠢᠶᠠᠯᠠᠬᠤ ᠮᠠᠯᠵᠢᠬᠤ ᠡᠷᠦᠬᠡ ᠶᠠᠮᠠᠷ ᠠᠷᠭ᠎ᠠ ᠮᠠᠶ᠋ᠢᠭ ᠢᠶᠠᠷ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠪᠤᠢ︖    ᠬᠠᠷᠢᠭᠤᠯᠲᠠ᠄ 1. ᠶᠠᠳᠠᠭᠤ ᠠᠴᠠ ᠠᠩᠭᠢᠵᠢᠷᠠᠭᠰᠠᠨ ᠡᠷᠦᠬᠡ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠶᠢᠨ ᠭᠠᠷ ᠤᠲᠠᠰᠤᠨ ᠤ APP ᠪᠠᠷ ᠥᠪᠡᠷ ᠢᠶᠠᠨ ᠭᠤᠶᠤᠴᠢᠯᠠᠨ ᠮᠡᠳᠡᠭᠦᠯᠦᠨ᠎ᠡ᠃ 2. ᠮᠠᠯᠵᠢᠬᠤ ᠲᠠᠷᠢᠶᠠᠯᠠᠬᠤ ᠡᠷᠦᠬᠡ ︽12317 ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ︾ ᠶᠢ ᠤᠲᠠᠰᠤᠳᠠᠬᠤ ᠪᠠᠷ ᠳᠡᠮᠵᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠨ᠎ᠡ᠃ 3% ᠲᠠᠷᠢᠶᠠᠯᠠᠬᠤ ᠮᠠᠯᠵᠢᠬᠤ ᠡᠷᠦᠬᠡ ᠪᠠᠶᠢᠭ᠎ᠠ ᠭᠠᠴᠠᠭ᠎ᠠ ᠲᠣᠰᠬᠤᠨ ᠳᠠᠭᠠᠨ ᠰᠢᠭᠤᠳ ᠮᠡᠳᠡᠭᠦᠯᠬᠦ ᠬᠡᠷᠡᠭᠲᠡᠢ᠃ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠴᠢᠳᠠᠪᠤᠷᠢ ᠶᠢ ᠪᠦᠷᠢᠯᠳᠦᠭᠦᠯᠦᠭᠰᠡᠨ ᠦᠭᠡᠢ ᠮᠠᠯᠵᠢᠬᠤ ᠲᠠᠷᠢᠶᠠᠯᠠᠬᠤ ᠡᠷᠦᠬᠡ ᠪᠣᠯ ᠪᠤᠰᠤᠳ ᠲᠤ ᠨᠠᠶᠢᠳᠠᠵᠤ ᠣᠷᠣᠯᠠᠨ ᠭᠤᠶᠤᠴᠢᠯᠠᠨ ᠮᠡᠳᠡᠭᠦᠯᠵᠦ ᠪᠣᠯᠣᠨ᠎ᠠ᠃    22. ᠦᠨᠳᠦᠰᠦᠨ ᠱᠠᠲᠤᠨ ᠤ ᠺᠠᠳ᠋ᠷ ᠢ ᠬᠡᠷᠬᠢᠨ ᠵᠢᠭᠰᠠᠭᠠᠨ ᠪᠠᠶᠢᠴᠠᠭᠠᠬᠤ ᠪᠤᠢ︖     ᠬᠠᠷᠢᠭᠤᠯᠲᠠ᠄ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠪᠠ ᠡᠳᠦᠷ ᠲᠤᠲᠤᠮ ᠤᠨ ᠬᠢᠨᠠᠨ ᠡᠵᠡᠮᠳᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ᠃ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠠᠴᠠᠭ᠎ᠠ ᠲᠣᠰᠬᠤᠨ ᠳᠤᠭᠤᠶᠢᠯᠠᠩ ᠤᠨ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ᠂ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠰᠦᠯᠵᠢᠶᠡᠨ ᠤ ᠠᠵᠢᠯᠲᠠᠨ᠂ ᠬᠥᠳᠡᠭᠡ ᠲᠣᠰᠬᠤᠨ ᠤ ᠡᠮᠴᠢ ᠵᠡᠷᠭᠡ ᠦᠨᠳᠦᠰᠦᠨ ᠱᠠᠲᠤᠨ ᠤ ᠬᠦᠴᠦᠨ ᠳᠤ ᠲᠦᠰᠢᠭᠯᠡᠨ᠂ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠣᠶ ᠪᠦᠬᠦᠢ ᠪᠠᠶᠢᠩᠭᠤ ᠰᠠᠭᠤᠭ᠎ᠠ ᠮᠠᠯᠵᠢᠬᠤ ᠲᠠᠷᠢᠶᠠᠯᠠᠬᠤ ᠡᠷᠦᠬᠡ ᠶᠢ ᠰᠤᠷᠪᠤᠯᠵᠢᠯᠠᠨ ᠵᠢᠭᠰᠠᠭᠠᠨ ᠪᠠᠶᠢᠴᠠᠭᠠᠵᠤ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠲᠦᠭᠰᠢᠭᠦᠷᠢ ᠶᠢᠨ ᠬᠡᠮ ᠰᠣᠭᠤᠭ ᠲᠤ ᠪᠠᠶᠢᠩᠭᠤ ᠶᠢᠨ ᠴᠢᠨᠠᠷᠲᠠᠢ᠂ ᠪᠠᠶᠢᠩᠭᠤ ᠶᠢᠨ ᠴᠢᠨᠠᠷᠲᠠᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠡᠷᠦᠬᠡ ᠶᠢ ᠴᠠᠭ ᠲᠤᠬᠠᠢ ᠳᠤᠨᠢ ᠬᠢᠨᠠᠨ ᠬᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠬᠤ ᠬᠡᠷᠡᠭᠲᠡᠢ᠃     23. ᠰᠠᠯᠠᠭ᠎ᠠ ᠮᠥᠴᠢᠷ ᠤᠨ ᠬᠢᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠡᠷᠬᠢᠨ ᠬᠢᠬᠦ ᠪᠤᠶ︖      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠪᠠᠶᠢᠩᠭᠤ ᠶᠢᠨ ᠬᠢᠨᠠᠨ ᠬᠡᠮᠵᠢᠬᠦ ᠰᠠᠯᠠᠭ᠎ᠠ ᠮᠥᠴᠢᠷ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠰᠠᠯᠠᠭ᠎ᠠ ᠮᠥᠴᠢᠷ ᠤᠳ ᠰᠢᠭᠰᠢᠨ ᠪᠠᠶᠢᠴᠠᠭᠠᠬᠤ᠂ ᠲᠥᠪᠯᠡᠷᠡᠭᠦᠯᠦᠨ ᠲᠤᠰᠢᠶᠠᠵᠤ ᠭᠦᠢᠴᠡᠳᠬᠡᠬᠦ᠂ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ᠂ ᠦᠷ᠎ᠡ ᠳ᠋ᠦᠩ ᠢ ᠬᠠᠷᠢᠭᠤ ᠲᠤᠰᠬᠠᠬᠤ᠂ ᠮᠥᠷᠳᠡᠨ ᠪᠠᠶᠢᠴᠠᠭᠠᠵᠤ ᠭᠦᠢᠴᠡᠳᠬᠡᠬᠦ︾ ᠲᠠᠰ ᠳᠠᠷᠠᠭᠠᠯᠠᠯ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠢᠨᠠᠨ ᠬᠠᠷᠭᠤᠭᠤᠯᠬᠤ ᠶᠢ ᠬᠠᠷᠢᠭᠤ ᠲᠤᠰᠬᠠᠬᠤ ᠬᠡᠷᠡᠭᠲᠡᠢ᠃     24. ᠨᠡᠶᠢᠭᠡᠮ ᠤᠨ ᠬᠢᠨᠠᠯᠲᠠ ᠶᠢ ᠬᠡᠷᠬᠢᠨ ᠪᠠᠳᠠᠷᠠᠭᠤᠯᠬᠤ ᠪᠤᠢ︖     ᠬᠠᠷᠢᠭᠤᠯᠲᠠ᠄ ᠨᠡᠶᠢᠭᠡᠮ ᠤᠨ ᠬᠢᠨᠠᠯᠲᠠ ᠲᠠᠯᠪᠢᠯᠲᠠ ᠶᠢ ᠢᠯᠡᠷᠡᠭᠦᠯᠬᠦ ᠠᠷᠭ᠎ᠠ ᠵᠠᠮ ᠢ ᠥᠷᠭᠡᠳᠬᠡᠵᠦ᠂ ᠰᠦᠯᠵᠢᠶᠡᠨ ᠤ ᠲᠠᠪᠴᠠᠩ᠂ ᠵᠠᠭᠤᠴᠢᠯᠠᠭᠤᠷ ᠤᠨ ᠲᠤᠰᠬᠠᠯ᠂ ᠵᠠᠬᠢᠳᠠᠯ ᠰᠣᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠨ ᠵᠠᠳᠠᠯᠵᠤ᠂ ᠺᠠᠳ᠋ᠷᠴᠤᠳ ᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠪᠠᠶᠢᠳᠠᠯ ᠢ ᠬᠢᠨᠠᠨ ᠬᠠᠷᠭᠤᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ᠃     25. ᠬᠢᠨᠠᠨ ᠰᠢᠯᠭᠠᠵᠤ ᠢᠯᠭᠠᠨ ᠲᠠᠨᠢᠬᠤ ᠵᠢᠷᠤᠮ ᠨᠢ ᠶᠠᠮᠠᠷ ᠶᠠᠮᠠᠷ ᠠᠯᠬᠤᠮ ᠳᠠᠷᠠᠭ᠎ᠠ ᠲᠠᠢ ᠪᠤᠢ︖    ᠬᠠᠷᠢᠭᠤᠯᠲᠠ᠄ ᠬᠢᠨᠠᠨ ᠰᠢᠯᠭᠠᠵᠤ ᠢᠯᠭᠠᠨ ᠲᠠᠨᠢᠬᠤ ᠲᠠᠰ ᠳᠠᠷᠠᠭᠠᠯᠠᠯ ᠨᠢ 8 ᠠᠯᠬᠤᠮ ᠳᠠᠷᠠᠭ᠎ᠠ ᠲᠠᠢ ᠪᠠᠶᠢᠵᠤ᠂ ᠮᠠᠯᠵᠢᠬᠤ ᠲᠠᠷᠢᠶᠠᠯᠠᠬᠤ ᠡᠷᠦᠬᠡ ᠭᠤᠶᠤᠴᠢᠯᠠᠬᠤ᠂ ᠰᠤᠷᠪᠤᠯᠵᠢᠯᠠᠨ ᠵᠢᠭᠰᠠᠭᠠᠨ ᠪᠠᠶᠢᠴᠠᠭᠠᠬᠤ᠂ ᠮᠠᠯᠵᠢᠬᠤ ᠲᠠᠷᠢᠶᠠᠯᠠᠬᠤ ᠡᠷᠦᠬᠡ ᠠᠴᠠ ᠡᠷᠬᠡ ᠣᠯᠭᠤᠬᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠶᠢ ᠢᠯᠡ ᠪᠣᠯᠭᠠᠬᠤ᠂ ᠰᠤᠮᠤ ᠰᠢᠶᠠᠩ ᠪᠠᠯᠭᠠᠰᠤ ᠬᠢᠨᠠᠨ ᠬᠠᠷᠭᠤᠭᠤᠯᠬᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠬᠤᠰᠢᠭᠤ ᠰᠢᠶᠠᠨ ᠨᠢ ᠬᠢᠨᠠᠨ ᠲᠣᠭᠲᠠᠭᠠᠵᠤ ᠢᠯᠡ ᠨᠡᠶᠢᠲᠡᠯᠡᠬᠦ᠂ ᠪᠢᠴᠢᠵᠦ ᠣᠷᠣᠭᠤᠯᠬᠤ ᠰᠢᠰᠲ᠋ᠧᠮᠵᠢᠭᠦᠯᠦᠨ ᠬᠠᠮᠢᠶᠠᠷᠤᠨ᠎ᠠ᠃     26. ᠲᠠᠬᠢᠨ ᠶᠠᠳᠠᠭᠤᠷᠠᠬᠤ ᠪᠠ ᠶᠠᠳᠠᠭᠤᠷᠠᠬᠤ ᠠᠶᠤᠯ ᠲᠦᠭᠰᠢᠭᠦᠷᠢ ᠶᠢ ᠠᠷᠢᠯᠭᠠᠬᠤ ᠪᠠᠷᠢᠮᠵᠢᠶ᠎ᠠ ᠨᠢ ᠶᠠᠭᠤ ᠪᠤᠢ︖     ᠬᠠᠷᠢᠭᠤᠯᠲᠠ᠄ ︵1︶ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠲᠦᠭᠰᠢᠭᠦᠷᠢ ᠶᠢ ᠦᠨᠳᠦᠰᠦᠯᠡᠨ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ︵2︶ ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠢ ᠦᠷᠭᠦᠯᠵᠢᠯᠡᠨ ᠪᠠᠬᠢᠵᠢᠭᠦᠯᠦᠨ᠎ᠡ︔ ︵3︶ ᠣᠷᠣᠯᠭ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠵᠤ᠂ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠪᠥᠬᠦ ᠣᠷᠣᠨ ᠤ ᠲᠣᠰ ᠵᠢᠯ ᠤᠨ ᠣᠷᠣᠯᠭ᠎ᠠ ᠶᠢ ᠬᠢᠨᠠᠨ ᠬᠡᠮᠵᠢᠬᠦ ᠬᠢᠵᠠᠭᠠᠷ ᠱᠤᠭᠤᠮ ᠠᠴᠠ ᠲᠣᠭᠲᠠᠭᠤᠨ ᠢᠶᠠᠷ ᠳᠠᠪᠠᠭᠤᠯᠤᠨ᠎ᠠ︔    27. ᠲᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠶᠢ ᠠᠷᠢᠯᠭᠠᠬᠤ ᠳᠤ ᠶᠠᠮᠠᠷ ᠶᠠᠮᠠᠷ ᠵᠢᠷᠤᠮ ᠪᠠᠶᠢᠬᠤ ᠪᠤᠢ︖     ᠬᠠᠷᠢᠭᠤᠯᠲᠠ᠄ ᠬᠤᠰᠢᠭᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠬᠥᠳᠡᠭᠡ ᠲᠣᠰᠬᠤᠨ ᠬᠤᠶᠠᠷ ᠱᠠᠲᠤ ᠶᠢ ᠵᠣᠬᠢᠶᠠᠨ ᠪᠠᠶᠢᠭᠤᠯᠵᠤ ︽ᠶᠠᠭᠠᠬᠢᠵᠤ ᠣᠷᠣᠭᠤᠯᠵᠤ ᠶᠠᠭᠠᠬᠢᠵᠤ ᠭᠠᠷᠭᠠᠬᠤ︾ ᠵᠠᠷᠴᠢᠮ ᠢ ᠵᠢᠷᠤᠮᠯᠠᠨ᠂ ᠤᠯᠠᠷᠢᠯ ᠢᠶᠠᠷ ᠰᠢᠰᠲ᠋ᠧᠮ ᠤᠨ ᠴᠢᠳᠠᠮᠵᠢ ᠶᠢ ᠴᠢᠯᠦᠭᠡᠲᠡᠢ ᠪᠣᠯᠭᠠᠵᠤ᠂ ᠠᠶᠤᠯ ᠲᠦᠭᠰᠢᠭᠦᠷᠢ ᠶᠢ ᠠᠷᠢᠯᠭᠠᠬᠤ ᠶᠢ ᠲᠣᠳᠣᠷᠬᠠᠶᠢᠯᠠᠨ᠎ᠠ᠃ ᠬᠢᠨᠠᠨ ᠬᠡᠮᠵᠢᠭᠳᠡᠬᠦ ᠡᠲᠡᠭᠡᠳ ᠢ ᠲᠣᠰ ᠰᠠᠷ᠎ᠠ ᠳᠤᠨᠢ ᠢᠯᠭᠠᠨ ᠲᠠᠨᠢᠵᠤ᠂ ᠲᠣᠰ ᠰᠠᠷ᠎ᠠ ᠳᠤᠨᠢ ᠲᠣᠳᠣᠷᠬᠠᠶᠢᠯᠠᠭᠰᠠᠨ ᠲᠦᠭᠰᠢᠭᠦᠷᠢ ᠶᠢ ᠠᠷᠢᠯᠭᠠᠵᠤ ᠪᠣᠯᠬᠤ ᠦᠭᠡᠢ᠃ ᠪᠣᠳᠠᠲᠠᠢ ᠠᠯᠬᠤᠮ ᠳᠠᠷᠠᠭ᠎ᠠ᠄ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠵᠤ ᠬᠠᠷᠭᠤᠭᠤᠯᠬᠤ᠂ ᠭᠠᠴᠠᠭ᠎ᠠ ᠲᠣᠰᠬᠤᠨ ᠳᠤ ᠦᠨᠡᠯᠡᠨ ᠶᠠᠷᠢᠯᠴᠠᠵᠤ ᠢᠯᠡ ᠨᠡᠶᠢᠲᠡᠯᠡᠬᠦ᠂ ᠰᠢᠶᠠᠩ ᠪᠠᠯᠭᠠᠰᠤ ᠶᠢᠨ ᠰᠢᠯᠭᠠᠨ ᠬᠤᠷᠢᠶᠠᠵᠤ ᠬᠢᠨᠠᠨ ᠬᠠᠷᠭᠤᠭᠤᠯᠬᠤ᠂ ᠰᠢᠶᠠᠨ ᠤ ᠱᠠᠲᠤᠨ ᠤ ᠬᠢᠨᠠᠨ ᠲᠣᠭᠲᠠᠭᠠᠵᠤ ᠢᠯᠡ ᠨᠡᠶᠢᠲᠡᠯᠡᠬᠦ᠂ ᠰᠢᠰᠲ᠋ᠧᠮ ᠲᠠᠢ ᠲᠣᠳᠣᠷᠬᠠᠶᠢᠯᠠᠯᠲᠠ ᠬᠠᠳᠠᠬᠤ᠃     28. ᠳᠠᠬᠢᠨ ᠶᠠᠳᠠᠭᠤᠷᠠᠬᠤ ᠠᠶᠤᠯ ᠲᠦᠭᠰᠢᠭᠦᠷᠢ ᠶᠢ ᠠᠷᠢᠯᠭᠠᠬᠤ ᠬᠤᠶᠢᠰᠢᠳᠠ ᠶᠢᠨ ᠬᠠᠮᠢᠶᠠᠷᠤᠯᠲᠠ︖    ᠬᠠᠷᠢᠭᠤᠯᠲᠠ᠄ ︽ᠲᠦᠭᠰᠢᠭᠦᠷᠢ ᠶᠢ ᠠᠷᠢᠯᠭᠠᠬᠤ︾ ᠭᠡᠰᠡᠨ ᠲᠣᠳᠣᠷᠬᠠᠶᠢᠯᠠᠯᠲᠠ ᠬᠠᠲᠠᠭᠰᠠᠨ ᠬᠢᠨᠠᠨ ᠬᠡᠮᠵᠢᠭᠳᠡᠬᠦ ᠡᠲᠡᠭᠡᠳ ᠢ ᠳᠠᠭᠢᠵᠤ ︽ᠬᠢᠨᠠᠨ ᠬᠡᠮᠵᠢᠭᠳᠡᠬᠦ ᠡᠲᠡᠭᠡᠳ︾ ᠢᠶᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠭᠡᠢ᠃ ᠨᠢᠭᠡᠨᠲᠡ ᠨᠠᠶᠢᠳᠠᠪᠤᠷᠢᠵᠢᠭᠤᠯᠤᠭᠰᠠᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠳᠠᠮ ᠬᠦᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠲᠥᠪᠬᠢᠨᠡᠭᠦᠯᠬᠦ᠂ ᠡᠮᠴᠢᠯᠡᠭᠡ ᠪᠠᠷ ᠠᠪᠤᠷᠠᠨ ᠲᠤᠰᠠᠯᠠᠬᠤ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠳᠤ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠪᠣᠳᠠᠲᠠᠢ ᠠᠵᠢᠯ ᠤᠨ ᠦᠶᠡᠯᠡᠯ ᠤᠨ ᠬᠤᠭᠤᠴᠠᠭ᠎ᠠ ᠶᠣᠰᠣᠭᠠᠷ ᠲᠣᠬᠢᠷᠠᠭᠤᠯᠤᠯᠲᠠ ᠬᠢᠨ᠎ᠡ᠃     29. ᠬᠢᠨᠠᠨ ᠬᠡᠮᠵᠢᠬᠦ ᠨᠢ ᠬᠥᠳᠡᠯᠦᠩᠭᠦᠢ ᠬᠠᠮᠢᠶᠠᠷᠤᠯᠲᠠ ᠮᠥᠨ ᠤᠤ︖   ᠬᠠᠷᠢᠭᠤᠯᠲᠠ᠄ ᠬᠢᠨᠠᠨ ᠰᠢᠯᠭᠠᠬᠤ ᠳᠤ ︽ᠣᠷᠣᠭᠤᠯᠬᠤ ᠶᠢ ᠨᠢ ᠣᠷᠣᠭᠤᠯᠵᠤ ᠭᠠᠷᠭᠠᠬᠤ ᠶᠢ ᠨᠢ ᠭᠠᠷᠭᠠᠬᠤ᠂ ᠴᠠᠭ ᠲᠤᠬᠠᠢ ᠳᠤᠨᠢ ᠢᠯᠭᠠᠨ ᠲᠠᠨᠢᠬᠤ᠂ ᠬᠥᠳᠡᠯᠦᠩᠭᠦᠢ ᠪᠠᠷ ᠬᠠᠮᠢᠶᠠᠷᠬᠤ︾ ᠵᠠᠷᠴᠢᠮ ᠢ ᠪᠠᠷᠢᠮᠲᠠᠯᠠᠨ᠂ ᠬᠥᠳᠡᠯᠦᠩᠭᠦᠢ ᠪᠠᠷ ᠬᠠᠮᠢᠶᠠᠷᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠪᠠᠷ ᠢᠯᠭᠠᠨ ᠲᠠᠨᠢᠬᠤ ᠬᠢᠨᠠᠨ ᠰᠢᠯᠭᠠᠬᠤ ᠡᠲᠡᠭᠡᠳ ᠢ ᠴᠠᠭ ᠲᠤᠬᠠᠢ ᠳᠤᠨᠢ ᠪᠣᠶ ᠪᠣᠯᠭᠠᠵᠤ᠂ ᠴᠠᠭ ᠲᠤᠬᠠᠢ ᠳᠤᠨᠢ ᠢᠯᠭᠠᠨ ᠲᠠᠨᠢᠵᠤ᠂ ᠴᠠᠭ ᠲᠤᠬᠠᠢ ᠳᠤᠨᠢ ᠪᠢᠴᠢᠵᠦ ᠣᠷᠣᠭᠤᠯᠤᠨ᠎ᠠ︔ ᠲᠣᠳᠣᠷᠬᠠᠶᠢᠯᠠᠯᠲᠠ ᠶᠢᠨ ᠠᠶᠤᠯ ᠲᠦᠭᠰᠢᠭᠦᠷᠢ ᠶᠢ ᠠᠷᠢᠯᠭᠠᠬᠤ᠂ ᠬᠥᠮᠥᠨ ᠠᠮᠠ ᠶᠢᠨ ᠠᠶᠠᠨᠳᠠᠭᠠᠨ ᠨᠡᠮᠡᠭᠳᠡᠵᠦ ᠬᠠᠰᠤᠭᠳᠠᠬᠤ ᠠᠰᠠᠭᠤᠳᠠᠯ ᠢ ᠤᠯᠠᠷᠢᠯ ᠢᠶᠠᠷ ᠰᠢᠰᠲ᠋ᠧᠮ ᠲᠠᠢ ᠲᠣᠳᠣᠷᠬᠠᠶᠢᠯᠠᠨ᠎ᠠ︔ ᠤᠯᠤᠰ ᠤᠨ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠰᠢᠯᠭᠠᠬᠤ ᠡᠲᠡᠭᠡᠳ ᠤᠨ ᠣᠨ ᠤ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠵᠢᠯ ᠪᠦᠷᠢ ᠨᠢᠭᠡ ᠤᠳᠠᠭ᠎ᠠ ᠲᠥᠪᠯᠡᠷᠡᠭᠦᠯᠦᠨ ᠥᠷᠨᠢᠭᠦᠯᠦᠨ᠎ᠡ᠃    30. ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠦᠷᠦᠯ ᠵᠦᠢᠯ ᠨᠢ ᠶᠠᠭᠤ ᠶᠠᠭᠤ ᠪᠠᠶᠢᠳᠠᠭ ᠪᠤᠢ︖     ᠬᠠᠷᠢᠭᠤᠯᠲᠠ᠄ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠭ᠎ᠠ ᠬᠡᠮᠵᠢᠶ᠎ᠡ ᠪᠠ ᠬᠡᠷᠡᠭ ᠤᠨ ᠳᠠᠷᠠᠭ᠎ᠠ ᠬᠠᠪᠰᠤᠷᠤᠨ ᠲᠡᠳᠬᠦᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ ᠵᠠᠷᠴᠢᠮ ᠶᠣᠰᠣᠭᠠᠷ᠂ ᠬᠢᠨᠠᠨ ᠰᠢᠯᠭᠠᠬᠤ ᠡᠲᠡᠭᠡᠳ ᠤᠨ ᠲᠦᠭᠰᠢᠭᠦᠷᠢ ᠶᠢᠨ ᠲᠥᠷᠥᠯ ᠬᠡᠯᠪᠡᠷᠢ᠂ ᠬᠥᠳᠡᠯᠮᠦᠷᠢᠯᠡᠬᠦ ᠴᠢᠳᠠᠪᠤᠷᠢ ᠪᠠ ᠬᠤᠪᠢ ᠬᠥᠮᠥᠨ ᠤ ᠬᠥᠭᠵᠢᠯᠲᠡ ᠶᠢᠨ ᠬᠦᠰᠡᠯ ᠰᠠᠨᠠᠭ᠎ᠠ ᠶᠢ ᠶᠡᠷᠦᠩᠬᠡᠶᠢᠯᠡᠨ ᠬᠢᠨᠠᠨ ᠬᠡᠮᠵᠢᠵᠦ ᠬᠡᠷᠡᠭᠵᠢᠭᠦᠯᠦᠨ᠎ᠡ᠄ ︵ᠨᠢᠭᠡ︶ ᠠᠵᠤ ᠦᠢᠯᠡᠰ ᠢᠶᠠᠷ ᠬᠠᠪᠰᠤᠷᠤᠨ ᠲᠡᠳᠬᠦᠵᠦ ᠥᠪᠡᠷᠮᠢᠴᠡ ᠣᠨᠴᠠᠯᠢᠭ ᠲᠠᠢ ᠠᠵᠤ ᠦᠢᠯᠡᠰ ᠢᠶᠠᠷ ᠬᠠᠪᠰᠤᠷᠤᠨ ᠲᠡᠳᠬᠦᠵᠦ᠂ ᠬᠡᠷᠡᠭᠯᠡᠭᠡ ᠪᠠᠷ ᠬᠠᠪᠰᠤᠷᠤᠨ ᠲᠡᠳᠬᠦᠨ᠎ᠡ︔ ︵ᠬᠤᠶᠠᠷ︶ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠠᠷ ᠬᠠᠪᠰᠤᠷᠤᠨ ᠲᠡᠳᠬᠦᠬᠦ ᠶᠢ ᠪᠠᠭᠲᠠᠭᠠᠨ᠎ᠠ︔ ︵ᠭᠤᠷᠪᠠ︶ ᠮᠥᠩᠭᠦᠨ ᠭᠦᠢᠯᠭᠡᠭᠡᠨ ᠢᠶᠠᠷ ᠬᠠᠪᠰᠤᠷᠤᠨ ᠲᠡᠳᠬᠦᠬᠦ︔ ︵ᠲᠦᠷᠪᠡ︶ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠪᠠ ᠪᠤᠰᠤᠳ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ︔ ︵ᠲᠠᠪᠤ︶ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠶᠢ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠪᠠ ᠡᠮᠴᠢᠯᠡᠭᠡᠨ ᠤ ᠪᠠᠲᠤᠯᠠᠭ᠎ᠠ ᠪᠠᠷ ᠬᠠᠪᠰᠤᠷᠤᠨ ᠲᠡᠳᠬᠦᠬᠦ ᠭᠡᠵᠦ ᠬᠤᠪᠢᠶᠠᠨ᠎ᠠ︔ ︵ᠵᠢᠷᠭᠤᠭ᠎ᠠ︶ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ︔ ︵ᠲᠤᠯᠤᠭ᠎ᠠ︶ ᠤᠤᠭᠤᠬᠤ ᠤᠰᠤᠨ ᠤ ᠠᠶᠤᠯ ᠦᠭᠡᠢ ᠶᠢᠨ ᠪᠠᠲᠤᠯᠠᠭ᠎ᠠ︔ ︵ᠨᠠᠢᠮᠠ︶ ᠶᠡᠷᠦᠩᠬᠡᠶᠢᠯᠡᠨ ᠪᠠᠲᠤᠯᠠᠵᠤ ᠬᠠᠪᠰᠤᠷᠤᠨ ᠲᠡᠳᠬᠦᠬᠦ︔ ︵ᠶᠢᠰᠦ︶ ᠨᠡᠶᠢᠭᠡᠮ ᠠᠴᠠ ᠬᠠᠪᠰᠤᠷᠤᠨ ᠲᠡᠳᠬᠦᠬᠦ︔ ︵ᠠᠷᠪᠠ︶ ᠵᠣᠷᠢᠭ ᠰᠠᠨᠠᠭ᠎ᠠ ᠶᠢ ᠲᠡᠳᠬᠦᠵᠦ ᠤᠶᠤᠨ ᠤᠬᠠᠭᠠᠨ ᠢ ᠲᠡᠳᠬᠦᠬᠦ᠃  
ᠢᠷᠡᠯᠲᠡ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ