| | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠨᠳᠤᠨᠧᠰᠢᠶ᠎ᠠ ᠶᠢᠨ ᠪᠠᠯᠢ | ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠪᠠ ᠃ | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠨᠳᠤᠨᠧᠰᠢᠶ᠎ᠠ ᠶᠢᠨ ᠪᠠᠯᠢ | ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠪᠠ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠵᠢᠴᠢ ᠳᠡᠯᠡᠬᠡᠢ ᠶᠢᠨ ᠪᠠ | ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠵᠡᠯᠲᠡ ᠪᠠᠨ ᠴᠢᠩ ᠦᠨᠡᠨᠴᠢ ᠪᠠᠷ ᠭᠦᠨᠵᠡᠭᠡᠢ ᠰᠣᠯᠢᠯᠴᠠᠪᠠ ᠃ | ᠰᠢ ᠶᠢᠨ ᠫᠢᠩ ᠂ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠤᠯᠭᠠᠷᠠᠵᠤ ᠪᠠᠶᠢᠭ᠎ᠠ ᠪᠠᠶᠢᠳᠠᠯ ᠨᠢ ᠬᠤᠶᠠᠷ ᠤᠯᠤᠰ ᠪᠣᠯᠣᠨ ᠬᠤᠶᠠᠷ ᠤᠯᠤᠰ ᠤᠨ | ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠭᠦ ᠦᠭᠡᠢ ᠪᠥᠭᠡᠳ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠴᠦ ᠨᠡᠶᠢᠴᠡᠭᠦ ᠦᠭᠡᠢ ᠶᠤᠮ ᠃ | ᠳᠤᠮᠳᠠᠳᠤ ᠠᠮᠧᠷᠢᠺᠠ ᠬᠤᠶᠠᠷ ᠲᠠᠯ᠎ᠠ ᠪᠠᠷ ᠢᠶᠠᠨ ᠲᠡᠦᠬᠡ ᠂ ᠳᠡᠯᠡᠬᠡᠢ ᠶᠢᠷᠲᠢᠨᠴᠦ ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠂ ᠰᠢᠨ᠎ᠡ ᠴᠠᠭ ᠦᠶ᠎ᠡ ᠶᠢᠨ | ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠰᠦᠪᠡᠭᠴᠢᠯᠡᠵᠦ ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠵᠥᠪ ᠴᠢᠭᠯᠡᠯ ᠢ ᠣᠯᠵᠤ ᠂ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠷᠡᠭᠦᠯ ᠲᠣᠭᠲᠠᠭᠤᠨ ᠬᠥᠭᠵᠢᠯᠲᠡ ᠶᠢᠨ ᠵᠠᠮ ᠳᠤ ᠲᠠᠭᠢᠨ ᠣᠷᠣᠬᠤ ᠶᠢ ᠠᠬᠢᠭᠤᠯᠵᠤ ᠂ ᠬᠤᠶᠠᠷ ᠤᠯᠤᠰ ᠲᠤ ᠪᠤᠶᠠᠨ | ᠦᠢᠯᠡᠳᠴᠦ ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠣᠯ ᠪᠠᠶᠢᠳᠠᠯ ᠪᠣᠯᠣᠨ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠵᠤ ᠂ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠳᠣᠲᠣᠭᠠᠳᠤ ᠭᠠᠳᠠᠭᠠᠳᠤ | ᠲᠦᠷᠦ ᠶᠢᠨ ᠪᠣᠳᠣᠯᠭ᠎ᠠ ᠢᠯᠡ ᠲᠣᠳᠣ ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ ᠪᠣᠯᠣᠨ | ᠲᠣᠭᠲᠠᠭᠤᠨ ᠴᠢᠨᠠᠷ ᠢ ᠪᠠᠲᠤᠯᠠᠵᠤ ᠪᠠᠶᠢᠨ᠎ᠠ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ | ᠦᠷᠭᠦᠯᠵᠢᠯᠡᠨ ᠵᠣᠷᠢᠯᠲᠠ ᠪᠠᠨ ᠪᠤᠯᠭᠠᠵᠤ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠬᠢᠵᠦ ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠡᠷᠡᠰ ᠬᠡᠷᠡᠭᠵᠢᠭᠦᠯᠵᠦ ᠂ ᠢᠮᠠᠭᠲᠠ ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠢ | ᠦᠨᠳᠦᠰᠦᠯᠡᠨ ᠥᠪᠡᠷ ᠤᠨ ᠵᠣᠭᠰᠣᠯᠲᠠ ᠪᠠ ᠣᠪᠣᠷ ᠢᠶᠠᠨ ᠲᠣᠭᠲᠠᠭᠠᠵᠤ ᠂ ᠶᠠᠷᠢᠯᠴᠠᠭ᠎ᠠ ᠬᠢᠵᠦ ᠵᠥᠪᠳᠡᠯᠴᠡᠬᠦ ᠂ ᠮᠠᠷᠭᠤᠯᠳᠤᠭᠠᠨ ᠢ ᠨᠠᠶᠢᠷᠠᠮᠳᠠᠯ ᠢᠶᠠᠷ | ᠰᠢᠢᠳᠪᠦᠷᠢᠯᠡᠬᠦ ᠶᠢ ᠰᠠᠨᠠᠭᠠᠴᠢᠯᠠᠵᠤ ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ | ᠳᠢᠭᠯᠢᠮ ᠢ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠳᠤᠮᠳᠠᠳᠤ ᠤᠯᠤᠰ ᠡᠩᠬᠡ | ᠲᠠᠶᠢᠪᠤᠩ ᠬᠥᠭᠵᠢᠯᠲᠡ ᠂ ᠨᠡᠭᠡᠭᠡᠯᠲᠡᠲᠤ ᠬᠥᠭᠵᠢᠯᠲᠡ ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠣᠷᠣᠯᠴᠠᠭᠴᠢ ᠂ ᠠᠬᠢᠭᠤᠯᠤᠭᠴᠢ ᠪᠣᠯᠵᠤ ᠂ ᠡᠯ᠎ᠡ ᠤᠯᠤᠰ ᠲᠠᠢ ᠬᠠᠮᠲᠤ ᠪᠠᠷ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠡᠯᠡᠬᠡᠢ ᠳ᠋ᠠᠬᠢᠨ ᠶᠠᠭ ᠴᠢᠬᠤᠯᠠ ᠶᠡᠭᠡ ᠲᠡᠦᠬᠡ ᠶᠢᠨ ᠡᠷᠭᠢᠯᠲᠡ ᠶᠢᠨ ᠴᠡᠭ ᠲᠤ ᠣᠷᠣᠰᠢᠵᠤ ᠪᠠᠶᠢᠨ᠎ᠠ ᠂ ᠡᠯ᠎ᠡ ᠤᠯᠤᠰ ᠤᠷᠢᠳ ᠡᠮᠦᠨ᠎ᠡ ᠪᠠᠶᠢᠭ᠎ᠠ | ᠦᠭᠡᠢ ᠥᠷᠢᠰᠦᠯᠳᠦᠭᠡᠨ ᠳᠤ ᠬᠠᠨᠳᠤᠬᠤ ᠮᠥᠷᠲᠡᠭᠡᠨ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠢ ᠠᠳᠬᠤᠬᠤ ᠴᠢᠬᠤᠯᠠᠲᠠᠢ ᠃ | ᠪᠢᠳᠠ ᠡᠨᠡ ᠬᠦ ᠥᠨᠳᠥᠷᠴᠡ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ ᠰᠢᠢᠳᠪᠦᠷᠢᠯᠡᠬᠦ ᠬᠡᠷᠡᠭᠲᠡᠢ ᠃ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠨᠢ ᠴᠢ ᠢᠯᠠᠭᠳᠠᠪᠠᠯ ᠪᠢ ᠢᠯᠠᠬᠤ ᠂ ᠴᠢ ᠮᠠᠨᠳᠤᠪᠠᠯ ᠪᠢ ᠳᠣᠷᠣᠶᠢᠲᠠᠬᠤ ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ ᠂ ᠳᠤᠮᠳᠠᠳᠤ | ᠠᠮᠧᠷᠢᠺᠠ ᠲᠤᠰ ᠲᠤᠰ ᠲᠠᠭᠠᠨ ᠠᠮᠵᠢᠯᠲᠠ ᠣᠯᠬᠤ ᠨᠢ ᠬᠠᠷᠢᠯᠴᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠶᠤᠮ ᠃ | ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠨᠢ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ ᠂ ᠬᠠᠮᠲᠤ ᠶᠢᠨ ᠴᠡᠴᠡᠭᠯᠡᠯ ᠢ ᠪᠦᠷᠢᠮᠦᠰᠦᠨ ᠪᠠᠭᠲᠠᠭᠠᠵᠤ | ᠴᠢᠳᠠᠨ᠎ᠠ ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ | ᠵᠣᠷᠢᠯᠲᠠ ᠳᠤ ᠵᠥᠪ ᠢᠶᠠᠷ ᠬᠠᠨᠳᠤᠵᠤ ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠠᠴᠠ ᠪᠢᠰᠢ ᠲᠡᠭ | ᠨᠡᠶᠢᠯᠡᠪᠦᠷᠢ ᠶᠢᠨ ᠪᠤᠰᠤ ᠭᠦᠭ ᠠᠶᠠᠰ ᠢ ᠲᠣᠭᠲᠠᠭᠠᠪᠠᠯ ᠵᠣᠬᠢᠨ᠎ᠠ ᠃ ᠪᠢ ᠶᠡᠷᠦᠩᠬᠡᠶᠢᠯᠡᠭᠴᠢ ᠠᠪᠤᠭᠠᠢ ᠶᠢᠨ ︽ ᠳᠥᠷᠪᠡ ᠶᠢ ᠡᠷᠢᠯᠬᠢᠯᠡᠬᠦ ᠦᠭᠡᠢ ᠨᠢᠭᠡ ᠰᠠᠨᠠᠭ᠎ᠠ ᠦᠭᠡᠢ ︾ | ᠣᠪᠣᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠳᠤᠮᠳᠠᠳᠤ ᠤᠯᠤᠰ ᠶᠡᠷᠦ ᠠᠴᠠ ᠤᠳᠤ ᠶᠢᠨ ᠤᠯᠠᠨ ᠤᠯᠤᠰ ᠤᠨ ᠡᠮᠬᠢ ᠳᠢᠭᠯᠢᠮ ᠢ | ᠬᠤᠪᠢᠷᠠᠭᠤᠯᠬᠤ ᠶᠢ ᠡᠷᠢᠯᠬᠢᠯᠡᠬᠦ ᠦᠭᠡᠢ ᠂ ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ | ᠣᠷᠣᠯᠠᠬᠤ ᠰᠠᠨᠠᠭ᠎ᠠ ᠦᠭᠡᠢ ᠶᠤᠮ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠂ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ ᠶᠢ ᠪᠠᠷᠢᠮᠲᠠᠯᠠᠵᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠵᠥᠪ ᠴᠢᠭᠯᠡᠯ ᠢᠶᠠᠷ ᠤᠷᠤᠭᠰᠢᠯᠠᠬᠤ ᠶᠢ ᠬᠠᠮᠲᠤ ᠪᠠᠷ ᠪᠠᠲᠤᠯᠠᠵᠤ ᠂ ᠬᠡᠯᠪᠡᠶᠢᠬᠦ ᠦᠭᠡᠢ ᠂ | ᠬᠤᠷᠳᠤᠴᠠ ᠠᠯᠳᠠᠬᠤ ᠦᠭᠡᠢ ᠂ ᠨᠡᠩ ᠴᠤ ᠮᠥᠷᠭᠦᠯᠳᠦᠬᠦ ᠦᠭᠡᠢ ᠪᠠᠶᠢᠪᠠᠯ ᠵᠣᠬᠢᠨ᠎ᠠ ᠃ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠣᠨ | ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠵᠢᠷᠤᠮᠯᠠᠬᠤ ᠪᠣᠯ ᠬᠤᠶᠠᠷ ᠲᠠᠯ᠎ᠠ ᠪᠠᠷ ᠢᠶᠠᠨ ᠵᠥᠷᠢᠴᠡᠯ ᠵᠥᠷᠢᠯᠳᠦᠭᠡᠨ ᠢᠶᠠᠨ ᠬᠠᠮᠢᠶᠠᠷᠤᠨ | ᠡᠵᠡᠮᠳᠡᠬᠦ ᠂ ᠮᠥᠷᠭᠦᠯᠳᠦᠭᠡᠨ ᠢ ᠰᠡᠷᠭᠡᠶᠢᠯᠡᠬᠦ ᠵᠠᠩᠭᠢᠯᠠᠭ᠎ᠠ ᠮᠥᠨ ᠂ ᠪᠠᠰᠠ ᠴᠤ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠠᠮᠤᠭ ᠤᠨ ᠴᠢᠬᠤᠯᠠ ᠰᠡᠷᠭᠡᠶᠢᠯᠡᠯᠲᠡ ᠪᠠ | ᠠᠮᠤᠷ ᠲᠦᠪᠰᠢᠨ ᠤ ᠲᠣᠣᠷ ᠮᠥᠨ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠢᠷᠡᠯᠲᠡ ᠵᠢᠴᠢ ᠳᠤᠮᠳᠠᠳᠤ ᠶᠢᠨ ᠲᠠᠯ᠎ᠠ ᠶᠢᠨ ᠵᠠᠷᠴᠢᠮ ᠵᠣᠭᠰᠣᠯᠲᠠ ᠶᠢ ᠰᠢᠰᠲ᠋ᠧᠮ ᠲᠠᠢ ᠲᠣᠳᠣᠷᠬᠠᠶᠢᠯᠠᠨ | ᠥᠭᠦᠯᠡᠪᠡ ᠃ ᠰᠢ ᠶᠢᠨ ᠫᠢᠩ ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠶᠢᠨ ᠳᠤᠮᠳᠠᠬᠢ ᠭᠤᠣᠯᠯᠠᠭᠴᠢ ᠮᠥᠨ ᠂ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢᠨ ᠳᠤᠮᠳᠠᠬᠢ ᠰᠠᠭᠤᠷᠢ ᠮᠥᠨ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠠᠪᠠᠵᠤ | ᠪᠣᠯᠣᠰᠢ ᠦᠭᠡᠢ ᠨᠢᠭᠡᠳᠦᠭᠡᠷ ᠤᠯᠠᠭᠠᠨ ᠱᠤᠭᠤᠮ ᠮᠥᠨ ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤᠴᠤᠳ ᠤᠨ ᠥᠪᠡᠷ ᠤᠨ ᠶᠠᠪᠤᠳᠠᠯ ᠮᠥᠨ ᠂ | ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ ᠃ ᠡᠬᠡ ᠤᠯᠤᠰ ᠤᠨ ᠨᠢᠭᠡᠳᠦᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠪᠣᠯ | ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ ᠃ ᠶᠠᠮᠠᠷᠪᠠ ᠬᠥᠮᠥᠨ ᠲᠠᠶᠢᠸᠠᠨ ᠢ | ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠰᠠᠨᠠᠭᠠᠷᠬᠠᠬᠤ ᠨᠢ ᠳᠤᠮᠳᠠᠳᠤ ᠤᠯᠤᠰ ᠤᠨ ᠦᠨᠳᠦᠰᠦᠲᠡᠨ ᠤ ᠶᠡᠭᠡ ᠵᠢᠷᠤᠮ ᠠᠴᠠ ᠲᠡᠷᠰᠯᠡᠵᠦ ᠂ ᠳᠤᠮᠳᠠᠳᠤ | ᠤᠯᠤᠰ ᠤᠨ ᠠᠷᠠᠳ ᠲᠦᠮᠡᠨ ᠶᠠᠭᠠᠬᠢᠭᠰᠠᠨ ᠴᠤ ᠵᠥᠪᠰᠢᠶᠡᠷᠡᠬᠦ ᠦᠭᠡᠢ ᠶᠤᠮ ︕ ᠪᠢᠳᠡ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠬᠤ ᠶᠢ | ᠭᠦᠰᠡᠭᠦ ᠪᠥᠭᠡᠳ ᠢᠮᠠᠭᠲᠠ ᠪᠠᠲᠤᠯᠠᠬᠤ ᠪᠠᠷ ᠴᠢᠷᠮᠠᠶᠢᠵᠤ ᠪᠠᠶᠢᠨ᠎ᠠ ᠂ ᠭᠡᠲᠡᠯ᠎ᠡ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠪᠣᠯᠣᠨ ᠲᠠᠶᠢᠸᠠᠨ ᠬᠤᠭᠤᠯᠠᠢ ᠶᠢᠨ | ᠡᠩᠬᠡ ᠲᠠᠶᠢᠪᠤᠩ ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ ᠃ ᠠᠮᠧᠷᠢᠺᠠ ᠶᠢᠨ ᠲᠠᠯ᠎ᠠ ᠶᠢᠨ ᠬᠢᠨ ᠤ ᠬᠡᠯᠡᠵᠦ ᠬᠢᠬᠦ ᠨᠢ ᠨᠢᠭᠡᠳᠦᠯᠲᠡᠢ ᠪᠠᠶᠢᠵᠤ ᠂ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠪᠠ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠬᠢᠴᠢᠶᠡᠩᠭᠦᠶᠢᠯᠡᠨ ᠵᠢᠷᠤᠮᠯᠠᠬᠤ ᠶᠢ | ᠬᠦᠰᠡᠵᠦ ᠪᠠᠶᠢᠨ᠎ᠠ ᠃ ᠶᠡᠷᠦᠩᠬᠡᠶᠢᠯᠡᠭᠴᠢ ᠠᠪᠤᠭᠠᠢ ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ ᠳᠡᠮᠵᠢᠭᠦ ᠦᠭᠡᠢ ᠂ ᠲᠠᠶᠢᠸᠠᠨ ᠢ ᠳᠤᠮᠳᠠᠳᠤ ᠤᠯᠤᠰ ᠲᠠᠢ | ᠥᠷᠢᠰᠦᠯᠳᠦᠬᠦ ᠳᠠᠪᠠᠭᠤᠯᠢᠭ ᠪᠣᠯᠭᠠᠨ ᠡᠷᠢᠯᠬᠢᠯᠡᠬᠦ ᠪᠤᠶᠤ ᠳᠤᠮᠳᠠᠳᠤ ᠤᠯᠤᠰ ᠢ ᠬᠤᠷᠢᠭᠯᠠᠬᠤ ᠪᠠᠭᠠᠵᠢ ᠪᠤᠯᠭᠠᠬᠤ ᠰᠠᠨᠠᠭ᠎ᠠ ᠦᠭᠡᠢ ᠭᠡᠵᠦ ᠤᠯᠠᠨ ᠤᠳᠠᠭ᠎ᠠ ᠬᠡᠯᠡᠵᠦ | ᠥᠩᠭᠡᠷᠡᠪᠡ ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ᠠᠮᠠᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠡᠷᠬᠡ ᠴᠢᠯᠦᠭᠡ ᠂ ᠠᠷᠠᠳᠴᠢᠯᠠᠯ ᠂ ᠬᠥᠮᠥᠨ ᠤ ᠡᠷᠬᠡ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠥᠭᠡᠭᠡᠴᠡᠯᠳᠦᠯ ᠪᠤᠯᠬᠤ ᠪᠥᠭᠡᠳ ᠪᠠᠰᠠ | ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠶᠢᠨ ᠬᠥᠭᠡᠭᠡᠴᠡᠯᠳᠦᠯ ᠮᠥᠨ ᠃ ᠠᠮᠧᠷᠢᠺᠠ ᠳᠤ ᠠᠮᠧᠷᠢᠺᠠ ᠮᠠᠶ᠋ᠢᠭ ᠤᠨ ᠠᠷᠠᠳᠴᠢᠯᠠᠯ ᠲᠠᠢ ᠂ ᠳᠤᠮᠳᠠᠳᠤ | ᠤᠯᠤᠰ ᠲᠤ ᠳᠤᠮᠳᠠᠳᠤ ᠤᠯᠤᠰ ᠤᠨ ᠮᠠᠶ᠋ᠢᠭ ᠤᠨ ᠠᠷᠠᠳᠴᠢᠯᠠᠯ ᠲᠠᠢ ᠂ ᠪᠦᠷ ᠲᠤᠰ ᠲᠤᠰ ᠤᠨ ᠤᠯᠤᠰ ᠤᠨ ᠬᠢᠨᠢ ᠪᠠᠶᠢᠳᠠᠯ ᠳᠤ ᠨᠡᠶᠢᠴᠡᠨ᠎ᠡ ᠃ ᠳᠤᠮᠳᠠᠳᠤ ᠤᠯᠤᠰ ᠤᠨ | ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠠ ᠲᠡᠦᠬᠡ ᠰᠣᠶᠣᠯ ᠳᠤ ᠰᠠᠭᠤᠷᠢᠯᠠᠵᠤ ᠂ ᠠᠷᠠᠳ ᠲᠦᠮᠡᠨ ᠤ | ᠬᠦᠰᠡᠯ ᠰᠠᠨᠠᠭ᠎ᠠ ᠶᠢ ᠢᠯᠡᠷᠡᠭᠦᠯᠦᠭᠰᠡᠨ ᠳᠤ ᠪᠢᠳᠡ ᠮᠥᠨ ᠠᠳᠠᠯᠢᠬᠠᠨ ᠣᠮᠣᠭᠰᠢᠵᠤ ᠪᠠᠶᠢᠨ᠎ᠠ ᠃ ᠶᠠᠮᠠᠷᠪᠠ ᠤᠯᠤᠰ ᠤᠨ ᠠᠷᠠᠳᠴᠢᠯᠠᠯ ᠤᠨ ᠳᠦᠷᠢᠮ ᠨᠢ ᠪᠦᠷ | ᠬᠢᠵᠠᠭᠠᠯᠠᠰᠢ ᠦᠭᠡᠢ ᠪᠦᠷᠢᠨ ᠲᠡᠭᠦᠯᠳᠡᠷ ᠪᠠᠶᠢᠵᠤ ᠴᠢᠳᠠᠬᠤ ᠦᠭᠡᠢ ᠶᠤᠮ ᠂ ᠴᠥᠮ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ ᠶᠤᠮ ᠃ | ᠬᠤᠶᠠᠷ ᠲᠠᠯ᠎ᠠ ᠶᠢᠨ ᠬᠢᠨ ᠤ ᠳᠤᠮᠳᠠ ᠣᠷᠣᠰᠢᠵᠤ ᠪᠠᠶᠢᠭ᠎ᠠ ᠪᠣᠳᠠᠲᠠᠢ ᠵᠥᠷᠢᠯᠳᠦᠭᠡᠨ ᠢ ᠰᠤᠳᠤᠯᠤᠨ ᠶᠠᠷᠢᠯᠴᠠᠵᠤ ᠪᠣᠯᠣᠨ᠎ᠠ ᠂ ᠡᠭᠦᠨ ᠤ ᠤᠷᠢᠲᠠᠯ ᠪᠣᠯ ᠡᠷᠬᠡ | ᠲᠡᠭᠰᠢ ᠪᠠᠷ ᠰᠠᠨᠠᠯ ᠢᠶᠠᠨ ᠰᠣᠯᠢᠯᠴᠠᠬᠤ ᠶᠠᠪᠤᠳᠠᠯ ᠪᠣᠯᠣᠨ᠎ᠠ ᠃ ︽ ᠠᠷᠠᠳᠴᠢᠯᠠᠯ ᠢᠶᠠᠷ ᠡᠷᠬᠡ ᠰᠦᠷ ᠢ ᠡᠰᠡᠷᠭᠦᠴᠡᠬᠦ ︾ ᠭᠡᠳᠡᠭ ᠨᠢ ᠣᠳᠣᠬᠠᠨ ᠤ ᠳᠡᠯᠡᠬᠡᠢ ᠳ᠋ᠠᠬᠢᠨ ᠤ | ᠣᠨᠴᠠᠯᠢᠭ ᠪᠢᠰᠢ ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠩ ᠨᠡᠶᠢᠴᠡᠭᠦ ᠦᠭᠡᠢ ᠶᠤᠮ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠠᠮᠧᠷᠢᠺᠠ ᠬᠥᠷᠥᠩᠭᠡᠲᠦ ᠶᠣᠰᠣ ᠶᠢ ᠬᠡᠷᠡᠭᠵᠢᠭᠦᠯᠵᠦ ᠪᠠᠶᠢᠨ᠎ᠠ ᠂ ᠳᠤᠮᠳᠠᠳᠤ ᠤᠯᠤᠰ ᠨᠡᠶᠢᠭᠡᠮ ᠵᠢᠷᠤᠮ ᠢ ᠬᠡᠷᠡᠭᠵᠢᠭᠦᠯᠵᠦ ᠪᠠᠶᠢᠨ᠎ᠠ ᠂ ᠬᠤᠶᠠᠷ | ᠲᠠᠯ᠎ᠠ ᠪᠠᠷ ᠢᠶᠠᠨ ᠠᠳᠠᠯᠢ ᠪᠤᠰᠤ ᠵᠠᠮ ᠢᠶᠠᠷ ᠵᠠᠮᠨᠠᠵᠤ ᠪᠠᠶᠢᠨ᠎ᠠ ᠃ ᠡᠶᠢᠮᠦ ᠠᠳᠠᠯᠢ ᠪᠤᠰᠤ ᠪᠠᠶᠢᠳᠠᠯ ᠥᠨᠥᠳᠥᠷ ᠰᠠᠶ᠋ᠢ ᠣᠷᠣᠰᠢᠵᠤ ᠪᠠᠶᠢᠭ᠎ᠠ ᠪᠢᠰᠢ ᠂ ᠬᠤᠶᠢᠰᠢᠳᠠ ᠪᠠᠰᠠ | ᠦᠷᠭᠦᠯᠵᠢᠯᠡᠨ ᠣᠷᠣᠰᠢᠬᠤ ᠪᠣᠯᠣᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ | 14 ᠳ᠋ᠦᠩᠰᠢᠭᠤᠷ ᠠᠷᠠᠳ ᠲᠦᠮᠡᠨ ᠤ ᠬᠦᠷᠢᠶᠡᠯᠡᠯ ᠪᠠ ᠳᠡᠮᠵᠢᠯᠭᠡ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ ᠬᠥᠭᠵᠢᠯᠲᠡ ᠪᠠ ᠲᠣᠭᠲᠠᠭᠤᠨ | ᠪᠠᠶᠢᠳᠠᠯ ᠤᠨ ᠦᠨᠳᠦᠰᠦᠨ ᠪᠠᠲᠤᠯᠠᠭ᠎ᠠ ᠮᠥᠨ ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠳᠠᠬᠢ ᠮᠠᠰᠢ ᠴᠢᠬᠤᠯᠠ ᠨᠢᠭᠡ ᠵᠤᠷᠪᠤᠰ ᠪᠣᠯ ᠳᠠᠷᠤᠢ ᠡᠨᠡ ᠬᠦ ᠠᠳᠠᠯᠢ | ᠪᠤᠰᠤ ᠶᠢ ᠮᠡᠳᠡᠷᠡᠵᠦ ᠂ ᠡᠨᠡ ᠬᠦ ᠠᠳᠠᠯᠢ ᠪᠤᠰᠤ ᠶᠢ ᠭᠦᠨᠳᠦᠳᠭᠡᠵᠤ ᠂ ᠬᠠᠷᠢᠨ ᠨᠢᠭᠡ ᠯᠡ ᠠᠳᠠᠯᠢ ᠪᠤᠯᠭᠠᠬᠤ ᠪᠠᠷ ᠠᠯᠪᠠᠳᠠᠵᠤ ᠂ ᠴᠢᠨᠠᠭᠰᠢᠯᠠᠪᠠᠯ ᠨᠦᠭᠦᠭᠡ | ᠡᠲᠡᠭᠡᠳ ᠤᠨ ᠢᠶᠠᠨ ᠪᠠᠶᠢᠭᠤᠯᠤᠯ ᠢ ᠬᠤᠪᠢᠷᠠᠭᠤᠯᠬᠤ ᠪᠤᠶᠤ ᠨᠤᠷᠠᠭᠠᠬᠤ ᠪᠠᠷ ᠤᠷᠤᠯᠳᠤᠬᠤ ᠶᠠᠪᠤᠳᠠᠯ ᠪᠢᠰᠢ ᠶᠤᠮ ᠃ ᠠᠮᠧᠷᠢᠺᠠ ᠶᠢᠨ ᠬᠢᠨ ᠬᠤᠯᠪᠣᠭᠳᠠᠯ ᠪᠦᠬᠦᠢ | ᠠᠮᠠᠯᠠᠯᠲᠠ ᠪᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠂ ᠬᠠᠷᠢᠨ ᠭᠡᠯᠡᠭᠦ ᠨᠢ ᠨᠢᠭᠡ ᠶᠠᠩᠵᠤ ᠬᠢᠬᠦ ᠨᠢ ᠪᠠᠰᠠ ᠨᠢᠭᠡ ᠶᠠᠩᠵᠤ ᠪᠠᠶᠢᠵᠤ ᠪᠤᠯᠬᠤ ᠦᠭᠡᠢ ᠶᠤᠮ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ ᠂ ᠨᠡᠶᠢᠭᠡᠮ ᠤᠨ ᠪᠠᠶᠢᠭᠤᠯᠤᠯ ᠂ ᠬᠥᠭᠵᠢᠯᠲᠡ ᠶᠢᠨ ᠵᠠᠮ ᠠᠳᠠᠯᠢ ᠪᠤᠰᠤ ᠬᠤᠶᠠᠷ ᠲᠣᠮᠣ ᠤᠯᠤᠰ | ᠪᠣᠯᠣᠨ᠎ᠠ ᠂ ᠥᠩᠭᠡᠷᠡᠭᠰᠡᠨ ᠪᠠ ᠤᠳᠤ ᠵᠥᠷᠢᠶ᠎ᠡ ᠪᠠ ᠵᠥᠷᠢᠯᠳᠦᠭᠡᠨ ᠲᠠᠢ ᠂ ᠬᠤᠶᠢᠰᠢᠳᠠ ᠪᠠᠰᠠ ᠪᠠᠶᠢᠬᠤ ᠶᠤᠮ ᠂ ᠭᠡᠪᠡᠴᠦ ᠡᠨᠡ ᠨᠢ ᠳᠤᠮᠳᠠᠳᠤ ᠠᠮᠧᠷᠢᠺᠠ ᠶᠢᠨ | ᠬᠠᠷᠢᠯᠴᠠᠭᠠᠨ ᠤ ᠬᠥᠭᠵᠢᠯᠲᠡ ᠶᠢᠨ ᠬᠠᠷᠰᠢ ᠰᠠᠭᠠᠳ ᠪᠤᠯᠬᠤ ᠦᠭᠡᠢ ᠪᠠᠶᠢᠪᠠᠯ ᠵᠣᠬᠢᠨ᠎ᠠ ᠃ ᠬᠡᠵᠢᠶ᠎ᠡ ᠴᠦ ᠭᠡᠰᠡᠨ ᠳᠡᠯᠡᠬᠡᠢ ᠶᠢᠷᠲᠢᠨᠴᠦ ᠪᠦᠷ ᠥᠷᠢᠰᠦᠯᠳᠦᠭᠡᠨ ᠲᠠᠢ ᠂ | ᠭᠡᠪᠡᠴᠦ ᠥᠷᠢᠰᠦᠯᠳᠦᠭᠡᠨ ᠨᠢ ᠬᠠᠷᠢᠯᠴᠠᠨ ᠲᠣᠯᠢᠯᠠᠵᠤ ᠂ ᠴᠢᠷᠮᠠᠶᠢᠨ ᠥᠷᠢᠰᠦᠯᠳᠦᠵᠦ ᠂ ᠬᠠᠮᠲᠤ ᠪᠠᠷ ᠳᠠᠪᠰᠢᠬᠤ ᠠᠴᠠ ᠪᠢᠰᠢ ᠂ ᠬᠠᠷᠢᠨ ᠴᠢ ᠢᠯᠠᠭᠳᠠᠪᠠᠯ ᠪᠢ ᠢᠯᠠᠵᠤ ᠂ | ᠦᠬᠦᠵᠦ ᠰᠡᠭᠡᠭᠦ ᠪᠠᠨ ᠦᠵᠡᠯᠴᠡᠬᠦ ᠶᠠᠪᠤᠳᠠᠯ ᠪᠢᠰᠢ ᠪᠠᠶᠢᠪᠠᠯ ᠵᠣᠬᠢᠨ᠎ᠠ ᠃ ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠢᠷᠠᠭᠤ ᠠᠯᠳᠠᠷᠲᠤ | ᠤᠯᠠᠮᠵᠢᠯᠠᠯ ᠲᠠᠢ ᠂ ᠠᠯᠢᠪᠠ ᠳᠠᠷᠤᠯᠲᠠ ᠪᠠ ᠬᠤᠷᠢᠭᠯᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠭ ᠪᠠ ᠬᠠᠯᠠᠭᠤᠨ ᠰᠡᠳᠬᠢᠯᠭᠡ ᠶᠢ ᠬᠥᠭᠵᠢᠭᠡᠳᠡᠭ | ᠶᠤᠮ ᠃ ᠠᠷᠠᠯᠵᠢᠶᠠᠨ ᠤ ᠲᠠᠶᠢᠨ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠠᠶᠢᠨ ᠬᠢᠵᠦ ᠂ ᠵᠣᠷᠢᠭᠤᠳᠠ ︽ ᠬᠡᠷᠡᠮ ᠪᠣᠰᠬᠠᠨ ᠪᠠᠬᠢᠯᠡᠯᠲᠡ ᠪᠠᠶᠢᠭᠤᠯᠵᠤ ︾ ᠂ | ᠠᠯᠪᠠ ᠪᠠᠷ ︽ ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ ︾ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠠᠷᠴᠢᠮ ᠢ ᠪᠦᠷᠢᠮᠦᠰᠦᠨ ᠵᠥᠷᠢᠴᠡᠵᠦ ᠂ | ᠤᠯᠠᠨ ᠤᠯᠤᠰ ᠤᠨ ᠠᠷᠠᠯᠵᠢᠶᠠᠨ ᠤ ᠳᠦᠷᠢᠮ ᠢ ᠡᠪᠳᠡᠵᠦ ᠂ ᠪᠤᠰᠤᠳ ᠢ ᠬᠤᠬᠢᠷᠠᠭᠤᠯᠵᠤ ᠥᠪᠡᠷ ᠢ ᠪᠠᠨ ᠬᠤᠬᠢᠷᠠᠭᠤᠯᠬᠤ ᠯᠠ ᠲᠡᠳᠦᠢ ᠶᠤᠮ ᠃ ᠪᠢᠳᠡ ᠠᠵᠤ ᠠᠬᠤᠢ | ᠠᠷᠠᠯᠵᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠬᠦ ᠂ ᠵᠡᠪᠰᠡᠭᠵᠢᠭᠦᠯᠬᠦ ᠶᠢ ᠡᠰᠡᠷᠭᠦᠴᠡᠨ᠎ᠡ ᠃ ᠣᠳᠣᠬᠠᠨ ᠤ ᠪᠠᠶᠢᠳᠠᠯ | ᠳᠣᠣᠷ᠎ᠠ ᠂ ᠳᠤᠮᠳᠠᠳᠤ ᠠᠮᠧᠷᠢᠺᠠ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ ᠂ ᠬᠠᠷᠢᠨ ᠨᠡᠩ ᠤᠯᠠᠨ ᠪᠣᠯᠪᠠ ᠃ ᠳᠤᠮᠳᠠᠳᠤ ᠠᠮᠧᠷᠢᠺᠠ | ᠮᠥᠷᠭᠦᠯᠳᠦᠬᠦ ᠦᠭᠡᠢ ᠂ ᠡᠰᠡᠷᠭᠦᠴᠡᠯᠳᠦᠬᠦ ᠦᠭᠡᠢ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠬᠤᠶᠠᠷ ᠤᠯᠤᠰ ᠤᠨ ᠬᠠᠮᠤᠭ ᠤᠨ ᠦᠨᠳᠦᠰᠦᠨ ᠬᠠᠮᠲᠤ ᠶᠢᠨ | ᠠᠰᠢᠭ ᠲᠤᠰᠠ ᠪᠣᠯᠣᠨ᠎ᠠ ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ ᠠᠭᠤᠰᠤᠯᠴᠠᠵᠤ ᠂ ᠰᠢᠨ᠎ᠡ ᠬᠥᠭᠵᠢᠯᠲᠡ ᠶᠢᠨ ᠡᠭᠦᠷᠭᠡ ᠳᠤ | ᠲᠤᠯᠭᠠᠷᠠᠵᠤ ᠂ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠭᠦᠷᠳᠡᠭᠦ ᠴᠢᠬᠤᠯᠠᠲᠠᠢ ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠣᠯᠣᠨ᠎ᠠ ᠃ | ᠪᠦᠭᠦ ᠪᠥᠮᠪᠥᠷᠴᠡᠭ ᠤᠨ ᠠᠵᠤ ᠠᠬᠤᠢ ᠶᠢᠨ ᠬᠢᠵᠢᠭ ᠤᠨ ᠳᠠᠷᠠᠭᠠᠬᠢ ᠰᠡᠷᠭᠦᠯᠲᠡ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠂ ᠭᠠᠵᠠᠷ ᠣᠷᠣᠨ ᠤ | ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠦ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ ᠂ ᠡᠨᠡ ᠨᠢ | ᠮᠥᠨ ᠴᠦ ᠬᠠᠮᠲᠤ ᠶᠢᠨ ᠠᠰᠢᠭ ᠲᠤᠰᠠ ᠪᠤᠯᠬᠤ ᠶᠤᠮ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ | ᠠᠰᠢᠭ ᠬᠦᠷᠲᠡᠵᠦ ᠂ ᠶᠡᠭᠡ ᠲᠠᠯ᠎ᠠ ᠶᠢ ᠪᠣᠳᠣᠯᠬᠢᠯᠠᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠶᠢᠨ ᠰᠠᠶᠢᠬᠠᠨ ᠠᠭᠤᠷ ᠠᠮᠢᠰᠬᠤᠯ ᠪᠣᠯᠣᠨ ᠲᠣᠭᠲᠠᠭᠤᠨ | ᠬᠠᠷᠢᠴᠠᠭ᠎ᠠ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ ᠃ | ᠪᠠᠶᠢᠳᠧᠨ ᠂ ᠪᠢ ᠲᠡᠷᠢᠭᠦᠯᠡᠭᠴᠢ ᠰᠢ ᠶᠢᠨ ᠫᠢᠩ ᠲᠠᠢ ᠲᠠᠨᠢᠯᠴᠠᠭᠠᠳ ᠤᠯᠠᠨ ᠵᠢᠯ ᠪᠣᠯᠵᠤ ᠪᠠᠶᠢᠨ᠎ᠠ ᠂ ᠪᠠᠶᠢᠩᠭᠤ ᠶᠢᠨ ᠴᠢᠨᠠᠷᠲᠠᠢ ᠣᠯᠣᠯᠴᠠᠭ᠎ᠠ ᠪᠠᠨ ᠪᠠᠲᠤᠯᠠᠵᠤ | ᠪᠠᠶᠢᠨ᠎ᠠ ᠂ ᠭᠡᠪᠡᠴᠦ ᠶᠠᠭᠠᠬᠢᠭᠰᠠᠨ ᠴᠤ ᠨᠢᠭᠤᠷᠳᠠᠭᠰᠠᠨ ᠠᠭᠤᠯᠵᠠᠯᠲᠠ ᠶᠢ ᠣᠷᠣᠯᠠᠵᠤ ᠴᠢᠳᠠᠬᠤ ᠦᠭᠡᠢ ᠶᠤᠮ ᠃ ᠲᠠᠨ ᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠴᠢᠨᠢ ᠪᠠᠶᠠᠷ ᠬᠦᠷᠭᠡᠵᠦ ᠪᠠᠶᠢᠨ᠎ᠠ ᠃ ᠠᠮᠧᠷᠢᠺᠠ ᠳᠤᠮᠳᠠᠳᠤ ᠬᠤᠶᠠᠷ ᠲᠣᠮᠣ | ᠤᠯᠤᠰ ᠪᠣᠯᠤᠭᠰᠠᠨ ᠤ ᠬᠤᠪᠢ ᠳᠤ ᠪᠦᠲᠦᠭᠡᠯᠴᠢ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠬᠠᠷᠢᠭᠤᠴᠠᠯᠭ᠎ᠠ ᠲᠠᠢ ᠶᠤᠮ ᠃ ᠠᠮᠧᠷᠢᠺᠠ ᠶᠢᠨ ᠬᠢᠨ ᠬᠤᠶᠠᠷ ᠤᠯᠤᠰ ᠤᠨ | ᠲᠡᠷᠢᠭᠦᠨ ᠵᠢᠴᠢ ᠵᠠᠰᠠᠭ ᠤᠨ ᠣᠷᠳᠣᠨ ᠤ ᠡᠯ᠎ᠡ ᠲᠡᠰ ᠳᠠᠪᠬᠤᠷᠭ᠎ᠠ ᠶᠢᠨ ᠣᠯᠣᠯᠴᠠᠭ᠎ᠠ ᠶᠢᠨ ᠵᠠᠮ ᠢ ᠰᠠᠭᠠᠳ ᠦᠭᠡᠢ ᠨᠡᠪᠲᠡᠷᠡᠭᠦᠯᠬᠦ ᠪᠠᠷ ᠴᠢᠷᠮᠠᠶᠢᠵᠤ ᠂ ᠬᠤᠶᠠᠷ | ᠲᠠᠯ᠎ᠠ ᠶᠢᠨ ᠵᠥᠷᠢᠯᠳᠦᠭᠡᠨ ᠲᠠᠢ ᠪᠠᠶᠢᠬᠤ ᠠᠰᠠᠭᠤᠳᠠᠯ ᠤᠨ ᠲᠤᠬᠠᠢ ᠦᠨᠡᠨᠴᠢ ᠪᠠᠷ ᠶᠠᠷᠢᠯᠴᠠᠵᠤ ᠂ ᠠᠭᠤᠷ ᠠᠮᠢᠰᠬᠤᠯ ᠤᠨ ᠬᠤᠪᠢᠷᠠᠯᠲᠠ ᠂ ᠠᠮᠤ ᠪᠤᠳᠠᠭᠠᠨ ᠤ ᠠᠮᠤᠷ | ᠲᠦᠪᠰᠢᠨ ᠵᠡᠷᠭᠡ ᠴᠢᠬᠤᠯᠠ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠴᠢᠬᠤᠯᠠ ᠪᠦᠬᠦᠢ ᠬᠠᠮᠲᠤᠷᠠᠯᠴᠠᠭ᠎ᠠ ᠪᠠᠨ ᠴᠢᠩᠭᠠᠳᠬᠠᠵᠤ ᠂ | ᠵᠠᠩᠭᠢᠯᠠᠭ᠎ᠠ ᠶᠢᠨ ᠦᠢᠯᠡᠳᠦᠯ ᠦᠵᠡᠭᠦᠯᠭᠦ ᠴᠢᠬᠤᠯᠠᠲᠠᠢ ᠪᠠᠶᠢᠨ᠎ᠠ ᠃ ᠡᠨᠡ ᠨᠢ ᠠᠮᠧᠷᠢᠺᠠ ᠳᠤᠮᠳᠠᠳᠤ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ | ᠲᠦᠮᠡᠨ ᠳᠤ ᠲᠤᠶᠢᠯ ᠤᠨ ᠴᠢᠬᠤᠯᠠ ᠪᠥᠭᠡᠳ ᠪᠦᠭᠦ ᠳᠡᠯᠡᠬᠡᠢ ᠳᠤ ᠴᠦ ᠲᠤᠶᠢᠯ ᠤᠨ ᠴᠢᠬᠤᠯᠠ ᠶᠤᠮ ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ | ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ ᠠᠰᠢᠭ ᠲᠤᠰᠠ ᠳᠤ ᠨᠡᠶᠢᠴᠡᠭᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ ᠃ ᠠᠮᠧᠷᠢᠺᠠ ᠳᠤᠮᠳᠠᠳᠤ ᠤᠯᠤᠰ ᠤᠨ | ᠪᠠᠶᠢᠭᠤᠯᠤᠮᠵᠢ ᠶᠢ ᠭᠦᠨᠳᠦᠳᠭᠡᠵᠦ ᠂ ᠳᠤᠮᠳᠠᠳᠤ ᠤᠯᠤᠰ ᠤᠨ ᠪᠠᠶᠢᠭᠤᠯᠤᠯ ᠢ ᠬᠤᠪᠢᠷᠠᠭᠤᠯᠬᠤ ᠶᠢ ᠡᠷᠢᠯᠬᠢᠯᠡᠬᠦ ᠦᠭᠡᠢ ᠂ ︽ ᠰᠢᠨ᠎ᠡ ᠬᠦᠢᠲᠡᠨ ᠲᠠᠶᠢᠨ ︾ ᠢ ᠡᠷᠢᠯᠬᠢᠯᠡᠬᠦ | ᠦᠭᠡᠢ ᠂ ᠬᠤᠯᠪᠣᠭᠠᠨ ᠤ ᠬᠠᠨᠢᠲᠠᠨ ᠤ ᠬᠠᠷᠢᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ ᠂ ︽ | ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ ᠳᠡᠮᠵᠢᠭᠦ ᠦᠭᠡᠢ ᠂ ︽ ᠬᠤᠶᠠᠷ ᠳᠤᠮᠳᠠᠳᠤ ᠤᠯᠤᠰ ︾ ᠂ ︽ ᠨᠢᠭᠡ ᠳᠤᠮᠳᠠᠳᠤ ᠤᠯᠤᠰ ᠨᠢᠭᠡ ᠲᠠᠶᠢᠸᠠᠨ ︾ ᠢ ᠴᠤ | ᠳᠡᠮᠵᠢᠭᠦ ᠦᠭᠡᠢ ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠭᠦ ᠰᠠᠨᠠᠭ᠎ᠠ ᠦᠭᠡᠢ ᠃ ᠠᠮᠧᠷᠢᠺᠠ ᠶᠢᠨ ᠬᠢᠨ ᠴᠦ ᠳᠤᠮᠳᠠᠳᠤ ᠤᠯᠤᠰ ᠲᠠᠢ ︽ ᠬᠠᠷᠢᠯᠴᠠᠭ᠎ᠠ ᠪᠠᠨ | ᠲᠠᠰᠤᠯᠬᠤ ︾ ᠰᠠᠨᠠᠭ᠎ᠠ ᠦᠭᠡᠢ ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠠᠷᠰᠢᠯᠠᠬᠤ ᠰᠠᠨᠠᠭ᠎ᠠ ᠦᠭᠡᠢ ᠂ ᠳᠤᠮᠳᠠᠳᠤ ᠤᠯᠤᠰ ᠢ ᠪᠦᠰᠡᠯᠡᠵᠦ | ᠬᠤᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ ᠃ | ᠪᠠᠶᠢᠳᠧᠨ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠬᠡᠷᠬᠢᠨ ᠭᠦᠭᠵᠢᠭᠦ ᠨᠢ ᠢᠷᠡᠭᠡᠳᠦᠢ ᠶᠢᠨ ᠳᠡᠯᠡᠬᠡᠢ ᠳ᠋ᠠᠬᠢᠨ ᠳᠤ ᠲᠤᠶᠢᠯ ᠤᠨ ᠴᠢᠬᠤᠯᠠ ᠶᠤᠮ ᠃ ᠠᠮᠧᠷᠢᠺᠠ | ᠳᠤᠮᠳᠠᠳᠤ ᠬᠤᠶᠠᠷ ᠲᠠᠯ᠎ᠠ ᠪᠠᠷ ᠢᠶᠠᠨ ᠂ ᠠᠮᠧᠷᠢᠺᠠ ᠳᠤᠮᠳᠠᠳᠤ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠤᠶᠤ | ᠬᠤᠷᠴᠠ ᠰᠢᠷᠦᠭᠦᠨ ᠥᠷᠢᠰᠦᠯᠳᠦᠭᠡᠨ ᠠᠴᠠ ᠪᠣᠯᠵᠤ ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ ᠠᠴᠠ ᠵᠠᠶᠢᠯᠠᠰᠬᠢᠬᠦ ᠪᠠ ᠰᠡᠷᠭᠡᠶᠢᠯᠡᠵᠦ ᠴᠢᠳᠠᠬᠤ ᠶᠢ | ᠳᠡᠯᠡᠬᠡᠢ ᠳ᠋ᠠᠬᠢᠨ ᠳᠤ ᠦᠵᠡᠭᠦᠯᠭᠦ ᠬᠠᠮᠲᠤ ᠶᠢᠨ ᠬᠠᠷᠢᠭᠤᠴᠠᠯᠭ᠎ᠠ ᠲᠠᠢ ᠶᠤᠮ ᠃ ᠠᠮᠧᠷᠢᠺᠠ ᠶᠢᠨ ᠬᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠵᠢᠯᠤᠭᠤᠳᠬᠤ | ᠵᠠᠷᠴᠢᠮ ᠢ ᠲᠣᠭᠲᠠᠭᠠᠪᠠᠯ ᠵᠣᠬᠢᠬᠤ ᠶᠢ ᠵᠥᠪᠰᠢᠶᠡᠷᠡᠵᠦ ᠪᠠᠶᠢᠨ᠎ᠠ ᠂ ᠬᠤᠶᠠᠷ ᠲᠠᠯ᠎ᠠ ᠶᠢᠨ ᠪᠦᠯᠭᠦᠮ ᠤᠤᠯ ᠤᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ | ᠦᠷᠭᠦᠯᠵᠢᠯᠡᠨ ᠶᠠᠷᠢᠯᠴᠠᠵᠤ ᠂ ᠡᠷᠲᠡᠬᠡᠨ ᠰᠠᠨᠠᠯ ᠨᠢᠭᠡᠳᠭᠦ ᠪᠠᠷ ᠴᠢᠷᠮᠠᠶᠢᠪᠠᠯ ᠵᠣᠬᠢᠨ᠎ᠠ ᠃ ᠠᠮᠧᠷᠢᠺᠠ ᠶᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠲᠠᠶᠢᠸᠠᠨ ᠤ ᠠᠰᠠᠭᠤᠳᠠᠯ ᠢᠶᠠᠷ ᠪᠠᠭᠠᠵᠢ ᠪᠣᠯᠭᠠᠨ ᠳᠤᠮᠳᠠᠳᠤ ᠤᠯᠤᠰ ᠢ ᠬᠤᠷᠢᠭᠯᠠᠬᠤ ᠶᠢ ᠡᠷᠢᠯᠬᠢᠯᠡᠬᠦ ᠦᠭᠡᠢ ᠂ | ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠣᠯᠵᠤ ᠬᠠᠷᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭᠠᠨ ᠤ ᠪᠦᠯᠭᠦᠮ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ ᠂ | ᠪᠠᠶᠢᠩᠭᠤ ᠶᠢᠨ ᠴᠢᠨᠠᠷᠲᠠᠢ ᠵᠥᠪᠳᠡᠯᠴᠡᠭᠡ ᠬᠢᠬᠦ ᠶᠢ ᠵᠥᠪᠰᠢᠶᠡᠷᠡᠪᠡ ᠃ ᠬᠤᠶᠠᠷ ᠤᠯᠤᠰ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠦᠯᠭᠦᠮ ᠤᠨ ᠬᠢᠨ ᠬᠤᠷᠸ᠎ᠠ | ᠠᠵᠤ ᠠᠬᠤᠢ ᠶᠢᠨ ᠲᠦᠷᠦ ᠶᠢᠨ ᠪᠣᠳᠣᠯᠭ᠎ᠠ ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ ᠤᠨ ᠲᠤᠬᠠᠢ ᠶᠠᠷᠢᠯᠴᠠᠭ᠎ᠠ ᠵᠣᠬᠢᠴᠠᠭᠤᠯᠭ᠎ᠠ ᠬᠢᠬᠦ ᠶᠢ ᠵᠥᠪᠰᠢᠶᠡᠷᠡᠪᠡ ᠃ ︽ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ ︾ ᠶᠢᠨ ᠬᠤᠷᠢᠨ ᠳᠣᠯᠣᠳᠤᠭᠠᠷ | ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠤᠨ ᠠᠮᠵᠢᠯᠲᠠ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠬᠤ ᠶᠢ ᠵᠥᠪᠰᠢᠶᠡᠷᠡᠪᠡ ᠃ ᠬᠤᠶᠠᠷ ᠲᠠᠯ᠎ᠠ ᠪᠠᠷ ᠢᠶᠠᠨ | ᠬᠤᠶᠠᠷ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠬᠥᠳᠡᠭᠡ ᠠᠵᠤ ᠠᠬᠤᠢ ᠪᠣᠯᠣᠨ ᠠᠮᠤ ᠪᠤᠳᠠᠭᠠᠨ ᠤ ᠠᠮᠤᠷ ᠲᠦᠪᠰᠢᠨ ᠤ ᠶᠠᠷᠢᠯᠴᠠᠭ᠎ᠠ | ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠨᠢᠭᠡᠳᠪᠡ ᠃ ᠳᠤᠮᠳᠠᠳᠤ ᠠᠮᠧᠷᠢᠺᠠ ᠶᠢᠨ ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠰᠠᠶᠢᠲᠤᠷ ᠬᠡᠷᠡᠭᠯᠡᠵᠦ ᠂ ᠨᠡᠩ | ᠤᠯᠠᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢ ᠵᠥᠪᠰᠢᠶᠡᠷᠡᠪᠡ ᠃ ᠳᠤᠮᠳᠠᠳᠤ ᠠᠮᠧᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ | ᠲᠤᠶᠢᠯ ᠤᠨ ᠴᠢᠬᠤᠯᠠ ᠪᠠᠶᠢᠬᠤ ᠶᠢ ᠵᠥᠪᠰᠢᠶᠡᠷᠡᠵᠦ ᠂ ᠬᠤᠶᠠᠷ ᠤᠯᠤᠰ ᠤᠨ ᠡᠯ᠎ᠡ ᠬᠦᠷᠢᠶᠡᠨ ᠤ ᠬᠥᠮᠥᠰ ᠤᠨ ᠶᠠᠪᠤᠯᠴᠠᠭ᠎ᠠ ᠶᠢ ᠥᠷᠭᠡᠳᠬᠡᠬᠦ ᠶᠢ ᠵᠣᠷᠢᠭᠵᠢᠭᠤᠯᠪᠠ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ ᠰᠢ ᠶᠢᠨ ᠫᠢᠩ ᠂ ᠳᠤᠮᠳᠠᠳᠤ | ᠤᠯᠤᠰ ᠣᠳᠣᠬᠠᠨ ᠤ ᠦᠺᠷᠠᠶᠢᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ ᠃ ᠬᠢᠮᠤᠷᠠᠯ ᠡᠭᠦᠰᠦᠭᠰᠡᠨ ᠤ ᠲᠠᠷᠠᠭ᠎ᠠ ᠂ ᠪᠢ ︽ ᠲᠦᠷᠪᠡᠨ ᠡᠷᠬᠡᠪᠰᠢ ︾ | ᠶᠢ ᠳᠤᠷᠠᠳᠤᠭᠰᠠᠨ ᠪᠥᠭᠡᠳ ᠲᠦᠷᠦᠭᠦᠬᠡᠨ ᠪᠠᠰᠠ ︽ ᠲᠦᠷᠪᠡᠨ ᠬᠠᠮᠲᠤ ᠪᠠᠷ ︾ ᠢ ᠳᠤᠷᠠᠳᠤᠭᠰᠠᠨ ᠶᠤᠮ ᠃ ᠦᠺᠷᠠᠶᠢᠨ ᠤ ᠬᠢᠮᠤᠷᠠᠯ ᠮᠡᠲᠦ ᠶᠢᠨ ᠪᠦᠭᠦ | ᠪᠥᠮᠪᠥᠷᠴᠡᠭ ᠤᠨ ᠴᠢᠨᠠᠷᠲᠠᠢ ᠂ ᠨᠡᠶᠢᠯᠡᠮᠡᠯ ᠴᠢᠨᠠᠷᠲᠠᠢ ᠬᠢᠮᠤᠷᠠᠯ ᠤᠨ ᠡᠮᠦᠨ᠎ᠡ ᠂ ᠡᠶᠢᠮᠦ ᠬᠡᠳᠦᠨ ᠵᠦᠢᠯ ᠢ ᠬᠢᠨᠠᠮᠠᠭᠠᠢ ᠪᠣᠳᠣᠯᠬᠢᠯᠠᠭᠤᠰᠢᠲᠠᠢ ᠪᠠᠶᠢᠨ᠎ᠠ ᠄ ᠨᠢᠭᠡ ᠳᠤ ᠂ | ᠮᠥᠷᠭᠦᠯᠳᠦᠭᠡᠨ ᠳᠠᠶᠢᠨ ᠳᠤ ᠢᠯᠠᠭᠴᠢ ᠦᠭᠡᠢ ᠶᠤᠮ; ᠬᠤᠶᠠᠷ ᠲᠤ ᠂ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠳᠤ ᠳᠥᠭᠦᠮ ᠠᠷᠭ᠎ᠠ ᠪᠠᠶᠢᠬᠤ ᠦᠭᠡᠢ ; | ᠭᠤᠷᠪᠠ ᠳᠤ ᠂ ᠲᠣᠮᠣ ᠤᠯᠤᠰ ᠤᠳ ᠤᠨ ᠡᠰᠡᠷᠭᠦᠴᠡᠯᠳᠦᠯ ᠡᠭᠦᠰᠭᠦ ᠠᠴᠠ ᠡᠷᠬᠡᠪᠰᠢ ᠵᠠᠶᠢᠯᠠᠰᠬᠢᠬᠦ ᠬᠡᠷᠡᠭᠲᠡᠢ ᠃ ᠳᠤᠮᠳᠠᠳᠤ ᠤᠯᠤᠰ ᠢᠮᠠᠭᠲᠠ ᠡᠩᠬᠡ ᠲᠠᠶᠢᠪᠤᠩ ᠤᠨ | ᠲᠠᠯ᠎ᠠ ᠳᠤ ᠵᠣᠭᠰᠣᠵᠤ ᠂ ᠦᠷᠭᠦᠯᠵᠢᠯᠡᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠤᠨ᠎ᠠ ᠂ ᠤᠷᠤᠰ ᠦᠺᠷᠠᠶᠢᠨ ᠬᠤᠶᠠᠷ ᠲᠠᠯ᠎ᠠ ᠶᠢᠨ ᠨᠠᠶᠢᠷᠠᠮᠳᠠᠯ ᠤᠨ | ᠬᠡᠯᠡᠯᠴᠡᠭᠡ ᠪᠠᠨ ᠰᠡᠷᠭᠦᠭᠡᠬᠦ ᠶᠢ ᠳᠡᠮᠵᠢᠭᠦ ᠶᠢᠨ ᠬᠠᠮᠲᠤ ᠠᠮᠧᠷᠢᠺᠠ ᠂ ᠤᠮᠠᠷᠠᠲᠤ ᠠᠲᠯᠠᠨᠲ ᠲᠠᠯᠠᠢ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ ᠂ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠬᠢᠨ ᠤᠷᠤᠰ ᠯᠤᠭ᠎ᠠ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠬᠤᠶᠠᠷ ᠤᠯᠤᠰ ᠤᠨ ᠲᠡᠷᠢᠭᠦᠨ ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠶᠤᠮ ᠭᠡᠵᠦ ᠦᠵᠡᠵᠦ ᠂ ᠬᠤᠶᠠᠷ | ᠤᠯᠤᠰ ᠤᠨ ᠠᠵᠢᠯ ᠤᠨ ᠪᠦᠯᠭᠦᠮ ᠢ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠴᠠᠭ ᠲᠤᠬᠠᠢ ᠳᠤᠨᠢ ᠲᠠᠭᠠᠨ | ᠨᠠᠶᠢᠳᠠᠪᠤᠷᠢᠵᠢᠭᠤᠯᠵᠤ ᠂ ᠦᠨᠡᠨ ᠪᠣᠳᠠᠲᠠᠢ ᠠᠵᠢᠯᠯᠠᠭ᠎ᠠ ᠠᠪᠴᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠭᠲᠠᠭᠤᠨ ᠬᠥᠭᠵᠢᠯᠲᠡ ᠶᠢᠨ ᠵᠠᠮ ᠳᠠᠭᠠᠨ ᠲᠠᠭᠢᠨ | ᠪᠤᠴᠠᠬᠤ ᠶᠢ ᠠᠬᠢᠭᠤᠯᠬᠤ ᠪᠠᠷ ᠱᠠᠭᠠᠷᠳᠠᠪᠠ ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ | ᠵᠥᠪᠰᠢᠶᠡᠷᠡᠪᠡ ᠃ | ᠳ᠋ᠢᠩ ᠰᠢᠤᠸᠠᠢ ᠰᠢᠶᠠᠩ ᠂ ᠸᠠᠩ ᠢ ᠂ ᠾᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ ᠃ | |