ᠲᠦᠷᠭᠡᠨ ᠬᠦᠷᠭᠡᠯᠳᠡ ᠶᠢᠨ ᠲᠦᠯᠦᠪᠤᠷᠢ ᠦᠭᠭᠦ ︽ᠰᠠᠶᠢᠨ ᠶᠠᠪᠤᠳᠠᠯ︾ ᠳᠤ ᠰᠣᠨᠣᠷ ᠰᠡᠷᠡᠮᠵᠢ ᠲᠠᠢ ᠪᠠᠶᠢᠭᠠᠷᠠᠢ︕
ᠨᠡᠶᠢᠲᠡᠯᠡᠭᠰᠡᠨ ᠴᠠᠭ᠄
2022/11/2
                ᠳᠦᠷᠭᠡᠨ ᠬᠦᠷᠭᠡᠯᠳᠡ ᠴᠢᠨᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠳᠠ ᠳᠤ ᠠᠷᠭ᠎ᠠ ᠴᠢᠨᠠᠷ ᠢᠯᠡᠷᠡᠵᠦ᠂ ᠰᠢᠳᠠᠭᠠᠬᠤ ᠴᠢᠬᠤᠯᠠᠳᠠᠢ ᠲᠤᠯᠠ ᠲᠥᠯᠥᠪᠦᠷᠢ ᠦᠭᠭᠦᠨ᠎ᠠ ᠭᠡᠳᠡᠭ ᠢ ᠲᠠ ᠢᠲᠡᠭᠡᠨ᠎ᠡ ᠦᠦ︖  ᠡᠶᠢᠮᠦ ︽ᠰᠠᠶᠢᠨ ᠶᠠᠪᠤᠳᠠᠯ︾ ᠲᠣᠬᠢᠶᠠᠯᠳᠤᠪᠠᠯ ᠵᠠᠪᠠᠯ ᠰᠣᠨᠣᠷ ᠰᠡᠷᠡᠮᠵᠢ ᠲᠠᠢ ᠪᠠᠶᠢᠭᠠᠷᠠᠢ︕    ᠤᠶᠢᠷ᠎ᠠ ᠳᠤ᠂ ᠸᠠᠩ ᠠᠪᠠᠭ᠋ᠠᠶ ᠲᠦᠷᠭᠡᠨ ᠬᠦᠷᠭᠡᠯᠳᠡ ᠶᠢᠨ ᠺᠣᠮᠫᠠᠨᠢ ᠶᠢᠨ ᠤᠲᠠᠰᠤ ᠶᠢ ᠲᠤᠰᠴᠤ᠂ ᠨᠥᠭᠦᠭᠡ ᠡᠳᠡᠭᠡᠳ ᠨᠢ ᠸᠠᠩ ᠠᠪᠠᠭ᠋ᠠᠶ ᠶᠢᠨ ᠲᠦᠷᠭᠡᠨ ᠬᠦᠷᠭᠡᠯᠲᠡ ᠨᠢ ᠰᠢᠨ᠎ᠡ ᠲᠢᠲᠢᠮᠯᠢᠭ ᠸᠢᠷᠦ᠋ᠰ ᠤᠨ  ᠪᠠᠶᠢᠴᠠᠭᠠᠯᠳᠠ ᠳᠤ ᠠᠷᠭ᠎ᠠ ᠴᠢᠨᠠᠷ ᠢᠯᠠᠷᠠᠵᠤ᠂ ᠲᠦᠷᠭᠡᠨ ᠬᠦᠷᠭᠡᠯᠳᠡ ᠶᠢ ᠨᠢ ᠭᠠᠯᠳᠠᠬᠤ ᠪᠤᠯᠤᠬᠰᠠᠨ ᠠᠴᠠ ᠲᠡᠭᠦᠨ ᠳᠤ ᠲᠥᠯᠥᠪᠦᠷᠢ ᠦᠭᠭᠦᠨ᠎ᠡ ᠭᠡᠵᠦ ᠮᠡᠳᠡᠭᠳᠡᠪᠡ᠃ ᠸᠠᠩ ᠠᠪᠠᠭ᠋ᠠᠢ ᠡᠭᠦᠨ ᠢ ᠰᠤᠨᠤᠰᠤᠮᠠᠭᠴᠠ᠂  ᠬᠢᠵᠢᠭ ᠤᠨ ᠪᠠᠶᠢᠳᠠᠯ ᠢ ᠰᠡᠷᠭᠡᠢᠯᠡᠨ ᠡᠵᠡᠮᠳᠡᠬᠦ ᠲᠠᠢ ᠬᠤᠯᠪᠤᠭᠳᠠᠭᠰᠠᠨ ᠪᠤᠯᠬᠤᠷ ᠥᠴᠦᠬᠡᠨ ᠴᠦ ᠲᠠᠲᠠᠭᠠᠯᠵᠠᠯ ᠦᠭᠡᠢ ᠪᠠᠷ ᠵᠣᠭᠤᠰ ᠢᠶᠠᠨ ᠪᠤᠴᠠᠭᠠᠵᠤ ᠠᠪᠬᠤ ᠪᠠᠷ ᠪᠤᠯᠪᠠ᠃    ᠸᠠᠩ ᠠᠪᠠᠭ᠋ᠠᠶ ᠨᠦᠭᠦᠭᠡ ᠡᠳᠡᠭᠡᠳ ᠤᠨ ᠬᠡᠯᠡᠭᠰᠡᠨ ᠶᠤᠰᠤᠭᠠᠷ᠂ ᠲᠡᠳᠡ ᠨᠡᠷ ᠤᠨ ᠶᠠᠪᠤᠭᠤᠯᠤᠭᠰᠠᠨ ᠬᠤᠶᠠᠷ ᠬᠡᠮᠵᠢᠯᠳᠦ ᠺᠤᠳ᠋ ᠰᠢᠷᠪᠢᠵᠦ ᠨᠢᠭᠡᠨ ᠵᠥᠭᠡᠯᠡᠨ ᠲᠣᠨᠤᠭ ᠪᠠᠭᠤᠯᠭᠠᠭᠰᠠᠨ ᠤ ᠲᠠᠷᠠᠭ᠎ᠠ ᠥᠪᠡᠷ ᠤᠨ  ᠪᠠᠭᠰᠢ ᠶᠢᠨ ᠺᠠᠷᠲ ᠤᠨ ᠨᠣᠮᠧᠷ᠂ ᠰᠢᠯᠭᠠᠨ ᠪᠠᠲᠤᠯᠠᠬᠤ ᠨᠣᠮᠧᠷ ᠵᠢᠴᠢ ᠲᠣᠭᠠᠴᠠᠭ᠎ᠠ ᠬᠢᠬᠦ ᠨᠢᠭᠤᠴᠠ ᠨᠣᠮᠧᠷ ᠢᠶᠠᠨ ᠳᠠᠭᠯᠠᠪᠠ᠃ ᠳᠡᠮᠡᠢ ᠤᠳᠠᠯ ᠦᠭᠡᠢ ᠸᠠᠩ ᠠᠪᠠᠭ᠋ᠠᠶ ᠪᠠᠩᠬᠢ ᠶᠢᠨ ᠣᠬᠤᠷ ᠮᠡᠳᠡᠭᠡ ᠶᠢ ᠲᠤᠰᠴᠤ᠂ ᠪᠠᠩᠬᠢ ᠶᠢᠨ ᠺᠠᠷᠲ ᠤᠨ 49000 ᠲᠥᠭᠦᠷᠢᠭ ᠨᠢ ᠠᠯᠠᠭ᠎ᠠ ᠪᠤᠯᠤᠬᠰᠠᠨ ᠢ ᠦᠵᠡᠭᠡᠳ᠂ ᠲᠡᠷᠡ ᠰᠠᠶ᠋ᠢ ᠮᠡᠬᠡᠯᠡᠭᠳᠡᠭᠰᠡᠨ ᠢᠶᠠᠨ ᠮᠡᠳᠡᠪᠡ᠃    ᠠᠷᠠᠳ ᠤᠨ ᠴᠠᠭᠳᠠᠭ᠎ᠠ ᠠᠴᠠ᠂ ᠡᠨᠡ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠳᠠᠭ ᠪᠣᠯᠭᠠᠬᠰᠠᠨ ᠴᠠᠬᠢᠯᠭᠠᠨ ᠬᠤᠯᠪᠣᠭᠠᠨ ᠤ ᠮᠡᠬᠡᠯᠡᠯ ᠪᠤᠯᠤᠨ᠎ᠠ᠃ ᠡᠯ᠎ᠠ ᠵᠦᠢᠯ ᠤᠨ ᠬᠤᠳᠠᠯᠳᠤᠭᠰᠠᠨ ᠤ  ᠳᠠᠷᠠᠭᠠᠬᠢ ᠳᠤᠬᠠᠶᠢᠯᠠᠭᠰᠠᠨ ᠠᠵᠢᠯ ᠢ ᠭᠦᠢᠴᠡᠳᠬᠡᠬᠦ ᠴᠢᠬᠤᠯᠠᠲᠠᠶ ᠪᠣᠯ ᠠᠯᠪᠠᠨ ᠤ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠬᠦᠢᠴᠡᠳᠭᠡᠵᠦ᠂ ᠲᠠᠨᠢᠯ ᠪᠤᠰᠤ ᠤᠲᠠᠰᠤ ᠶᠢ ᠠᠮᠠᠷᠬᠠᠨ ᠢᠲᠡᠭᠡᠵᠦ ᠪᠣᠯᠬᠤ ᠥᠬᠡᠶ᠂ ︽ᠦᠢᠯᠡᠴᠢᠯᠡᠭᠴᠢ︾ ᠶᠢᠨ ᠢᠷᠡᠭᠦᠯᠦᠭᠰᠡᠨ ᠬᠤᠶᠠᠷ ᠬᠡᠮᠵᠢᠯᠳᠦ ᠺᠣᠳ᠋ ᠢ ᠰᠢᠷᠪᠢᠵᠦ ᠪᠣᠯᠬᠤ ᠥᠬᠡᠶ᠂ ᠰᠢᠯᠭᠠᠨ ᠪᠠᠲᠤᠯᠠᠬᠤ ᠺᠣᠳ᠋ ᠢ ᠵᠠᠳᠠᠷᠠᠭᠤᠯᠵᠤ ᠪᠣᠯᠬᠤ ᠥᠬᠡᠶ᠃ ᠬᠡᠷᠪᠡ ᠠᠵᠠ ᠪᠤᠰᠤ ᠪᠠᠷ ᠮᠡᠬᠡᠯᠡᠭᠳᠡᠭᠰᠡᠨ ᠪᠠᠶᠢᠪᠠᠯ᠂ ᠭᠡᠷᠡᠴᠢ ᠪᠠᠷᠢᠮᠲᠠ ᠴᠤᠭᠯᠠᠭᠤᠯᠬᠤ ᠶᠢᠨ ᠬᠠᠮᠲᠤ ᠪᠦᠬᠦ ᠤᠯᠤᠰ ᠤᠨ ᠮᠡᠬᠡᠯᠡᠯ ᠢ ᠡᠰᠡᠷᠭᠦᠴᠡᠬᠦ ᠬᠠᠯᠠᠮᠰᠢᠯ ᠤᠲᠠᠰᠤ ︽96110︾ ᠳᠤ ᠤᠲᠠᠰᠤᠳᠠᠵᠤ ᠪᠤᠯᠤᠨ᠎ᠠ ᠭᠡᠵᠦ ᠰᠠᠨᠠᠭᠤᠯᠵᠤ ᠪᠤᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ